ᠠᠯᠠᠱᠠ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠤᠨ 6 ᠲᠥᠷᠥᠯ ᠵᠦᠢᠯ ᠢ ᠰᠢᠨ᠎ᠡ ᠪᠠᠷ ᠪᠠᠶᠢᠭᠤᠯᠦᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2024/9/11
   ᠣᠶᠢᠷ᠎ᠠ ᠳᠤ᠂ ᠠᠯᠠᠱᠠ ᠶᠢᠨ 2024 ᠣᠨ ᠳᠤ ᠪᠠᠶᠢᠭᠤᠯᠵᠤ ᠪᠠᠶᠢᠭ᠎ᠠ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠤᠨ ᠲᠥᠷᠥᠯ ᠵᠦᠢᠯ ᠤᠨ ᠳᠣᠲᠣᠷ᠎ᠠ᠂ 6 ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠣᠣᠷ ᠲᠤ ᠨᠡᠶᠢᠯᠡᠭᠦᠯᠵᠦ᠂ ᠬᠡᠪᠴᠢᠶ᠎ᠡ ᠨᠢ ᠨᠡᠶᠢᠲᠡ 2.8 ᠲᠦᠮᠡᠨ ᠺᠢᠯᠣᠸᠠᠲ ᠲᠤ ᠬᠦᠷᠴᠡᠢ᠃   ᠡᠳᠡᠬᠡᠷ ᠨᠢ ᠲᠤᠰ ᠲᠤᠰ ᠶᠠᠪᠠᠷᠠᠢ ᠪᠠᠯᠭᠠᠰᠤᠨ ᠤ 0.3 ᠲᠦᠮᠡᠨ ᠺᠢᠯᠣᠸᠠᠲ ᠤᠨ ᠲᠠᠷᠬᠠᠮᠠᠯ ᠬᠡᠯᠪᠡᠷᠢ ᠶᠢᠨ ᠭᠡᠷᠡᠯᠴᠢ ᠴᠡᠨᠡᠭ ᠤᠨ ᠲᠥᠷᠥᠯ ᠵᠦᠢᠯ᠂ ᠤᠰᠤᠲᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠡᠷᠡᠯᠴᠢ ᠴᠡᠨᠡᠭ + ᠶᠡᠷᠦᠩᠬᠡᠶᠢᠯᠡᠨ ᠵᠠᠰᠠᠬᠤ 0.6 ᠲᠦᠮᠡᠨ ᠺᠢᠯᠣᠸᠠᠲ ᠤᠨ ᠲᠥᠷᠥᠯ ᠵᠦᠢᠯ᠂ ᠤᠰᠤᠲᠠᠢ ᠪᠠᠯᠭᠠᠰᠤᠨ ᠤ ᠤᠯᠠᠭᠠᠨᠮᠤᠳᠤ ᠭᠠᠴᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠡᠷᠡᠯᠴᠢ ᠴᠡᠨᠡᠭ + ᠶᠡᠷᠦᠩᠬᠡᠶᠢᠯᠡᠨ ᠵᠠᠰᠠᠬᠤ 0.6 ᠲᠦᠮᠡᠨ ᠺᠢᠯᠣᠸᠠᠲ ᠤᠨ ᠲᠥᠷᠥᠯ ᠵᠦᠢᠯ᠂ ᠪᠠᠶᠠᠨᠮᠦ᠋ᠷᠠᠨ ᠰᠤᠮᠤ ᠶᠢᠨ ᠱᠠᠩ ᠲᠠᠨ ᠭᠠᠴᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ + ᠶᠡᠷᠦᠩᠬᠡᠶᠢᠯᠡᠨ ᠵᠠᠰᠠᠬᠤ 0.6 ᠲᠦᠮᠡᠨ ᠺᠢᠯᠣᠸᠠᠲ ᠤᠨ ᠲᠥᠷᠥᠯ ᠵᠦᠢᠯ᠂ ᠥᠪᠥᠷ ᠮᠣᠩᠭᠤᠯ ᠤᠨ ᠵᠢᠩ ᠶᠤᠸᠠᠨ ᠬᠡᠷᠡᠯᠴᠢ ᠴᠡᠨᠡᠭ ᠤᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ 0.5 ᠲᠦᠮᠡᠨ ᠺᠢᠯᠣᠸᠠᠲ ᠤᠨ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠂ ᠥᠪᠥᠷ ᠮᠣᠩᠭᠤᠯ ᠤᠨ ᠹᠧᠩ ᠦ᠋ ᠬᠠᠨ ᠬᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 0.2 ᠲᠦᠮᠡᠨ ᠺᠢᠯᠣᠸᠠᠲ ᠤᠨ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠤᠯᠤᠨ᠎ᠠ᠃   ᠲᠥᠰᠥᠭᠡᠯᠡᠨ ᠪᠤᠳᠤᠭᠰᠠᠨ ᠢᠶᠠᠷ᠂ ᠲᠠᠷᠬᠠᠮᠠᠯ ᠬᠡᠯᠪᠡᠷᠢ ᠶᠢᠨ ᠬᠡᠷᠡᠯᠴᠢ ᠴᠡᠨᠡᠭ ᠤᠨ 6 ᠲᠥᠷᠥᠯ ᠵᠦᠢᠯ ᠨᠢ ᠵᠢᠯ ᠪᠦᠷᠢ 4350 ᠲᠦᠮᠡᠨ ᠺᠢᠯᠣᠸᠠᠲ ᠤᠨ ᠴᠠᠬᠢᠯᠭᠠᠨ ᠭᠠᠷᠭᠠᠵᠤ ᠳᠡᠶᠢᠯᠬᠦ ᠦᠶᠡᠰ᠂ ᠪᠠᠷᠢᠮᠵᠢᠶᠠᠲᠤ ᠨᠡᠭᠦᠷᠡᠰᠦ ᠶᠢ ᠪᠠᠷᠤᠭ 1.29 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 3.58 ᠲᠦᠮᠡᠨ ᠲᠣᠨ ᠪᠠᠭᠠᠰᠬᠠᠨ᠂ ᠬᠦᠬᠦᠷ ᠤᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ 3.61 ᠲᠣᠨ᠂ ᠠᠽᠣᠲ ᠤᠨ ᠢᠰᠦᠮᠡᠭ ᠭᠠᠳᠠᠭᠰᠢᠯᠠᠭᠤᠯᠬᠤ ᠪᠣᠳᠠᠰ ᠢ 5.79 ᠲᠣᠨ᠂ ᠣᠲᠤᠭ᠎ᠠ ᠲᠣᠭᠤᠰᠣ ᠭᠠᠳᠠᠭᠰᠢᠯᠠᠭᠤᠯᠬᠤ ᠬᠡᠮᠵᠢᠶ᠎ᠡ ᠶᠢ 0.74 ᠲᠣᠨ ᠪᠠᠭᠠᠰᠬᠠᠵᠤ᠂ ᠣᠷᠴᠢᠨ ᠲᠣᠭᠤᠷᠢᠨ ᠢ ᠬᠠᠮᠠᠭᠠᠯᠠᠬᠤ ᠢᠯᠡᠳᠲᠡ ᠦᠷ᠎ᠡ ᠠᠰᠢᠭ ᠲᠠᠢ ᠶᠤᠮ᠃   ᠣᠲᠣ ᠪᠣᠯᠲᠠᠯ᠎ᠠ᠂ ᠠᠯᠠᠱᠠ ᠶᠢᠨ ᠨᠢᠭᠡᠨᠲᠡ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠲᠥᠷᠥᠯ ᠵᠦᠢᠯ 81 ᠪᠤᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 566.37 ᠲᠦᠮᠡᠨ ᠺᠢᠯᠣᠸᠠᠲ ᠲᠤ ᠬᠦᠷᠴᠦ᠂ ᠡᠭᠦᠨ ᠳᠤ ᠰᠠᠯᠬᠢᠨ ᠬᠦᠴᠦᠨ ᠤ ᠴᠠᠬᠢᠯᠭᠠᠨ 423.56 ᠲᠦᠮᠡᠨ ᠺᠢᠯᠣᠸᠠᠲ ᠲᠤ ᠬᠦᠷᠴᠦ᠂ ᠬᠡᠷᠡᠯᠴᠢ ᠴᠡᠨᠡᠭ ᠤᠨ ᠴᠠᠬᠢᠯᠭᠠᠨ 142.81 ᠲᠦᠮᠡᠨ ᠺᠢᠯᠣᠸᠠᠲ ᠲᠤ ᠬᠦᠷᠴᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号