ᠬᠤᠶᠠᠷᠬᠤᠳᠳᠤᠭ ᠤᠨ ᠬᠦᠳᠡᠭᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 40 ᠭᠠᠷᠤᠢ ᠲᠦᠮᠡᠨ ᠲᠥᠭᠦᠷᠢᠭ ᠤᠨ ᠰᠢᠷᠢᠰ ᠬᠤᠯᠠᠭᠠᠢ ᠶᠢᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2024/9/11
    2024 ᠣᠨ ᠤ 7 ᠰᠠᠷ᠎ᠠ ᠶᠢᠨ 15 ᠤ ᠡᠳᠦᠷ᠂ ᠨᠢᠭᠡᠨ ᠠᠵᠤ ᠠᠬᠤᠶᠢᠯᠠᠯ ᠠᠴᠠ ᠨᠢᠬᠡ ᠠᠵᠢᠯᠳᠠᠨ ᠨᠢ ᠠᠵᠢᠯ ᠤᠨ ᠳᠥᠭᠦᠮ ᠨᠦᠬᠦᠴᠡᠯ ᠢᠶᠠᠨ ᠠᠰᠢᠭᠯᠠᠨ᠂ ᠬᠠᠭᠠᠰ ᠴᠢᠷᠦᠭᠦᠯ ᠲᠡᠷᠭᠡᠨ ᠤ ᠵᠢᠯᠣᠭᠤᠴᠢ ᠲᠠᠢ ᠰᠦᠯᠪᠡᠬᠡᠯᠡᠵᠤ ᠠᠵᠤ ᠠᠬᠤᠶᠢᠯᠠᠯ ᠤᠨ ᠡᠳ᠋ ᠪᠠᠷᠠᠭ᠎ᠠ ᠶᠢ ᠬᠤᠯᠠᠭᠠᠶᠢᠯᠠᠭᠰᠠᠨ ᠬᠡᠵᠤ ᠰᠡᠵᠢᠭᠯᠡᠨ ᠬᠤᠶᠠᠷᠬᠤᠳᠳᠤᠭ ᠤᠨ ᠬᠦᠳᠡᠭᠡ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠬᠡᠷᠡᠭ ᠮᠡᠳᠡᠬᠦᠯᠵᠡᠢ᠃    ᠬᠡᠷᠡᠭ ᠤᠨ ᠮᠡᠳᠡᠬᠦᠯᠦᠯᠳᠡ ᠶᠢ ᠤᠯᠤᠭᠰᠠᠨ ᠤ ᠳᠠᠷᠠᠭ᠎ᠠ᠂ ᠬᠤᠶᠠᠷᠬᠤᠳᠳᠤᠭ ᠤᠨ ᠬᠦᠳᠡᠭᠡ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠴᠠᠭᠳᠠᠭ᠎ᠠ ᠶᠢᠨ ᠬᠦᠴᠦᠨ ᠢᠶᠠᠨ ᠵᠣᠬᠢᠶᠠᠨ ᠪᠠᠶᠢᠭᠤᠯᠤᠨ᠂ ᠲᠤᠬᠠᠢ ᠶᠢᠨ ᠲᠠᠯᠠᠪᠤᠷ ᠤᠨ ᠬᠠᠶᠢᠨ ᠪᠠᠶᠢᠴᠠᠭᠠᠯᠲᠠ ᠪᠠ ᠭᠠᠳᠠᠭᠤᠷᠬᠢ ᠪᠠᠶᠢᠴᠠᠭᠠᠯᠲᠠ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠪᠡ᠃ ᠲᠤᠷᠰᠢᠯᠭ᠎ᠠ ᠶᠢ ᠦᠨᠳᠦᠰᠦᠯᠡᠪᠡᠯ᠂ ᠲᠤᠰ ᠬᠡᠷᠡᠭ ᠨᠢ ︽ᠳᠣᠲᠣᠷ᠎ᠠ ᠭᠠᠳᠠᠨ᠎ᠠ ᠠᠴᠠ ᠬᠠᠮᠵᠢᠭᠰᠠᠨ︾ ᠬᠡᠷᠡᠭ ᠤᠨ ᠠᠷᠭ᠎ᠠ ᠪᠠᠷᠢᠯ ᠳᠤ ᠳᠣᠭᠠᠴᠢᠭᠳᠠᠨ᠎ᠠ᠃ ᠲᠤᠰᠬᠠᠢ ᠬᠡᠷᠡᠭ ᠤᠨ ᠳᠤᠭᠤᠶᠢᠯᠠᠩ ᠤᠨ ᠴᠠᠭᠳᠠᠭ᠎ᠠ ᠶᠢᠨ ᠶᠡᠭᠡ ᠬᠡᠮᠵᠢᠶᠡᠨ ᠤ ᠪᠠᠶᠢᠴᠠᠭᠠᠯᠲᠠ ᠬᠢᠵᠦ᠂ ᠭᠡᠷᠡᠴᠢ ᠠᠪᠬᠤ᠂ ᠰᠤᠷᠪᠤᠯᠵᠢᠯᠠᠨ ᠵᠢᠭᠰᠠᠭᠠᠨ ᠪᠠᠶᠢᠴᠠᠭᠠᠬᠤ ᠵᠡᠷᠭᠡ ᠠᠵᠢᠯ ᠢᠶᠠᠷ ᠳᠠᠮᠵᠢᠭᠤᠯᠤᠨ᠂ ᠪᠠᠷᠠᠭᠠᠨ ᠤ ᠲᠡᠷᠭᠡ ᠶᠢᠨ ᠵᠢᠯᠣᠭᠤᠴᠢ ᠸᠠᠩ ᠣᠪᠣᠭᠲᠤ ᠶᠢ ᠲᠦᠷᠭᠡᠨ ᠢᠶᠠᠷ ᠪᠠᠶᠢᠴᠠᠭᠠᠨ ᠲᠣᠳᠣᠯᠠᠪᠠ᠃ ᠴᠠᠭᠳᠠᠭ᠎ᠠ ᠠᠴᠠ ᠶᠠᠯ᠎ᠠ ᠬᠢᠭᠰᠡᠨ ᠰᠡᠵᠢᠭᠲᠡᠨ ᠸᠠᠩ ᠣᠪᠣᠭᠲᠤ ᠶᠢᠨ ᠡᠯ᠎ᠡ ᠵᠦᠢᠯ ᠤᠨ ᠮᠡᠳᠡᠭᠡ ᠵᠠᠩᠭᠢ ᠳᠤ ᠭᠦᠨᠵᠡᠭᠡᠢ ᠵᠠᠳᠠᠯᠤᠯᠲᠠ ᠬᠢᠵᠦ᠂ ᠪᠤᠰᠤᠳ ᠬᠤᠶᠠᠷ ᠶᠠᠯ᠎ᠠ ᠬᠢᠭᠰᠡᠨ ᠰᠡᠵᠢᠭᠲᠡᠨ ᠯᠢ ᠣᠪᠣᠭᠲᠤ᠂ ᠳ᠋ᠢ ᠣᠪᠣᠭᠲᠤ ᠶᠢ ᠰᠤᠳᠤᠯᠤᠨ ᠮᠠᠭᠠᠳᠯᠠᠭᠰᠠᠨ ᠪᠥᠭᠡᠳ ᠭᠡᠷᠡᠴᠢ ᠪᠠᠷᠢᠮᠲᠠ ᠶᠢ ᠶᠡᠷᠦᠩᠬᠡᠶᠢᠯᠡᠨ ᠡᠵᠡᠮᠰᠢᠭᠡᠳ᠂ ᠶᠠᠯ᠎ᠠ ᠬᠢᠭᠰᠡᠨ ᠰᠡᠵᠢᠭᠲᠡᠨ ᠸᠠᠩ ᠣᠪᠣᠭᠲᠤ᠂ ᠯᠢ ᠣᠪᠣᠭᠲᠤ᠂ ᠳ᠋ᠢ ᠣᠪᠣᠭᠲᠤ ᠬᠠᠮᠲᠤᠷᠠᠨ ᠠᠵᠤ ᠠᠬᠤᠶᠢᠯᠠᠯ ᠤᠨ ᠡᠳ᠋ ᠪᠠᠷᠠᠭ᠎ᠠ ᠶᠢ ᠨᠡᠶᠢᠲᠡ 13 ᠤᠳᠠᠭ᠎ᠠ ᠬᠤᠯᠠᠭᠠᠶᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 40 ᠭᠠᠷᠤᠢ ᠲᠦᠮᠡᠨ ᠲᠥᠭᠦᠷᠢᠭ ᠲᠤ ᠬᠦᠷᠦᠭᠰᠡᠨ ᠢ ᠣᠯᠵᠤ ᠮᠠᠲᠠᠵᠠᠢ᠃ ᠲᠤᠰᠬᠠᠢ ᠬᠡᠷᠡᠭ ᠤᠨ ᠳᠤᠭᠤᠶᠢᠯᠠᠩ ᠤᠨ ᠴᠠᠭᠳᠠᠭ᠎ᠠ ᠨᠢᠩᠰᠢᠶᠠ ᠵᠡᠷᠭᠡ ᠭᠠᠵᠠᠷ ᠲᠤ ᠪᠦᠭᠬᠦᠨ ᠬᠡᠳᠡᠬᠦ ᠪᠠᠷ ᠳᠠᠮᠵᠢᠨ᠂ 9 ᠰᠠᠷ᠎ᠠ ᠶᠢᠨ 6 ᠤ ᠡᠳᠦᠷ᠂ ᠭᠤᠷᠪᠠᠨ ᠶᠠᠯ᠎ᠠ ᠬᠢᠭᠰᠡᠨ ᠰᠡᠵᠢᠭᠲᠡᠨ ᠢ ᠪᠦᠬᠦᠨ ᠢ ᠪᠠᠷᠢᠪᠴᠢᠯᠠᠪᠠ᠃    ᠬᠡᠷᠡᠭ ᠰᠢᠢᠳᠪᠦᠷᠢᠯᠡᠬᠦ ᠴᠠᠭᠳᠠᠭ᠎ᠠ ᠣᠯᠠᠨ ᠤᠳᠠᠭ᠎ᠠ ᠭᠠᠳᠠᠷ ᠮᠤᠵᠢ ᠳᠤ ᠬᠦᠷᠴᠦ ᠪᠠᠶᠢᠴᠠᠭᠠᠭᠰᠠᠨ ᠲᠡᠮᠦᠷ ᠮᠡᠲᠦ ᠪᠠᠲᠤ ᠭᠡᠷᠡᠴᠢ ᠶᠢᠨ ᠡᠮᠦᠨ᠎ᠡ᠂ ᠶᠠᠯ᠎ᠠ ᠬᠢᠭᠰᠡᠨ ᠭᠤᠷᠪᠠᠨ ᠰᠡᠵᠢᠭᠲᠡᠨ ᠠᠵᠤ ᠠᠬᠤᠶᠢᠯᠠᠯ ᠤᠨ 40 ᠭᠠᠷᠤᠢ ᠲᠦᠮᠡᠨ ᠲᠥᠭᠦᠷᠢᠭ ᠤᠨ ᠬᠡᠦᠷᠰᠢᠬᠦᠯᠦᠭᠰᠡᠨ ᠨᠡᠬᠦᠷᠡᠰᠦ ᠶᠢ ᠬᠤᠯᠠᠭᠠᠶᠢᠯᠠᠭᠰᠠᠨ ᠶᠠᠯ᠎ᠠ ᠪᠠᠨ ᠨᠢᠭᠤᠯ ᠦᠭᠡᠢ ᠥᠴᠢᠭᠯᠡᠨ ᠮᠡᠳᠡᠷᠡᠵᠡᠢ᠃ ᠬᠤᠶᠠᠷᠬᠤᠳᠳᠤᠭ ᠤᠨ ᠬᠦᠳᠡᠭᠡ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢᠭᠡᠨᠲᠡ ᠭᠤᠷᠪᠠᠨ ᠶᠠᠯ᠎ᠠ ᠬᠢᠭᠰᠡᠨ ᠰᠡᠵᠢᠭᠲᠡᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠥᠭᠡᠳ ᠬᠡᠰᠡᠭ ᠬᠤᠯᠠᠭᠠᠶᠢᠯᠠᠭᠳᠠᠭᠰᠠᠨ ᠡᠳ᠋ ᠪᠠᠷᠠᠭ᠎ᠠ ᠵᠢᠴᠢ ᠬᠡᠷᠡᠭ ᠲᠤ ᠬᠤᠯᠪᠣᠭᠳᠠᠭᠰᠠᠨ ᠲᠡᠷᠭᠡ ᠬᠥᠰᠭᠡ ᠶᠢ ᠬᠤᠷᠢᠶᠠᠨ ᠠᠪᠴᠠᠢ᠃ ᠣᠳᠣᠬᠠᠨ ᠳᠤ ᠶᠠᠭ ᠪᠤᠵᠠᠷ ᠡᠳ᠋ ᠢ ᠨᠡᠬᠡᠮᠵᠢᠯᠡᠨ ᠬᠤᠬᠢᠷᠠᠯ ᠢ ᠰᠢᠢᠳᠪᠦᠷᠢᠯᠡᠬᠦ ᠪᠠ ᠳᠡᠩᠨᠡᠨ ᠪᠠᠶᠢᠴᠠᠭᠠᠬᠤ ᠠᠵᠢᠯ ᠢ ᠦᠷᠬᠦᠯᠵᠢᠯᠡᠬᠦᠯᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号