︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠣᠭᠠᠷ ᠲᠣᠭᠠᠲᠤ︶᠂ ︽︿ᠣᠯᠣᠰ ᠤᠨ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠷᠢᠯᠠᠭᠤᠯᠬᠤ ᠳᠦᠯᠦᠪᠵᠢᠬᠦᠯᠬᠡ ︵2023— | 2030︶﹀ ᠶᠢ ᠳᠠᠷᠣᠮᠠᠯᠯᠠᠨ ᠳᠠᠷᠬᠠᠭᠠᠬᠤ ᠳᠣᠬᠠᠢ ᠳᠣᠮᠳᠠᠳᠣ ᠣᠯᠣᠰ ᠤᠨ ᠡᠪ ᠬᠠᠮᠳᠣ ᠨᠠᠮ ᠤᠨ ᠳᠦᠪ ᠬᠤᠷᠢᠶᠠᠨ | ᠤ ᠠᠯᠪᠠᠨ ᠳᠢᠩᠬᠢᠮ ᠳᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠳᠢᠩᠬᠢᠮ ᠤᠨ ᠮᠡᠳᠡᠭᠳᠡᠯ︾ ︵ᠳᠦᠪ ᠠᠯᠪᠠᠨ | ᠳᠠᠷᠬᠠᠭᠠᠭᠰᠠᠨ ﹇2023﹈ 40 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ︽︿ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 69 ᠳ᠋ᠦ᠋ᠭᠡᠷ | ᠲᠣᠭᠠᠲᠤ︶᠂ ︽︿ᠦᠪᠡᠷᠳᠡᠭᠡᠨ ᠵᠠᠰᠠᠬᠤ ᠣᠷᠣᠨ ᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠠᠵᠢᠯᠯᠠᠭᠠᠨ ᠤ | ᠬᠡᠷᠡᠭᠵᠢᠬᠦᠯᠬᠦ ᠳᠦᠰᠦᠯ﹀ ᠢ ᠳᠠᠷᠣᠮᠠᠯᠯᠠᠨ ᠳᠠᠷᠬᠠᠭᠠᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠠᠯᠪᠠᠨ ᠳᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ | ᠳᠠᠷᠬᠠᠭᠠᠭᠰᠠᠨ ﹇2023﹈ 70 ᠳ᠋ᠣᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠬᠤᠶᠠᠷ ᠢ ᠣᠷᠢᠳᠴᠢᠯᠠᠨ | ᠪᠡᠶᠡᠯᠡᠬᠦᠯᠬᠦ︾᠂ ︽ᠬᠤᠶᠠᠷ ᠢ ᠳᠠᠪᠠᠭᠤᠯᠬᠤ︾ ᠬᠦᠭᠵᠢᠯᠳᠡ ᠶᠢᠨ ᠬᠠᠷᠠᠯᠳᠠ ᠳᠤ ᠴᠢᠭᠯᠡᠨ᠂ ᠪᠥᠬᠦ ᠠᠶᠢᠮᠠᠭ ᠤᠨ | ᠰᠢᠨ᠎ᠡ ᠡᠨᠧᠷᠭᠢ ᠶᠢᠨ ᠡᠬᠢ ᠪᠠᠶᠠᠯᠢᠭ ᠢ ᠵᠦᠶ ᠵᠣᠬᠢᠰᠲᠠᠶ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ | ᠪᠠᠶᠢᠷᠢᠰᠢᠭᠤᠯᠤᠨ᠂ ᠰᠢᠨ᠎ᠡ ᠡᠨᠧᠷᠬᠢ ᠶᠢᠨ ᠠᠵᠦ ᠦᠢᠯᠡᠰ ᠤᠨ ᠬᠦᠭᠵᠢᠯᠳᠡ ᠶᠢ ᠠᠬᠢᠭᠤᠯᠣᠨ᠂ ᠪᠣᠬᠢᠷᠳᠣᠯ ᠦᠬᠡᠢ᠂ | ᠨᠡᠭᠦᠷᠡᠰᠦᠲᠥ᠋ᠷᠥᠭᠴᠢ ᠪᠠᠭ᠎ᠠ᠂ ᠴᠡᠪᠡᠷ ᠣᠶᠤᠨᠴᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ | ᠲᠦᠷᠬᠡᠨ ᠪᠠᠶᠢᠭᠤᠯᠵᠤ᠂ ᠠᠮᠤᠷ ᠲᠦᠪᠰᠢᠨ ᠥᠨᠳᠥᠷ ᠪᠦᠲᠦᠮᠵᠢᠲᠡᠶ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠰᠢᠨ᠎ᠡ | ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠠᠯᠠᠱᠠ | ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠵᠢᠯᠣᠭᠤᠳᠬᠤ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ | ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ︽ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ | ᠳᠠᠶᠢᠴᠢᠯᠠᠬᠤ᠂ ᠰᠢᠨ᠎ᠡ ᠡᠨᠧᠷᠭᠢ ᠶᠢᠨ ᠬᠦᠷᠢᠶᠡᠨ ᠳᠤ ᠠᠵᠤ ᠦᠢᠯᠡᠳᠪᠦᠷᠢᠵᠢᠭᠰᠡᠨ ᠥᠪᠥᠷ ᠮᠣᠩᠭᠤᠯ ᠢ ᠴᠣᠭᠴᠠᠯᠠᠬᠤ︾ | ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠳᠠᠪᠬᠤᠴᠠᠬᠤ᠂ ᠡᠬᠢ | ᠪᠠᠶᠠᠯᠢᠭ ᠡᠯᠪᠡᠭ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ᠂ ᠴᠠᠬᠢᠯᠭᠠᠨ ᠬᠦᠴᠦᠨ ᠳᠠᠮᠵᠢᠭᠤᠯᠬᠤ ᠵᠠᠢ᠂ | ᠣᠷᠣᠨ ᠪᠦᠰᠡ ᠶᠢᠨ ᠬᠠᠮᠲᠤᠷᠠᠯᠴᠠᠭ᠎ᠠ᠂ ᠠᠮᠢ ᠠᠬᠤᠢ ᠶᠢᠨ ᠦᠷ᠎ᠡ ᠠᠰᠢᠭ ︽ᠵᠢᠷᠭᠤᠭᠠᠨ ᠶᠡᠭᠡ ᠳᠠᠪᠠᠭᠤᠯᠢᠭ︾ ᠢ | ᠪᠠᠷᠢᠮᠲᠠᠯᠠᠵᠤ᠂ ︽ᠲᠤᠮᠤ ᠰᠠᠭᠤᠷᠢᠨ ᠢ ᠪᠦᠳᠦᠭᠡᠨ ᠪᠠᠶᠢᠭᠤᠯᠬᠤ᠂ ᠲᠤᠮᠤ ᠠᠵᠤ ᠦᠢᠯᠡᠰ ᠢ ᠪᠤᠶᠢᠵᠢᠭᠤᠯᠬᠤ᠂ ᠶᠡᠭᠡ | ᠬᠥᠭᠵᠢᠯᠲᠡ ᠶᠢ ᠠᠬᠢᠭᠤᠯᠬᠤ︾ ᠬᠠᠷᠠᠯᠲᠠ ᠶᠢ ᠪᠠᠷᠢᠮᠲᠠᠯᠠᠵᠤ᠂ ᠠᠮᠢ ᠠᠬᠤᠢ ᠶᠢ ᠣᠷᠢᠳᠡᠪᠡᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠪᠦᠬᠦ ᠤᠯᠤᠰ ᠤᠨ ᠴᠢᠬᠤᠯᠠ ᠡᠨᠧᠷᠭᠢ ᠪᠣᠯᠤᠨ | ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠳᠤ ᠪᠦᠬᠦ ᠬᠦᠴᠦᠨ ᠢᠶᠠᠷ ᠢᠶᠠᠨ | ᠦᠢᠯᠡᠴᠢᠯᠡᠵᠦ᠂ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠤᠮᠤ ᠰᠠᠭᠤᠷᠢᠨ ᠢ ᠴᠢᠷᠮᠠᠶᠢᠨ ᠪᠠᠶᠢᠭᠤᠯᠤᠨ᠎ᠠ᠃ | ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠᠷ ᠳᠠᠮᠵᠢᠭᠤᠯᠤᠨ᠂ ᠠᠵᠤ ᠦᠢᠯᠡᠰ ᠤᠨ | ᠰᠢᠰᠲ᠋ᠧᠮ ᠤᠨ ᠪᠦᠲᠦᠴᠡ ᠶᠢ ᠰᠢᠯᠢᠳᠡᠭᠵᠢᠭᠦᠯᠬᠦ ᠪᠠ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠢ ᠬᠥᠲᠥᠯᠥᠨ | ᠳᠠᠭᠠᠭᠤᠯᠤᠨ᠎ᠠ᠃ ︽ᠭᠤᠷᠪᠠᠨ ᠤᠮᠠᠷᠠᠲᠤ︾ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠨ᠂ ᠰᠢᠨ᠎ᠡ ᠡᠨᠧᠷᠭᠢ ᠶᠢᠨ ᠠᠵᠤ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠶ᠂ ᠬᠢᠮᠢ ᠶᠢᠨ ᠠᠵᠤ | ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠲᠦᠷᠭᠡᠨ ᠠᠭᠤᠰᠤᠯᠴᠠᠬᠤ᠂ ᠬᠤᠯᠪᠣᠭᠠᠯᠠᠨ ᠬᠥᠭᠵᠢᠬᠦ ᠶᠢ | ᠠᠬᠢᠭᠤᠯᠵᠤ᠂ ᠰᠢᠨ᠎ᠡ ᠡᠨᠧᠷᠭᠢ ᠶᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠪᠠ ᠠᠮᠢ ᠠᠬᠤᠶ ᠶᠢᠨ ᠵᠠᠰᠠᠯᠲᠠ ᠶᠢᠨ | ᠣᠯᠠᠨ ᠡᠰᠢᠵᠢᠨ ᠠᠭᠤᠰᠤᠯᠴᠠᠨ ᠬᠥᠭᠵᠢᠬᠦ ᠰᠢᠨ᠎ᠡ ᠪᠠᠶᠢᠳᠠᠯ ᠢ ᠲᠦᠷᠬᠡᠨ ᠪᠣᠶ ᠪᠣᠯᠭᠠᠵᠤ᠂ ᠬᠠᠲᠤᠨ ᠭᠤᠤᠯ ᠤᠨ ︽ | ᠳᠣᠬᠤᠢ ᠶᠢᠨ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠾᠧ ᠰᠢ ᠶᠢᠨ ᠬᠤᠩᠭᠢᠯ ᠤᠨ ᠡᠯᠡᠰᠦᠨ | ᠴᠥᠯ ᠨᠡᠶᠢᠯᠡᠬᠦ ᠶᠢ ᠬᠤᠷᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠪᠡᠷ ᠡᠨᠧᠷᠭᠢ ᠪᠠᠷ | ᠠᠯᠠᠱᠠ ᠶᠢᠨ ᠣᠨᠴᠠᠯᠢᠭ ᠲᠠᠢ ᠴᠡᠪᠡᠷ ᠡᠨᠧᠷᠭᠢ ᠶᠢᠨ ᠬᠥᠭᠵᠢᠯᠲᠡ ᠶᠢᠨ ᠵᠠᠭᠪᠤᠷ ᠪᠠ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | 1. ᠨᠢᠭᠡᠳᠦᠯᠲᠡᠶ ᠲᠥᠯᠥᠪᠯᠡᠵᠦ᠂ ᠬᠠᠮᠵᠢᠯᠴᠠᠨ ᠬᠥᠭᠵᠢᠭᠦᠯᠦᠨ᠎ᠡ᠃ ᠴᠠᠬᠢᠯᠭᠠᠨ ᠡᠭᠦᠰᠭᠡᠭᠴᠢ ᠶᠢ ᠭᠠᠳᠠᠭᠰᠢ | ᠭᠠᠷᠭᠠᠬᠤ᠂ ᠴᠠᠬᠢᠯᠭᠠᠨ ᠲᠣᠣᠷ ᠤᠨ ᠪᠦᠷᠢᠯᠳᠦᠴᠡ ᠶᠢᠨ ᠪᠦᠲᠦᠴᠡ᠂ ᠣᠯᠠᠨ ᠵᠦᠢᠯ ᠤᠨ ᠲᠣᠬᠢᠷᠠᠭᠤᠯᠬᠤ ᠴᠢᠨᠠᠷᠲᠠᠢ | ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠬᠦ | ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠡᠬᠢ ᠪᠠᠶᠠᠯᠢᠭ ᠢ ᠬᠠᠮᠤᠭ ᠤᠨ | ᠶᠡᠭᠡ ᠪᠠᠷ ᠠᠰᠢᠭᠯᠠᠬᠤ ᠪᠠ ᠬᠦᠴᠦᠨ ᠵᠦᠢᠯ ᠢ ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠶᠢ ᠪᠠᠷᠢᠮᠲᠠᠯᠠᠵᠤ᠂ | ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠ ᠲᠣᠰ ᠭᠠᠵᠠᠷ ᠤᠨ ᠪᠠᠭᠲᠠᠭᠠᠨ ᠰᠢᠩᠭᠡᠭᠡᠬᠦ ᠶᠢ ᠨᠢᠭᠡᠳᠦᠯᠲᠡᠶ | ᠲᠥᠯᠥᠪᠯᠡᠨ᠂ ᠴᠡᠪᠡᠷ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠥᠨᠳᠥᠷ ᠪᠦᠲᠦᠮᠵᠢᠲᠡᠶ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | 2. ᠳᠦᠪᠯᠡᠷᠡᠬᠦᠯᠦᠨ ᠥᠨᠳᠥᠷ ᠦᠷ᠎ᠡ ᠪᠦᠲᠦᠮᠵᠢᠲᠡᠶ ᠪᠠᠶᠢᠯᠭᠠᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠤᠨ᠎ᠠ᠃ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠴᠡᠪᠡᠷ | ᠴᠠᠬᠢᠯᠭᠠᠨ ᠬᠦᠴᠦᠨ ᠤ ᠬᠠᠩᠭᠠᠯᠭ᠎ᠠ ᠶᠢ ᠰᠢᠩᠭᠡᠭᠡᠬᠦ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠤᠯᠠᠮᠵᠢᠯᠠᠯᠲᠤ ᠠᠵᠤ ᠦᠢᠯᠡᠰ ᠤᠨ ᠴᠡᠪᠡᠷ ᠲᠡᠰᠢ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠢ ᠠᠬᠢᠭᠤᠯᠵᠤ᠂ ᠴᠡᠪᠡᠷ | ᠡᠨᠧᠷᠭᠢ ᠶᠢᠨ ᠬᠡᠪᠴᠢᠶ᠎ᠡ ᠪᠣᠯᠤᠨ ᠴᠡᠪᠡᠷ ᠴᠠᠬᠢᠯᠭᠠᠨ ᠤ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠲᠡᠷᠢᠭᠦᠨ ᠤ | ᠡᠨᠧᠷᠬᠢ ᠶᠡᠭᠡ ᠵᠠᠷᠣᠴᠠᠭᠤᠯᠬᠤ ᠠᠵᠤ ᠦᠢᠯᠡᠰ ᠤᠨ ︽ᠪᠠᠷᠠᠭᠤᠨᠰᠢ ᠳᠦᠪᠯᠡᠷᠡᠬᠦ︾ ᠶᠢ ᠠᠬᠢᠭᠤᠯᠵᠤ᠂ ᠠᠵᠤ | ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠰᠲ᠋ᠧᠮ ᠤᠨ ᠲᠡᠰ ᠳᠡᠪᠰᠢᠬᠦ ᠶᠢ ᠠᠬᠢᠭᠤᠯᠤᠨ᠎ᠠ᠃ | 3. ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠣᠯᠠᠨ ᠡᠰᠢᠵᠢᠭᠦᠯᠦᠨ ᠠᠭᠤᠰᠤᠯᠴᠠᠭᠤᠯᠤᠨ᠎ᠠ᠃ | ᠪᠣᠳᠠᠰᠯᠢᠭ ᠬᠤᠯᠪᠣᠭᠠᠲᠤ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ | ᠬᠥᠭᠵᠢᠭᠰᠡᠨ ᠮᠡᠷᠭᠡᠵᠢᠯ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ | ᠦᠢᠯᠡᠰ ᠤᠨ ᠭᠦᠨᠵᠡᠭᠡᠢ ᠠᠭᠤᠰᠤᠯᠴᠠᠯ ᠢ ᠰᠦᠪᠡᠭᠴᠢᠯᠡᠵᠦ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠪᠣᠯᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠠᠬᠢ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠠᠵᠤ ᠦᠢᠯᠡᠰ ᠤᠨ | ᠥᠷᠢᠰᠥᠯᠳᠦᠭᠡᠨ ᠤ ᠳᠠᠪᠠᠭᠤᠯᠢᠭ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠣᠭᠠᠴᠢᠯᠠᠵᠦ | ᠤᠶᠤᠨᠴᠢᠯᠠᠬᠤ ᠶᠢ ᠠᠬᠢᠭᠤᠯᠤᠨ᠎ᠠ᠃ | 4. ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠨᠡᠶᠢᠭᠡᠮ ᠤᠨ ᠬᠢᠨ ᠣᠷᠣᠯᠴᠠᠨ᠎ᠠ᠃ ᠲᠥᠷᠥ ᠶᠢᠨ | ᠪᠣᠳᠣᠯᠭ᠎ᠠ ᠶᠢᠨ ᠬᠥᠲᠥᠯᠦᠨ ᠵᠢᠯᠣᠭᠤᠳᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠨ᠎ᠡ ᠡᠨᠧᠷᠭᠢ ᠶᠢᠨ | ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠯᠠ ᠣᠷᠣᠭᠤᠯᠤᠯᠲᠠ ᠶᠢᠨ | ᠭᠤᠤᠯ ᠴᠣᠭᠴᠠ ᠳᠤ ᠡᠷᠬᠡ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ ᠬᠢᠨ ᠤ ᠵᠠᠬ᠎ᠠ ᠳᠡᠯᠭᠡᠭᠦᠷ ᠤᠨ ᠭᠤᠤᠯ | ᠴᠣᠭᠴᠠ ᠪᠣᠯᠬᠤ ᠪᠠᠶᠢᠷᠢ ᠰᠠᠭᠤᠷᠢ ᠶᠢ ᠬᠦᠨᠳᠦᠳᠬᠡᠨ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠠᠯᠠ ᠣᠷᠣᠭᠤᠯᠵᠤ ᠦᠢᠯᠡᠰ ᠴᠣᠭᠴᠠᠯᠠᠬᠤ ᠣᠷᠴᠢᠨ | ᠲᠣᠭᠤᠷᠢᠨ ᠢ ᠰᠢᠯᠢᠳᠡᠭᠵᠢᠭᠦᠯᠦᠨ᠂ ᠡᠮᠦᠨᠡᠬᠢ ᠬᠤᠭᠤᠴᠠᠭᠠᠨ ᠳᠤ ᠨᠢᠭᠡᠳᠦᠯᠲᠡᠶ ᠲᠥᠯᠥᠪᠵᠢᠭᠦᠯᠬᠦ᠂ ᠳᠤᠮᠳᠠ | ᠬᠤᠭᠤᠴᠠᠭᠠᠨ ᠳᠤ ᠬᠥᠲᠥᠯᠦᠨ ᠵᠢᠯᠣᠭᠤᠳᠴᠤ ᠠᠬᠢᠭᠤᠯᠬᠤ᠂ ᠰᠡᠭᠦᠯᠴᠢ ᠶᠢᠨ ᠬᠤᠭᠤᠴᠠᠭᠠᠨ ᠳᠤ ᠮᠥᠷᠳᠡᠨ | ᠦᠢᠯᠡᠴᠢᠯᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠢᠯᠡ | ᠲᠣᠳᠣ᠂ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠤᠶᠠᠷ᠂ ᠶᠡᠷᠦᠩᠬᠡᠶ ᠬᠠᠷᠠᠯᠲᠠ | ︵ᠨᠢᠭᠡ︶ ᠴᠡᠪᠡᠷ ᠡᠨᠧᠷᠭᠢ ᠶᠢ ᠠᠩᠬ᠎ᠠ ᠠᠯᠬᠤᠮ ᠬᠡᠪᠴᠢᠶᠡᠵᠢᠬᠦᠯᠦᠨᠡ᠃ ᠨᠥᠬᠦᠴᠡᠯ ᠪᠦᠷᠢᠳᠦᠭᠦᠯᠦᠭᠰᠡᠨ ᠴᠡᠪᠡᠷ | ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠴᠡᠪᠡᠷ ᠡᠨᠧᠷᠭᠢ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠣᠷᠣᠨ ᠤ ᠬᠡᠪᠴᠢᠶᠡᠵᠢᠨ ᠬᠥᠭᠵᠢᠬᠦ ᠶᠢ ᠠᠬᠢᠭᠤᠯᠵᠤ᠂ ︽ᠭᠤᠪᠢ ᠴᠦᠯ︾ ᠤᠨ ᠴᠡᠪᠡᠷ ᠡᠨᠧᠷᠭᠢ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ 2024 ᠣᠨ ᠳᠤ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢ ᠨᠢᠭᠡ ᠳᠠᠬᠢᠨ ᠨᠡᠮᠡᠭᠳᠡᠭᠦᠯᠵᠦ᠂ ᠬᠡᠪᠴᠢᠶ᠎ᠡ ᠶᠢ 1100 ᠲᠦᠮᠡᠨ | ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ 2025 ᠣᠨ ᠳᠤ ᠪᠥᠬᠦ ᠠᠶᠢᠮᠠᠭ ᠤᠨ ᠰᠢᠨ᠎ᠡ | ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 2500 ᠲᠦᠮᠡᠨ ᠺᠢᠯᠣᠸᠠᠲ ᠲᠤ ᠬᠦᠷᠦᠭᠦᠯᠦᠨ᠎ᠡ᠃ | ᠴᠡᠪᠡᠷ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ 80% ᠳᠤ ᠬᠦᠷᠦᠭᠦᠯᠵᠦ᠂ ᠴᠠᠬᠢᠯᠭᠠᠨ | ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ ᠢ 62% ᠲᠤ ᠬᠦᠷᠦᠭᠦᠯᠵᠦ᠂ ᠴᠡᠪᠡᠷ ᠡᠨᠧᠷᠭᠢ ᠶᠢᠨ ᠬᠡᠷᠡᠭᠯᠡᠭᠡ ᠶᠢᠨ | ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠬᠤᠶᠠᠷ︶ ᠴᠡᠪᠡᠷ ᠴᠠᠬᠢᠯᠭᠠᠨ ᠢᠶᠠᠷ ᠣᠷᠣᠯᠠᠭᠤᠯᠣᠨ ᠡᠷᠴᠢᠮᠵᠢᠭᠦᠯᠦᠨ ᠳᠦᠪᠯᠡᠷᠡᠬᠦᠯᠦᠨ᠎ᠡ᠃ ᠠᠵᠤ | ᠦᠢᠯᠡᠰ ᠤᠨ ᠳᠦᠪᠯᠡᠷᠡᠯ ᠢ ᠪᠤᠵᠠᠭᠠᠶᠢᠷᠠᠭᠤᠯᠬᠤ ᠪᠠ ᠴᠡᠪᠡᠷ ᠡᠨᠧᠷᠭᠢ ᠶᠢᠨ ᠳᠠᠯᠳᠠ ᠬᠦᠴᠦᠨ ᠢ ᠠᠭᠤᠳᠠᠯᠬᠤ ᠶᠢ | ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠤᠨ ᠤᠶᠤᠨᠴᠢᠯᠠᠯᠲᠠ᠂ ᠪᠣᠬᠢᠷᠲᠤᠯ ᠥᠬᠡᠶ᠂ | ᠠᠭᠤᠰᠤᠯᠴᠠᠬᠤ ᠶᠢ ᠠᠬᠢᠭᠤᠯᠵᠤ᠂ ᠡᠷᠬᠢᠨ ᠲᠣᠭᠤᠷᠢᠨ ᠤ ᠮᠤᠵᠢ ᠬᠤᠲᠠ ᠠᠯᠤᠰᠯᠠᠭᠰᠠᠨ ᠬᠠᠮᠲᠤᠷᠠᠯᠴᠠᠭᠠᠨ ᠤ | ᠲᠥᠷᠥᠯ ᠵᠦᠢᠯ ᠢ ᠲᠦᠷᠭᠡᠨ ᠨᠠᠶᠢᠳᠠᠪᠣᠷᠢᠵᠢᠭᠤᠯᠵᠦ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠡᠪᠡᠷ ᠴᠠᠬᠢᠯᠭᠠᠨ ᠢᠶᠠᠷ | ᠣᠷᠣᠯᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠢ ᠳᠠᠳᠠᠵᠦ ︽ᠪᠠᠷᠠᠭᠤᠨᠰᠢ ᠳᠦᠪᠯᠡᠷᠡᠬᠦᠯᠦᠨ᠎ᠡ︾᠃ | 2025 ᠣᠨ ᠪᠣᠯᠬᠤ ᠳᠤ᠂ ︽ᠲᠡᠷᠢᠭᠦᠨ ᠤ ᠡᠨᠧᠷᠭᠢ ᠶᠡᠭᠡ ᠵᠠᠷᠣᠴᠠᠭᠤᠯᠵᠦ ᠪᠣᠬᠢᠷᠳᠣᠯ ᠪᠠᠭ᠎ᠠ ᠭᠠᠳᠠᠭᠰᠢᠯᠠᠭᠤᠯᠬᠤ | ᠠᠵᠤ ᠦᠢᠯᠡᠰ ᠤᠨ ᠲᠥᠪᠯᠡᠷᠡᠭᠰᠡᠨ ᠣᠷᠣᠨ︾ ᠢ ᠯᠠᠪᠳᠠᠭᠤᠨ ᠢᠶᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠣᠷᠣᠨ | ᠪᠦᠰᠡ ᠶᠢᠨ ᠡᠨᠧᠷᠭᠢ ᠶᠢᠨ ᠬᠠᠷᠢᠯᠴᠠᠨ ᠲᠤᠰᠠᠯᠠᠯᠴᠠᠬᠤ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠣᠶ ᠪᠣᠯᠭᠠᠵᠤ᠂ | ᠪᠦᠬᠦ ᠤᠯᠤᠰ ᠤᠨ ᠴᠢᠬᠤᠯᠠ ︽ᠴᠡᠪᠡᠷ ᠴᠠᠬᠢᠯᠭᠠᠨ ᠤ ᠥᠪᠡᠷ ᠤᠨ ᠥᠷᠲᠡᠭ ᠤᠨ ᠬᠤᠲᠣᠭᠤᠷ ᠭᠠᠵᠠᠷ᠂ ᠴᠡᠪᠡᠷ | ᠡᠨᠧᠷᠭᠢ ᠶᠢᠨ ᠠᠵᠤ ᠠᠬᠤᠢ ᠶᠢᠨ ᠥᠨᠳᠦᠷᠯᠢᠭ︾ ᠢ ᠪᠠᠶᠢᠭᠤᠯᠤᠨ᠎ᠠ᠃ | ︵ᠭᠤᠷᠪᠠ︶ ᠬᠡᠷᠡᠭᠯᠡᠯᠲᠡ ᠶᠢ ᠳᠠᠶᠢᠴᠢᠯᠠᠨ ᠢᠯᠡᠷᠬᠡᠢ ᠦᠷ᠎ᠡ ᠪᠦᠲᠦᠮᠵᠢ ᠣᠯᠣᠨ᠎ᠠ᠃ 2025 ᠣᠨ ᠪᠣᠯᠬᠤ ᠳᠤ | ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠢᠯᠡᠳᠬᠦ᠂ ᠤᠰᠤᠲᠥ᠋ᠷᠥᠭᠴᠢ ᠡᠨᠧᠷᠭᠢ ᠶᠢ ᠨᠡᠭᠡᠭᠡᠨ | ᠬᠥᠭᠵᠢᠭᠦᠯᠬᠦ᠂ ᠬᠡᠷᠡᠯ ᠢᠯᠴᠢ ᠶᠢ ᠨᠡᠭᠡᠭᠡᠨ ᠬᠥᠭᠵᠢᠭᠦᠯᠬᠦ ᠪᠠ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ | ᠲᠦᠷᠭᠡᠨ ᠬᠥᠭᠵᠢᠭᠦᠯᠵᠦ᠂ ᠰᠠᠯᠬᠢ ᠬᠡᠷᠡᠯ ᠤᠨ ᠡᠨᠧᠷᠬᠢ ᠪᠠᠷ ᠭᠤᠤᠯ ᠴᠠᠬᠢᠯᠭᠠᠨ ᠡᠭᠦᠰᠭᠡᠭᠴᠢ ᠪᠣᠯᠭᠠᠵᠤ᠂ ᠤᠰᠤ | ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠪᠠᠷ ᠠᠮᠢᠳᠤᠯᠢᠭ ᠲᠣᠬᠢᠷᠠᠭᠤᠯᠬᠤ | ᠴᠠᠬᠢᠯᠭᠠᠨ ᠡᠭᠦᠰᠭᠡᠭᠴᠢ ᠪᠣᠯᠭᠠᠵᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ | ᠱᠤᠭᠤᠮ ᠢᠶᠠᠷ ᠭᠤᠤᠯ ᠠᠴᠢᠶᠠᠯᠠᠪᠤᠷᠢ ᠪᠣᠯᠭᠠᠭᠰᠠᠨ ᠣᠶᠤᠨᠴᠢ ᠴᠠᠬᠢᠯᠭᠠᠨ ᠬᠦᠴᠦᠨ ᠤ ᠰᠢᠰᠲ᠋ᠧᠮ ᠢ ᠠᠯᠬᠤᠮ | ᠳᠠᠷᠠᠭᠠᠯᠠᠨ ᠪᠠᠶᠢᠭᠤᠯᠤᠨ᠎ᠠ᠃ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠤᠷᠰᠢᠯᠭ᠎ᠠ ᠶᠢ ᠤᠯᠠᠮ ᠨᠢᠭᠡ ᠠᠯᠬᠤᠮ | ᠳᠡᠯᠭᠡᠷᠡᠭᠦᠯᠵᠦ᠂ 15 ᠲᠦᠮᠡᠨ ᠮᠦ ︽ᠭᠡᠷᠡᠯ ᠴᠡᠨᠡᠭ +ᠡᠯᠡᠰᠦᠨ ᠤ ᠠᠵᠤ ᠦᠢᠯᠡᠰ︾ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠣᠢ ᠪᠣᠯᠭᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠭᠤᠪᠢ ᠴᠦᠯ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭ᠎ᠠ | ᠠᠳᠬᠤᠵᠤ᠂ ᠣᠷᠣᠨ ᠪᠦᠰᠡ ᠶᠢᠨ ᠴᠡᠪᠡᠷ ᠴᠠᠬᠢᠯᠭᠠᠨ ᠤ ᠬᠤᠳᠤᠭᠤᠷ ᠭᠠᠵᠠᠷ ᠢ ᠪᠤᠢ ᠪᠣᠯᠭᠠᠨ᠎ᠠ | 1. ᠪᠠᠶᠢᠭᠤᠯᠵᠤ ᠪᠠᠶᠢᠭ᠎ᠠ ᠪᠠᠶᠢᠭᠤᠯᠬᠤ ᠪᠠᠷ ᠪᠠᠶᠢᠭ᠎ᠠ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠢᠭᠡᠳᠦᠭᠡᠷ ᠪᠦᠯᠦᠭ ᠡᠯᠡᠰᠦ ᠮᠠᠩᠬ᠎ᠠ᠂ ᠭᠤᠪᠢ᠂ ᠴᠦᠯᠯᠡᠷᠭᠡᠭ | ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ ᠣᠯᠠᠨᠪᠤᠯᠠᠭ ᠠᠴᠠ ᠱᠠᠨᠳᠦ᠋ᠩ ᠳᠤ ᠬᠦᠷᠭᠡᠬᠦ 160 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠦᠷᠦᠯ ᠵᠦᠢᠯ ᠪᠣᠯᠤᠨ ᠢᠵᠢ | ᠪᠦᠷᠢᠳᠦᠭᠰᠡᠨ ᠬᠤᠤ ᠶᠠ 500 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ ᠶᠢᠨ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ 2023 ᠣᠨ ᠳᠤ ᠪᠦᠬᠦ ᠪᠠᠭᠲᠠᠭᠠᠮᠵᠢ ᠪᠠᠷ ᠢᠶᠠᠨ ᠲᠣᠣᠷ ᠲᠤ | ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠬᠢᠭᠤᠯᠤᠨ᠎ᠠ᠃ ᠲᠩᠷᠢ ᠡᠯᠡᠰᠦᠨ ᠤ ᠵᠡᠭᠦᠨ ᠡᠮᠦᠨᠡᠲᠦ ᠬᠡᠰᠡᠭ ᠤᠨ 1200 | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠤ ᠭᠠᠳᠠᠭᠰᠢ ᠬᠦᠷᠭᠡᠬᠦ ᠱᠣᠭᠤᠮ ᠪᠠ ᠢᠵᠢ ᠪᠦᠷᠢᠳᠦᠭᠦᠯᠬᠦ | 4 × 100 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠢ ᠤᠯᠤᠰ ᠤᠨ ᠳᠦᠯᠦᠪᠵᠢᠬᠦᠯᠭᠡ ᠳᠤ ᠣᠷᠣᠭᠤᠯᠬᠤ | ᠵᠡᠷᠭᠡ ᠠᠵᠢᠯ ᠢ ᠲᠦᠷᠭᠡᠳᠬᠡᠨ ᠠᠬᠢᠭᠤᠯᠵᠤ᠂ 2024 ᠣᠨ ᠳᠤ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | 2. ᠮᠤᠵᠢ ᠠᠯᠣᠰᠯᠠᠭᠰᠠᠨ ᠭᠠᠳᠠᠭᠰᠢ ᠬᠦᠷᠭᠡᠬᠦ ᠱᠤᠭᠤᠮ ᠢ ᠲᠥᠯᠥᠪᠯᠡᠨ ᠪᠠᠶᠢᠷᠢᠯᠠᠭᠤᠯᠤᠨ᠎ᠠ᠃ ᠤᠯᠠᠭᠠᠨᠪᠤᠬ᠎ᠠ | ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠲᠩᠷᠢ ᠰᠠᠭᠤᠷᠢᠨ ᠭᠠᠵᠠᠷ ᠤᠨ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠡᠵᠡᠨ᠎ᠡ ᠬᠤᠰᠢᠭᠤᠨ ᠤ ᠣᠯᠠᠨ ᠡᠨᠧᠷᠭᠢ ᠶᠢᠨ ᠬᠠᠷᠢᠯᠴᠠᠨ | ᠨᠥᠬᠦᠪᠥᠷᠢᠯᠡᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ᠂ ᠪᠠᠳᠠᠢ ᠶᠢᠨ ᠵᠢᠷᠠᠨ ᠤ | ᠰᠠᠭᠤᠷᠢᠨ ᠭᠠᠵᠠᠷ ᠤᠨ ᠲᠥᠷᠥᠯ ᠵᠦᠢᠯ ᠵᠡᠷᠭᠡ ᠮᠢᠩᠭᠠᠨ ᠲᠦᠮᠡᠨ ᠺᠢᠯᠣᠸᠠᠲ ᠤᠨ 9 ᠰᠠᠭᠤᠷᠢᠨ ᠭᠠᠵᠠᠷ ᠵᠢᠴᠢ ᠢᠵᠢ | ᠪᠥᠷᠢᠳᠦᠭᠰᠡᠨ ᠭᠠᠳᠠᠭᠰᠢ ᠳᠠᠮᠵᠢᠭᠤᠯᠬᠤ 9 ᠱᠤᠭᠤᠮ ᠢ ᠡᠷᠲᠡᠬᠡᠨ ᠤᠯᠤᠰ ᠤᠨ ᠲᠥᠯᠥᠪᠵᠢᠭᠦᠯᠭᠡ ᠳᠤ | ᠣᠷᠣᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠬᠠᠩᠭᠠᠯᠭ᠎ᠠ ᠬᠡᠷᠡᠭᠴᠡᠭᠡ ᠶᠢ ᠬᠠᠷᠢᠯᠴᠠᠨ ᠨᠦᠬᠦᠪᠦᠷᠢᠯᠡᠬᠦ᠂ | ᠭᠦᠢᠯᠭᠡᠭᠡ ᠶᠢ ᠵᠦᠢ ᠵᠣᠬᠢᠰᠲᠠᠶ ᠪᠠᠶᠢᠯᠭᠠᠬᠤ᠂ ᠠᠷᠪᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ | ᠰᠡᠳᠬᠢᠴᠡ ᠶᠣᠰᠣᠭᠠᠷ᠂ ᠴᠠᠬᠢᠯᠭᠠᠨ ᠬᠦᠷᠭᠡᠬᠦ ᠱᠣᠭᠤᠮ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠲᠥᠯᠥᠪᠵᠢᠭᠦᠯᠵᠦ | ᠪᠦᠲᠦᠭᠡᠨ ᠪᠠᠶᠢᠭᠤᠯᠵᠤ᠂ ᠴᠠᠬᠢᠯᠭᠠᠨ ᠡᠭᠦᠰᠭᠡᠭᠴᠢ ᠴᠠᠬᠢᠯᠭᠠᠨ ᠲᠣᠤᠷ ᠢ ᠵᠡᠷᠭᠡ ᠳᠤᠨᠢ ᠪᠦᠲᠦᠭᠡᠨ ᠪᠠᠶᠢᠭᠤᠯᠬᠤ ᠶᠢ | ᠦᠨᠡᠨᠬᠦ ᠪᠠᠲᠤᠯᠠᠨ᠎ᠠ᠃ ᠡᠯᠡᠰᠦ ᠮᠠᠩᠬ᠎ᠠ᠂ ᠭᠤᠪᠢ᠂ ᠴᠦᠯᠯᠡᠷᠭᠡᠭᠵᠢᠭᠰᠡᠨ ᠭᠠᠵᠠᠷ ᠣᠷᠣᠨ ᠳᠤ ︽ᠭᠤᠷᠪᠠ ᠶᠢ | ᠰᠣᠯᠪᠢᠴᠠᠭᠤᠯᠵᠦ ᠶᠢᠰᠦᠨ ᠰᠢᠭᠤᠳ︾ ᠮᠤᠵᠢ ᠣᠷᠣᠨ ᠠᠯᠣᠰᠯᠠᠭᠰᠠᠨ ᠴᠠᠬᠢᠯᠭᠠᠨ ᠬᠦᠷᠭᠡᠬᠦ ᠱᠣᠭᠤᠮ ᠢ | ᠪᠠᠶᠢᠷᠢᠯᠠᠭᠤᠯᠬᠤ ᠲᠥᠰᠦᠯ ᠢ ᠭᠦᠨᠵᠡᠭᠡᠶ ᠨᠤᠲᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ 2 ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ | ᠴᠡᠨᠡᠭ ᠤᠨ ᠰᠠᠭᠤᠷᠢᠨ ᠭᠠᠵᠠᠷ ᠵᠢᠴᠢ ᠢᠵᠢ ᠪᠦᠷᠢᠳᠦᠭᠦᠯᠦᠭᠰᠡᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ | ᠱᠤᠭᠤᠮ ᠢ ᠨᠡᠮᠡᠭᠳᠡᠭᠦᠯᠬᠦ ᠪᠠᠷ ᠴᠢᠷᠮᠠᠶᠢᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠠᠮᠢᠶᠠᠷᠤᠯᠲᠠ ᠶᠢᠨ ᠵᠥᠪᠯᠡᠯ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶ | 3. ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠬᠦ ᠪᠠ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ | ᠲᠣᠤᠷ ᠲᠤ ᠨᠡᠶᠢᠯᠡᠭᠦᠯᠬᠦ ᠲᠥᠷᠥᠯ ᠵᠦᠢᠯ ᠤᠨ ᠭᠦᠢᠴᠡᠳᠬᠡᠬᠦ ᠲᠤᠭ᠎ᠠ ᠶᠢ ᠢᠳᠡᠪᠬᠢᠲᠡᠶ ᠲᠡᠮᠡᠴᠡᠨ ᠣᠯᠵᠤ᠂ ᠥᠪᠥᠷ | ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠤᠨ ᠴᠡᠪᠡᠷ ᠴᠠᠬᠢᠯᠭᠠᠨ ᠤ ᠬᠡᠪᠴᠢᠶ᠎ᠡ ᠶᠢ ᠥᠷᠭᠡᠳᠬᠡᠬᠦ | ᠬᠡᠷᠡᠭᠲᠡᠶ᠃ ᠲᠩᠷᠢ ᠡᠯᠡᠰᠦᠨ ᠤ ᠵᠡᠭᠦᠨ ᠡᠮᠦᠨᠡᠲᠦ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠡᠷᠡᠯ | ᠴᠡᠨᠡᠭ ᠢᠶᠠᠷ ᠴᠠᠬᠢᠯᠭᠠᠨ ᠭᠠᠷᠭᠠᠬᠤ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ 100 ᠲᠦᠮᠡᠨ ᠺᠢᠯᠣᠸᠠᠲ ᠤᠨ ᠬᠡᠷᠡᠯ ᠴᠡᠨᠡᠭ ᠤᠨ ᠰᠠᠭᠤᠷᠢᠨ | ᠭᠠᠵᠠᠷ᠂ ᠠᠯᠠᠱᠠ ᠪᠠᠷᠠᠭᠤᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠡᠨᠧᠷᠬᠢ ᠶᠢ ᠬᠠᠳᠠᠭᠠᠯᠠᠬᠤ | ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠬᠦ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠬᠡᠨ ᠠᠬᠢᠭᠤᠯᠵᠤ᠂ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠨᠥᠬᠦᠴᠡᠯ ᠢ | ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ 2024 ᠣᠨ ᠤ ᠡᠴᠦᠰ ᠲᠤ ᠲᠣᠤᠷ ᠲᠤ ᠨᠡᠶᠢᠯᠡᠭᠦᠯᠦᠨ ᠴᠠᠬᠢᠯᠭᠠᠨ | ᠭᠠᠷᠭᠠᠬᠤ ᠶᠢ ᠦᠨᠡᠨᠬᠦ ᠪᠠᠲᠤᠯᠠᠨ᠎ᠠ᠃ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ᠂ ᠬᠦᠷᠢᠶᠡᠯᠡᠩ ᠲᠣᠭᠤᠷᠢᠭ ᠤᠨ ᠴᠡᠪᠡᠷ ᠴᠠᠬᠢᠯᠭᠠᠨ ᠬᠠᠩᠭᠠᠬᠤ᠂ ᠰᠠᠯᠬᠢ ᠭᠡᠷᠡᠯ ᠤᠨ | ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠤᠭᠴᠠᠵᠢᠭᠤᠯᠬᠤ ᠵᠡᠷᠭᠡ ᠵᠠᠬ᠎ᠠ ᠳᠡᠯᠭᠡᠭᠦᠷᠴᠢᠯᠡᠨ ᠲᠣᠤᠷ ᠲᠤ | ᠨᠡᠶᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠳᠡᠢ ᠴᠢᠷᠮᠠᠶᠢᠨ ᠣᠯᠣᠨ᠎ᠠ᠃ ᠠᠯᠠᠱᠠ ᠳᠡᠭᠡᠳᠦ ᠰᠢᠨ᠎ᠡ | ᠮᠡᠷᠭᠡᠵᠢᠯ ᠤᠨ ᠣᠷᠣᠨ ᠤ 60 ᠲᠦᠮᠡᠨ ᠺᠢᠯᠣᠸᠠᠲ ᠤᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠰᠢᠪᠲᠦᠷ | ᠦᠢᠯᠡᠳᠬᠦ᠂ ᠠᠯᠠᠱᠠ ᠵᠡᠭᠦᠨ ᠬᠤᠰᠢᠭᠤᠨ ᠤ 13.2 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠢᠯᠴᠢ ᠶᠢᠨ | ᠴᠠᠬᠢᠯᠭᠠᠨ ᠢ ᠣᠷᠣᠯᠠᠭᠤᠯᠬᠤ ᠠᠮᠢᠳᠤᠯᠢᠭ ᠥᠭᠡᠷᠡᠴᠢᠯᠡᠯᠲᠡ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠶᠢᠨ | ᠵᠢᠱᠢᠶ᠎ᠡ ᠦᠵᠡᠭᠦᠯᠬᠦ ᠣᠷᠣᠨ ᠤ ᠰᠢᠩᠭᠡᠨ ᠳᠠᠷᠤᠴᠠᠲᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠯᠠᠱᠠ ᠳᠡᠭᠡᠳᠦ | ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠶᠠᠷᠬᠤᠳᠳᠤᠭ ᠤᠨ ᠬᠦᠳᠡᠭᠡ | ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | 4. ᠰᠢᠨ᠎ᠡ ᠡᠨᠧᠷᠭᠢ ᠬᠢᠭᠡᠳ ᠠᠵᠤ ᠦᠢᠯᠡᠰ ᠤᠨ ᠠᠭᠤᠰᠣᠯᠴᠠᠯ ᠢ ᠠᠬᠢᠭᠤᠯᠤᠨ᠎ᠠ᠃ ᠠᠯᠠᠱᠠ ᠶᠢᠨ ᠨᠠᠷᠢᠯᠢᠭ | ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠥᠪᠥᠷ ᠮᠣᠩᠭᠤᠯ ᠳᠠᠬᠢ | ᠨᠢᠭᠡᠳᠦᠭᠡᠷ᠂ ᠬᠤᠶᠠᠳᠤᠭᠠᠷ ᠲᠤ ᠪᠠᠶᠢᠷᠢᠯᠠᠬᠤ ᠠᠵᠤ ᠦᠢᠯᠡᠰ ᠤᠨ ᠰᠠᠭᠤᠷᠢ ᠳᠠᠪᠠᠭᠤᠯᠢᠭ ᠢ ᠪᠠᠳᠠᠷᠠᠭᠤᠯᠵᠤ᠂ | ᠠᠯᠠᠱᠠ ᠶᠢᠨ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠤᠨ ᠶᠡᠷᠦᠩᠬᠡᠶ ᠪᠠᠶᠢᠷᠢᠰᠢᠭᠤᠯᠤᠯᠲᠠ ᠳᠤ ᠰᠠᠭᠤᠷᠢᠯᠠᠨ᠂ | ᠭᠤᠪᠢ ᠴᠦᠯ ᠤᠨ ᠣᠶᠢᠷ᠎ᠠ ᠬᠠᠪᠢ ᠳᠠᠬᠢ ᠨᠡᠭᠡᠭᠡᠨ ᠬᠥᠭᠵᠢᠭᠦᠯᠵᠦ ᠪᠣᠯᠬᠤ ᠣᠷᠣᠨ ᠪᠦᠰᠡ ᠵᠢᠴᠢ ᠰᠢᠨ᠎ᠡ | ᠡᠨᠧᠷᠭᠢ ᠶᠢᠨ ᠬᠡᠪᠴᠢᠶ᠎ᠡ ᠪᠠᠭᠲᠠᠭᠠᠮᠵᠢ ᠲᠠᠢ ᠭᠦᠢᠴᠡᠳ ᠤᠶᠠᠯᠳᠤᠭᠤᠯᠤᠨ᠂ ᠤᠯᠤᠰ ᠠᠴᠠ ᠡᠨᠧᠷᠭᠢ ᠶᠡᠭᠡ | ᠵᠠᠷᠣᠴᠠᠭᠤᠯᠬᠤ ᠠᠵᠦ ᠦᠢᠯᠡᠰ ᠢ ᠪᠠᠷᠠᠭᠤᠨ ᠣᠷᠣᠨ ᠳᠤ ᠰᠢᠯᠵᠢᠬᠦᠯᠬᠦ ᠳᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠠᠭᠠᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠲᠩᠷᠢ ᠬᠦᠷᠢᠶᠡᠯᠡᠩ ᠲᠣᠭᠤᠷᠢᠭ᠂ ᠣᠯᠠᠨᠪᠤᠯᠠᠭ | ᠬᠦᠷᠢᠶᠡᠯᠡᠩ ᠲᠣᠭᠤᠷᠢᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠡᠷᠢᠭᠦᠨ ᠤ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠯᠦᠭᠡ ᠬᠠᠷᠢᠯᠴᠠᠨ ᠠᠭᠤᠰᠤᠯᠴᠠᠭᠤᠯᠬᠤ ᠶᠢ | ᠭᠤᠤᠯᠳᠠᠯᠭ᠎ᠠ ᠲᠠᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠣᠬᠢᠷᠲᠤᠯ ᠥᠬᠡᠶ | ᠤᠰᠤᠲᠥ᠋ᠷᠥᠭᠴᠢ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠠᠮᠢᠳᠤ ᠪᠣᠳᠠᠰ ᠤᠨ ᠡᠮ | ᠦᠢᠯᠡᠳᠬᠦ᠂ ᠵᠡᠭᠦᠨ ᠭᠡᠰᠡᠭ ᠤᠨ ᠲᠤᠭ᠎ᠠ ᠪᠠᠷᠠᠭᠤᠨ ᠬᠡᠰᠡᠭ ᠤᠨ ᠡᠬᠦᠯᠡᠨ ᠪᠣᠳᠣᠯᠳᠠ ᠵᠡᠷᠭᠡ ᠲᠡᠷᠢᠭᠦᠨ ᠤ ᠡᠨᠧᠷᠭᠢ | ᠶᠡᠭᠡ ᠵᠠᠷᠤᠴᠠᠭᠤᠯᠬᠤ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ ︽ᠨᠢᠭᠡ ᠥᠨᠳᠥᠷ ᠬᠤᠶᠠᠷ ᠳᠣᠣᠷ᠎ᠠ︾ | ︵ᠡᠨᠧᠷᠭᠢ ᠶᠡᠭᠡ ᠵᠠᠷᠣᠴᠠᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠪᠡᠷ ᠤᠨ ᠥᠷᠲᠡᠭ ᠢᠶᠠᠷ | ᠪᠠᠭ᠎ᠠ︶ ᠠᠵᠤ ᠦᠢᠯᠡᠰ ᠤᠨ ᠵᠢᠱᠢᠶ᠎ᠡ ᠦᠵᠡᠭᠦᠯᠬᠦ ᠰᠢᠨ᠎ᠡ ᠥᠨᠳᠦᠷᠯᠢᠭ ᠢ ᠢᠳᠡᠪᠬᠢᠲᠡᠶ ᠪᠠᠶᠢᠭᠤᠯᠤᠨ᠎ᠠ᠃ ᠦᠯᠡᠳᠡᠭᠡᠯ | ᠴᠠᠬᠢᠯᠭᠠᠨ ᠬᠡᠷᠡᠭᠯᠡᠬᠦ ᠳᠠᠭᠠᠭᠠᠴᠠ ᠶᠢ ᠴᠡᠪᠡᠷ ᠴᠠᠬᠢᠯᠭᠠᠨ ᠢᠶᠠᠷ ᠣᠷᠣᠯᠠᠭᠤᠯᠬᠤ ᠠᠵᠢᠯ ᠢ ᠥᠷᠨᠢᠭᠦᠯᠵᠦ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠭᠤᠯᠤᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠡᠨᠧᠷᠭᠢ ᠶᠡᠭᠡ ᠵᠠᠷᠣᠴᠠᠭᠤᠯᠬᠤ ᠦᠯᠡᠳᠡᠭᠡᠯ | ᠳᠠᠭᠠᠭᠠᠴᠠ ᠳᠤ ᠵᠠᠬ᠎ᠠ ᠳᠡᠯᠭᠡᠭᠦᠷᠴᠢᠯᠡᠨ ᠰᠢᠩᠭᠡᠭᠡᠬᠦ ᠰᠢᠨ᠎ᠡ ᠡᠨᠧᠷᠭᠢ ᠶᠢᠨ ᠲᠥᠷᠥᠯ ᠵᠦᠢᠯ ᠤᠨ ᠱᠠᠭᠠᠷᠳᠠᠯᠭ᠎ᠠ ᠪᠠᠷ | ᠯᠠᠪᠯᠠᠯᠲᠠ ᠪᠣᠯᠭᠠᠨ ᠦᠯᠡᠳᠡᠭᠡᠯ ᠴᠡᠪᠡᠷ ᠴᠠᠬᠢᠯᠭᠠᠨ ᠢ ᠰᠢᠭᠤᠳ ᠬᠠᠩᠭᠠᠬᠤ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ | ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ︶ | 5. ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠠᠬᠢᠭᠤᠯᠣᠨ᠎ᠠ᠃ ᠤᠯᠤᠰ ᠤᠨ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ | ᠠᠮᠢ ᠠᠬᠤᠢ ᠶᠢᠨ ᠢᠨᠵᠧᠨᠧᠷᠢᠩ ᠪᠣᠯᠣᠨ ᠬᠠᠲᠤᠨ ᠭᠤᠣᠯ ᠤᠨ ︽ᠳᠣᠬᠤᠢ ᠶᠢᠨ ᠬᠡᠰᠡᠭ︾ ᠤᠨ ᠠᠮᠢ ᠠᠬᠤᠢ ᠶᠢᠨ | ᠵᠠᠰᠠᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ᠂ ᠨᠢᠭᠡ ᠪᠦᠯᠦᠭ ᠰᠠᠯᠬᠢᠨ ᠬᠦᠴᠦᠨ ᠤ ᠴᠠᠬᠢᠯᠭᠠᠨ᠂ ᠭᠡᠷᠡᠯ | ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠲᠥᠷᠥᠯ ᠵᠦᠢᠯ ᠢ | ᠲᠥᠰᠦᠪᠯᠡᠬᠦ ᠶᠢ ᠴᠢᠩᠭᠠᠳᠬᠠᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠡᠮᠦᠨ᠎ᠡ ᠹᠷᠣᠨᠲ ᠲᠤ ᠪᠠᠶᠢᠷᠢᠰᠢᠭᠤᠯᠵᠦ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ | ᠰᠠᠭᠤᠷᠢᠨ ᠭᠠᠵᠠᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠭᠤᠣᠯᠳᠠᠭᠤ ᠠᠯᠠᠱᠠ ᠶᠢᠨ ᠭᠤᠷᠪᠠᠨ ᠣᠮᠠᠷᠠᠳᠣ | ᠶᠢᠨ ᠬᠠᠯᠬᠠᠪᠴᠢ ᠣᠢ᠂ ᠬᠠᠳᠣᠨ ᠭᠤᠣᠯ ᠤᠨ ᠪᠠᠷᠠᠭᠤᠨ ᠡᠷᠬᠢ ᠳᠤ ᠰᠠᠯᠬᠢ ᠭᠡᠷᠡᠯ ᠤᠨ ᠡᠨᠧᠷᠬᠢ ᠶᠢᠨ ᠡᠬᠢ ᠪᠠᠶᠠᠯᠢᠭ | ᠬᠢᠭᠡᠳ ᠠᠮᠢ ᠠᠬᠤᠢ ᠶᠢᠨ ᠵᠠᠰᠠᠯᠲᠠ ᠶᠢ ᠤᠶᠠᠯᠳᠤᠭᠤᠯᠬᠤ ᠪᠠᠷ ᠳᠠᠮᠵᠢᠭᠤᠯᠤᠨ᠂ ︽ᠰᠢᠨ᠎ᠡ ᠡᠨᠧᠷᠭᠢ+ ᠠᠮᠢ ᠠᠬᠤᠢ | ︾ ᠶᠢᠨ ᠵᠠᠭᠪᠤᠷ ᠢᠶᠠᠷ ᠴᠡᠪᠡᠷ ᠴᠠᠬᠢᠯᠭᠠᠨ ᠡᠭᠦᠰᠭᠡᠭᠴᠢ ᠶᠢ ᠪᠦᠲᠦᠭᠡᠨ ᠪᠠᠶᠢᠭᠤᠯᠵᠤ᠂ ᠬᠠᠪᠲᠠᠰᠤᠨ ᠳᠡᠭᠡᠷ᠎ᠡ ᠴᠠᠬᠢᠯᠭᠠᠨ | ᠭᠠᠷᠭᠠᠬᠤ᠂ ᠬᠠᠪᠲᠠᠰᠤᠨ ᠤ ᠬᠤᠭᠤᠷᠣᠨᠳᠣ ᠲᠡᠵᠢᠭᠡᠨ ᠦᠷᠡᠵᠢᠭᠦᠯᠬᠦ᠂ ᠬᠠᠪᠲᠠᠰᠤᠨ ᠳᠣᠣᠷ᠎ᠠ ᠳᠠᠷᠢᠬᠤ ᠵᠡᠷᠭᠡ | ᠶᠡᠷᠦᠩᠬᠡᠶᠢᠯᠡᠭᠰᠡᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠠᠭᠪᠤᠷ ᠢ ᠳᠡᠯᠭᠡᠷᠡᠭᠦᠯᠵᠦ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠢᠨ᠎ᠡ | ᠡᠨᠧᠷᠭᠢ᠂ ᠨᠤᠲᠤᠭ ᠤᠰᠤ ᠪᠠᠨ ᠰᠠᠬᠢᠵᠦ ᠬᠢᠯᠢ ᠪᠠᠨ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ | ᠬᠡᠷᠡᠭᠵᠢᠭᠦᠯᠦᠨ᠂ ᠡᠨᠧᠷᠭᠢ ᠠᠮᠢ ᠠᠬᠤᠢ ᠶᠢᠨ ᠬᠠᠷᠢᠯᠴᠠᠨ ᠨᠥᠬᠦᠪᠦᠷᠢᠯᠡᠵᠦ ᠬᠠᠮᠲᠤ ᠪᠠᠷ ᠠᠰᠢᠭ ᠬᠦᠷᠲᠡᠬᠦ ᠶᠢ | ᠪᠡᠶᠡᠯᠡᠭᠦᠯᠦᠨ᠎ᠡ᠃ 2025 ᠣᠨ ᠪᠣᠯᠬᠤ ᠳᠤ᠂ ᠣᠯᠠᠭᠠᠠᠪᠣᠬ᠎ᠠ᠂ ᠲᠩᠷᠢ ᠡᠯᠡᠰᠦ᠂ ᠬᠠᠲᠤᠨ ᠭᠤᠤᠯ ᠤᠨ | ᠳᠣᠬᠤᠢ ᠶᠢᠨ ᠬᠡᠰᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ 400 ᠲᠦᠮᠡᠨ ᠺᠢᠯᠣᠸᠠᠲ ᠲᠤ ᠬᠦᠷᠦᠭᠦᠯᠵᠦ᠂ ᠲᠩᠷᠢ ᠪᠠ ᠪᠠᠳᠠᠶ ᠶᠢᠨ ᠵᠢᠷᠠᠨ ᠤ | ᠾᠧ ᠰᠢ ᠶᠢᠨ ᠬᠤᠩᠭᠢᠯ ᠤᠨ ᠡᠯᠡᠰᠦ ᠨᠡᠶᠢᠯᠡᠬᠦ ᠶᠢ ᠬᠤᠷᠢᠭᠯᠠᠬᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ 100 ᠲᠦᠮᠡᠨ ᠺᠢᠯᠣᠸᠠᠲ ᠲᠤ ᠬᠦᠷᠦᠭᠦᠯᠦᠨ᠎ᠡ᠃ ︵ᠠᠶᠢᠮᠠᠭ ᠤᠨ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ | ᠡᠨᠧᠷᠭᠢ ᠶᠢᠨ ᠲᠣᠪᠴᠢᠶ᠎ᠠ︶ | 6. ᠬᠠᠳᠠᠭᠠᠯᠠᠭᠳᠠᠵᠤ ᠪᠠᠶᠢᠭ᠎ᠠ ᠰᠢᠨ᠎ᠡ ᠡᠨᠧᠷᠭᠢ ᠶᠢᠨ ᠳᠡᠰ ᠳᠡᠪᠰᠢᠬᠦ ᠥᠭᠡᠷᠡᠴᠢᠯᠡᠯᠲᠡ ᠶᠢ ᠠᠬᠢᠭᠤᠯᠤᠨ᠎ᠠ᠃ | ᠰᠠᠯᠬᠢᠨ ᠬᠦᠴᠦᠨ ᠤ ᠴᠠᠬᠢᠯᠭᠠᠨ ᠤ ᠶᠡᠭᠡ ᠪᠠᠷ ᠪᠠᠭ᠎ᠠ ᠶᠢ ᠣᠷᠣᠯᠠᠭᠤᠯᠬᠤ ᠢᠨᠵᠧᠨᠧᠷᠢᠩ ᠢ ᠥᠷᠨᠢᠭᠦᠯᠦᠨ᠂ ᠳᠠᠩ | ᠮᠠᠰᠢᠨ ᠤ ᠪᠠᠭᠲᠠᠭᠠᠮᠵᠢ ᠨᠢ 1.5 ᠰᠠᠶ᠎ᠠ ᠸᠠᠲ ᠪᠤᠶᠤ 15 ᠵᠢᠯ ᠠᠴᠠ ᠳᠡᠭᠡᠭᠰᠢ ᠠᠵᠢᠯᠯᠠᠭᠰᠠᠨ ᠰᠠᠯᠬᠢᠨ ᠬᠦᠴᠦᠨ ᠤ | ᠴᠠᠬᠢᠯᠭᠠᠨ ᠦᠷᠳᠡᠭᠡ ᠶᠢᠨ ᠰᠢᠰᠲ᠋ᠧᠮ ᠢ ᠳᠡᠰ ᠳᠡᠪᠰᠢᠭᠦᠯᠦᠨ ᠰᠢᠯᠢᠳᠡᠭᠵᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ | ᠰᠢᠨ᠎ᠡ ᠨᠢᠭᠡ ᠦᠶ᠎ᠡ ᠶᠢᠨ ᠥᠨᠳᠥᠷ ᠦᠷ᠎ᠡ ᠪᠦᠲᠦᠮᠵᠢᠲᠡᠶ ᠳᠣᠤᠷ᠎ᠠ ᠥᠪᠡᠷ ᠤᠨ ᠥᠷᠲᠡᠭ ᠲᠠᠢ ᠬᠡᠷᠡᠯ ᠴᠡᠨᠡᠭ | ᠦᠢᠯᠡᠳᠬᠦ ᠵᠢᠴᠢ ᠠᠵᠤ ᠦᠢᠯᠡᠰᠵᠢᠭᠰᠡᠨ ᠦᠢᠯᠡᠳᠪᠦᠷᠢᠯᠡᠯ ᠤᠨ ᠮᠡᠷᠭᠡᠵᠢᠯ ᠲᠠᠢ ᠤᠶᠠᠯᠳᠤᠭᠤᠯᠤᠨ᠂ ᠬᠠᠭᠤᠴᠢᠨ ᠬᠡᠷᠡᠯ | ᠴᠡᠨᠡᠭ ᠤᠨ ᠴᠠᠬᠢᠯᠭᠠᠨ ᠥᠷᠲᠡᠭᠡ ᠶᠢᠨ ᠲᠣᠨᠤᠭ ᠲᠥᠬᠦᠭᠡᠷᠦᠮᠵᠢ᠂ ᠰᠥᠷᠭᠡᠦ ᠬᠤᠪᠢᠰᠬᠠᠭᠤᠷ ᠵᠡᠷᠭᠡ ᠶᠢ ᠥᠭᠡᠷᠡᠴᠢᠯᠡᠨ | ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠨᠡᠷᠡᠨ ᠤ ᠡᠨᠧᠷᠭᠢ ᠶᠢ ᠬᠤᠪᠢᠷᠠᠭᠤᠯᠬᠤ ᠦᠷ᠎ᠡ ᠪᠦᠲᠦᠮᠵᠢ ᠪᠠ ᠭᠠᠵᠠᠷ | ᠰᠢᠷᠣᠶ ᠶᠢᠨ ᠶᠡᠷᠦᠩᠬᠡᠶᠢᠯᠡᠭᠰᠡᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠠᠶᠢᠮᠠᠭ ᠤᠨ | ᠡᠨᠧᠷᠭᠢ ᠶᠢᠨ ᠲᠣᠪᠴᠢᠶ᠎ᠠ︶ | ︵ᠬᠤᠶᠠᠷ︶ ᠡᠷᠬᠢᠨ ᠳᠣᠭᠤᠷᠢᠨ ᠤ ᠮᠣᠵᠢ ᠣᠷᠣᠨ ᠠᠯᠣᠰᠯᠠᠭᠰᠠᠨ ᠬᠠᠮᠳᠣᠷᠠᠯᠴᠠᠭ᠎ᠠ ᠦᠷᠨᠢᠬᠦᠯᠵᠦ᠂ ᠴᠡᠪᠡᠷ | ᠴᠠᠬᠢᠯᠭᠠᠨ ᠤ ᠬᠡᠷᠡᠭᠴᠡᠭᠡ ᠶᠢ ᠬᠦᠴᠦᠳᠡᠢ ᠬᠠᠩᠭᠠᠨ᠎ᠠ | 7. ᠣᠷᠣᠨ ᠤ ᠳᠣᠲᠣᠷᠠᠬᠢ ᠠᠶᠢᠮᠠᠭ ᠬᠤᠲᠠ ᠠᠯᠤᠰᠯᠠᠭᠰᠠᠨ ᠬᠤᠷᠰᠢᠯᠴᠠᠭ᠎ᠠ ᠶᠢ ᠥᠷᠨᠢᠭᠦᠯᠦᠨ᠎ᠡ᠃ ᠠᠯᠠᠱᠠ | ᠠᠶᠢᠮᠠᠭ ᠬᠢᠭᠡᠳ ᠬᠥᠷᠰᠢ ᠵᠡᠷᠭᠡᠯᠡᠳᠡᠭᠡ ᠭᠠᠵᠠᠷ ᠣᠷᠣᠨ᠂ ᠡᠷᠭᠢᠨ ᠲᠣᠭᠤᠷᠢᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠳ ᠲᠠᠢ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠬᠦ᠂ ᠳᠡᠭᠡᠳᠦ ᠳᠣᠤᠷᠠᠳᠤ ᠬᠡᠯᠬᠢᠶ᠎ᠡ ᠲᠠᠢ | ᠬᠤᠯᠪᠣᠯᠳᠤᠭᠰᠠᠨ ᠠᠵᠤ ᠦᠢᠯᠡᠰ ᠵᠡᠷᠭᠡ ᠲᠠᠯ᠎ᠠ ᠪᠠᠷ ᠬᠠᠮᠲᠤᠷᠠᠯᠴᠠᠬᠤ ᠶᠢ ᠴᠢᠩᠭᠠᠳᠬᠠᠨ᠂ ᠳᠠᠬᠢᠨ ᠡᠭᠦᠰᠴᠦ ᠪᠣᠯᠬᠤ | ᠡᠨᠧᠷᠭᠢ ᠪᠠᠷ ᠣᠷᠣᠯᠠᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠠᠯᠠᠱᠠ ᠠᠶᠢᠮᠠᠭ ᠬᠢᠭᠡᠳ ᠦᠬᠠᠶ ᠵᠢᠴᠢ | ᠡᠷᠬᠢᠨ ᠲᠣᠭᠤᠷᠢᠨ ᠤ ᠠᠶᠢᠮᠠᠭ ᠬᠤᠲᠠ ᠯᠤᠭ᠎ᠠ ᠶᠢᠨ ᠣᠷᠣᠨ ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭ᠎ᠠ ᠶᠢ | ᠢᠳᠡᠪᠬᠢᠲᠡᠶ ᠠᠬᠢᠭᠤᠯᠵᠤ᠂ ᠣᠯᠠᠨᠪᠤᠯᠠᠭ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠠᠯᠠᠱᠠ ᠠᠴᠠ ᠤᠯᠠᠭᠠᠨᠴᠠᠪ | ᠬᠥᠷᠬᠦ 800 ᠺᠢᠯᠣᠸᠣᠯᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠣᠭᠤᠮ ᠵᠡᠷᠭᠡ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠳᠦᠯᠦᠪᠯᠡᠨ ᠠᠬᠢᠭᠤᠯᠤᠨ᠎ᠠ᠃ ︵ᠠᠶᠢᠮᠠᠭ ᠤᠨ ᠡᠨᠧᠷᠭᠢ ᠶᠢᠨ | ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 8. ᠬᠥᠷᠰᠢ ᠮᠣᠵᠢ ᠯᠤᠭ᠎ᠠ ᠶᠢᠨ ᠴᠡᠪᠡᠷ ᠴᠠᠬᠢᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠠᠷᠢᠯᠴᠠᠨ | ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠵᠤ᠂ ᠠᠯᠠᠱᠠ ᠬᠢᠭᠡᠳ ᠬᠥᠷᠰᠢ ᠵᠡᠷᠭᠡᠯᠡᠳᠡᠭᠡ ᠮᠤᠵᠢ ᠶᠢᠨ ᠡᠬᠢ | ᠪᠠᠶᠠᠯᠢᠭ ᠤᠨ ᠬᠦᠴᠦᠨ ᠵᠦᠢᠯ ᠤᠨ ᠭᠦᠨᠵᠡᠭᠡᠶ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠣᠷᠣᠨ | ᠪᠦᠰᠡ ᠶᠢᠨ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢ ᠬᠡᠷᠡᠯ | ᠤᠨ ᠡᠨᠧᠷᠭᠢ ᠪᠠᠷ ᠣᠰᠣᠳᠦ᠋ᠷᠦᠭᠴᠢ ᠦᠢᠯᠡᠳᠬᠦ ᠶᠢ ᠨᠢᠭᠡ ᠴᠤᠭᠴᠠᠵᠢᠭᠤᠯᠬᠤ ᠵᠢᠴᠢ ᠤᠰᠤᠲᠥ᠋ᠷᠥᠭᠴᠢ ᠳᠠᠮᠵᠢᠭᠤᠯᠬᠤ | ᠂ ᠤᠰᠤᠲᠥ᠋ᠷᠥᠭᠴᠢ ᠬᠡᠷᠡᠭᠯᠡᠬᠦ ᠠᠬᠤᠶ ᠲᠠᠯᠠᠪᠠᠶ ᠶᠢᠨ ᠰᠤᠳᠤᠯᠭᠠᠨ ᠢ ᠥᠷᠨᠢᠭᠦᠯᠵᠦ᠂ ᠠᠯᠠᠱᠠ ᠠᠴᠠ ᠨᠢᠩᠰᠢᠶᠠ ᠶᠢᠨ | ᠱᠢ ᠽᠦᠶ ᠱᠠᠨ ᠬᠤᠲᠠ᠂ ᠡᠤ ᠵᠥᠩ ᠬᠤᠲᠠ᠂ ᠳᠡᠷᠡᠰᠦᠨ ᠬᠤᠲᠠ ᠬᠦᠷᠬᠦ ᠴᠡᠪᠡᠷ ᠴᠠᠬᠢᠯᠭᠠᠨ ᠬᠦᠷᠭᠡᠬᠦ ᠲᠤᠰᠬᠠᠶ | ᠱᠤᠭᠤᠮ ᠪᠠ ᠴᠡᠪᠡᠷ ᠤᠰᠤᠲᠥ᠋ᠷᠥᠭᠴᠢ ᠶᠢ ᠬᠦᠷᠭᠡᠬᠦ ᠬᠤᠭᠤᠯᠠᠶ ᠶᠢ ᠲᠥᠯᠥᠪᠯᠡᠨ ᠪᠠᠶᠢᠷᠢᠯᠠᠭᠤᠯᠤᠨ᠎ᠠ᠃ ᠭᠠᠨᠰᠦ ᠶᠢᠨ | ᠾᠧ ᠰᠢ ᠶᠢᠨ ᠬᠤᠩᠭᠢᠯ ᠤᠨ ᠭᠠᠳᠠᠭᠰᠢ ᠳᠠᠮᠵᠢᠭᠤᠯᠬᠤ ᠱᠣᠭᠤᠮ ᠵᠢᠴᠢ ᠢᠯᠴᠢ ᠶᠢᠨ ᠴᠠᠬᠢᠯᠭᠠᠨ ᠤ ᠦᠢᠯᠡᠳᠪᠦᠷᠢ᠂ | ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠣᠬᠢᠷᠠᠭᠤᠯᠬᠤ ᠴᠢᠨᠠᠷᠲᠠᠶ ᠴᠠᠬᠢᠯᠭᠠᠨ | ᠡᠭᠦᠰᠭᠡᠭᠴᠢ ᠳᠤ ᠲᠦᠰᠢᠭᠯᠡᠨ᠂ ᠰᠠᠯᠬᠢ ᠭᠡᠷᠡᠯ ᠢᠯᠴᠢ ᠶᠢ ᠬᠠᠳᠠᠭᠠᠯᠠᠨ ᠬᠠᠮᠳᠣ ᠳᠤᠨᠢ ᠭᠠᠳᠠᠭᠰᠢ ᠳᠠᠮᠵᠢᠭᠤᠯᠬᠤ | ᠲᠥᠰᠦᠯ ᠤᠨ ᠰᠤᠳᠤᠯᠭᠠᠨ ᠢ ᠥᠷᠨᠢᠭᠦᠯᠵᠦ᠂ ᠴᠠᠬᠢᠯᠭᠠᠨ ᠲᠣᠤᠷ ᠤᠨ ᠳᠠᠮᠵᠢᠭᠤᠯᠬᠤ ᠠᠷᠭ᠎ᠠ ᠵᠠᠮ ᠢ | ᠰᠢᠯᠢᠳᠡᠭᠵᠢᠭᠦᠯᠦᠨ᠂ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠭᠤᠷᠪᠠ︶ ᠳᠣᠣᠷ᠎ᠠ ᠨᠡᠭᠦᠷᠡᠰᠦᠳᠦ᠋ᠷᠦᠭᠴᠢᠳᠦ ᠬᠦᠷᠢᠶᠡᠯᠡᠩ ᠳᠣᠭᠤᠷᠢᠭ ᠤᠨ ᠪᠦᠳᠦᠭᠡᠨ ᠪᠠᠶᠢᠭᠤᠯᠣᠯᠳᠠ ᠶᠢ | ᠳᠦᠷᠭᠡᠳᠬᠡᠵᠦ᠂ ᠴᠡᠪᠡᠷ ᠳᠡᠰᠢ ᠬᠦᠭᠵᠢᠬᠦ ᠶᠢ ᠠᠬᠢᠭᠤᠯᠣᠨ᠎ᠠ | 9. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠪᠠ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠦ ᠦᠢᠯᠡᠳᠪᠦᠷᠢ ᠶᠢᠨ ᠠᠵᠤ ᠦᠢᠯᠡᠰ ᠤᠨ ᠣᠳᠣᠬᠢ ᠪᠠᠶᠢᠳᠠᠯ | ᠵᠢᠴᠢ ᠡᠨᠧᠷᠭᠢ ᠬᠡᠷᠡᠭᠯᠡᠬᠦ ᠬᠡᠷᠡᠭᠴᠡᠭᠡ ᠲᠠᠢ ᠤᠶᠠᠯᠳᠤᠭᠤᠯᠤᠨ᠂ ᠡᠨᠧᠷᠭᠢ ᠶᠢᠨ ᠬᠠᠩᠭᠠᠯᠭ᠎ᠠ ᠶᠢᠨ ᠲᠠᠯ᠎ᠠ᠂ ᠡᠨᠧᠷᠭᠢ ᠶᠢᠨ | ᠬᠡᠷᠡᠭᠯᠡᠭᠡᠨ ᠤ ᠲᠠᠯ᠎ᠠ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ︽ᠭᠤᠷᠪᠠ ᠶᠢ | ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠡᠨᠧᠷᠭᠢ ᠶᠢᠨ ᠬᠠᠩᠭᠠᠯᠭ᠎ᠠ ᠶᠢᠨ ᠲᠠᠯ᠎ᠠ ᠳᠤ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠡᠪᠡᠷ | ᠴᠠᠬᠢᠯᠭᠠᠨ ᠬᠠᠩᠭᠠᠬᠤ︾᠂ ︽ᠢᠯᠴᠢ ᠶᠢᠨ ᠴᠠᠬᠢᠯᠭᠠᠨ ᠢ ᠠᠮᠢᠳᠣᠯᠢᠭ ᠦᠭᠡᠷᠡᠴᠢᠯᠡᠬᠦ︾᠂ ︽ᠰᠠᠯᠬᠢ ᠭᠡᠷᠡᠯ ᠤᠨ | ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ︾᠂ ︽ᠴᠠᠬᠢᠯᠭᠠᠨ ᠡᠭᠦᠰᠭᠡᠭᠴᠢ᠂ ᠳᠣᠣᠷ᠂ | ᠳᠠᠭᠠᠭᠠᠴᠠ᠂ ᠨᠦᠭᠡᠴᠡ ᠶᠢ ᠨᠢᠭᠡ ᠴᠣᠭᠴᠠᠵᠢᠭᠤᠯᠬᠤ︾ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠳᠡᠮᠵᠢᠵᠦ᠂ ᠬᠡᠷᠡᠯ ᠢᠯᠴᠢ ᠶᠢᠨ ᠴᠠᠬᠢᠯᠭᠠᠨ ᠦᠷᠳᠡᠭᠡ᠂ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠳᠣᠬᠠᠢ ᠵᠢᠱᠢᠶ᠎ᠡ | ᠦᠵᠡᠬᠦᠯᠬᠦ ᠪᠠᠶᠢᠭᠤᠯᠣᠯᠳᠠ ᠶᠢ ᠠᠳᠠᠯᠢ ᠠᠯᠬᠤᠮ ᠢᠶᠠᠷ ᠠᠬᠢᠭᠤᠯᠣᠨ᠎ᠠ︔ ᠬᠡᠷᠡᠭᠯᠡᠭᠴᠢ ᠶᠢᠨ ᠲᠠᠯ᠎ᠠ ᠳᠤ ᠬᠡᠷᠡᠯ ᠢᠯᠴᠢ | +ᠢᠯᠴᠢ ᠶᠢᠨ ᠡᠨᠧᠷᠭᠢ ᠬᠠᠳᠠᠭᠠᠯᠠᠬᠤ ᠶᠢ ᠴᠡᠪᠡᠷ ᠡᠨᠧᠷᠭᠢ ᠪᠠᠷ ᠣᠷᠣᠯᠠᠭᠤᠯᠬᠤ ᠰᠢᠰᠲ᠋ᠧᠮ ᠢ ᠪᠥᠲᠥᠭᠡᠨ ᠪᠠᠶᠢᠭᠤᠯᠵᠤ | ᠂ ᠴᠡᠪᠡᠷ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ᠂ | ᠴᠡᠪᠡᠷ ᠪᠠᠷᠠᠭᠠᠨ ᠤ ᠭᠦᠢᠯᠭᠡᠭᠡ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠬᠤ ᠵᠡᠷᠭᠡ ᠲᠤᠤᠷ᠎ᠠ | ᠨᠡᠭᠦᠷᠡᠰᠦᠲᠥ᠋ᠷᠥᠭᠴᠢᠳᠦ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠠᠮᠢ ᠠᠬᠤᠢ ᠶᠢᠨ ᠵᠠᠰᠠᠯᠳᠠ᠂ | ᠳᠠᠷᠢᠶᠠᠯᠠᠩ ᠤᠨ ᠬᠦᠯᠡᠮᠵᠢ ᠵᠡᠷᠭᠡ ᠶᠢ ᠣᠶᠠᠯᠳᠣᠭᠤᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠴᠣᠭᠯᠠᠭᠤᠯᠵᠦ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠪᠠᠷ | ᠣᠷᠣᠯᠠᠭᠤᠯᠬᠤ ᠶᠢ ᠲᠦᠷᠭᠡᠳᠬᠡᠨ᠂ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠪᠠᠭᠠᠰᠬᠠᠵᠤ᠂ | 2025 ᠣᠨ ᠪᠣᠯᠬᠤ ᠳᠤ᠂ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ 1053 ᠲᠦᠮᠡᠨ ᠲᠣᠨ ᠪᠠᠭᠠᠰᠬᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ | ᠴᠠᠬᠢᠯᠭᠠᠨ ᠬᠦᠴᠦᠨ ᠤ ᠬᠡᠷᠡᠭᠯᠡᠭᠡᠨ ᠤ ᠡᠵᠡᠯᠡᠬᠦ ᠬᠠᠷᠢᠴᠠᠯ ᠢ 50% ᠠᠴᠠ ᠳᠣᠤᠷ᠎ᠠ ᠪᠠᠶᠢᠯᠭᠠᠬᠤ ᠥᠬᠡᠶ ᠪᠠᠷ | ᠪᠥᠲᠥᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠲᠦᠷᠪᠡ︶ ᠰᠠᠯᠬᠢ ᠭᠡᠷᠡᠯ ᠤᠨ ᠡᠨᠧᠷᠬᠢ ᠤᠰᠤᠲᠥ᠋ᠷᠥᠭᠴᠢ ᠶᠢ ᠨᠥᠭᠡᠴᠡᠯᠡᠬᠦ ᠬᠡᠯᠬᠢᠶ᠎ᠡ ᠶᠢ ᠣᠷᠳᠣᠳᠬᠠᠨ | ᠨᠥᠬᠦᠪᠦᠷᠢᠯᠡᠵᠦ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠎ᠡ | 10. ᠴᠡᠪᠡᠷ ᠤᠰᠤᠲᠥ᠋ᠷᠥᠭᠴᠢ ᠰᠢᠪᠲᠦᠷ ᠠᠯᠺᠤᠤᠯ ᠢ ᠬᠡᠷᠡᠭᠯᠡᠬᠦ ᠠᠬᠤᠢ ᠳᠠᠯᠠᠪᠠᠢ ᠶᠢ ᠥᠷᠭᠡᠳᠬᠡᠨ᠎ᠡ᠃ ᠪᠦᠬᠦ | ᠠᠶᠢᠮᠠᠭ ᠤᠨ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ ᠳᠠᠪᠠᠭᠤᠯᠢᠭ ᠪᠠ ᠴᠡᠪᠡᠷ ᠡᠨᠧᠷᠭᠢ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠠᠯᠬᠢ ᠭᠡᠷᠡᠯ ᠤᠨ ᠡᠨᠧᠷᠭᠢ ᠪᠠᠷ | ᠤᠰᠤᠲᠥ᠋ᠷᠥᠭᠴᠢ ᠦᠢᠯᠡᠳᠬᠦ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠾᠯᠣᠷ ᠱᠦᠯᠲᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠳᠦᠪᠯᠡᠷᠡᠭᠰᠡᠨ ᠳᠠᠪᠠᠭᠤᠯᠢᠭ ᠲᠤ ᠲᠦᠰᠢᠭᠯᠡᠨ᠂ ᠴᠡᠪᠡᠷ ᠤᠰᠤᠲᠥ᠋ᠷᠥᠭᠴᠢ ᠶᠢᠨ ᠬᠢᠮᠢ ᠶᠢᠨ ᠠᠵᠤ | ᠦᠢᠯᠡᠳᠪᠦᠷᠢ ᠶᠢ ᠶᠡᠬᠡᠪᠡᠷ ᠬᠥᠭᠵᠢᠭᠦᠯᠦᠨ᠎ᠡ᠃ ᠣᠳᠣ ᠪᠠᠶᠢᠭ᠎ᠠ ᠠᠵᠤ ᠦᠢᠯᠡᠳᠪᠦᠷᠢ ᠶᠢᠨ ᠰᠠᠭᠤᠷᠢ ᠳᠤ ᠳᠦᠰᠢᠭᠯᠡᠨ | ᠤᠰᠤᠲᠥ᠋ᠷᠥᠭᠴᠢ ᠡᠨᠧᠷᠭᠢ ᠪᠠᠷ ᠤᠯᠠᠮᠵᠢᠯᠠᠯᠲᠤ ᠴᠢᠯᠠᠭᠤᠨ ᠳᠣᠰᠣ ᠬᠢᠮᠢ ᠶᠢᠨ ᠡᠨᠧᠷᠭᠢ ᠶᠢ ᠣᠷᠣᠯᠠᠭᠤᠯᠬᠤ ᠶᠢ | ᠠᠬᠢᠭᠤᠯᠵᠤ᠂ ᠤᠯᠠᠮᠵᠢᠯᠠᠯᠲᠤ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷ᠎ᠠ | ᠮᠡᠷᠭᠡᠵᠢᠯ ᠳᠡᠰᠢ ᠬᠥᠭᠵᠢᠬᠦ ᠶᠢ ᠠᠬᠢᠭᠤᠯᠤᠨ᠎ᠠ︔ ᠠᠵᠤ ᠦᠢᠯᠡᠳᠪᠦᠷᠢ ᠶᠢᠨ ᠳᠠᠭᠠᠯᠲᠠ | ᠪᠦᠲᠦᠭᠡᠭᠳᠡᠬᠦᠨ ᠤᠰᠤᠲᠥ᠋ᠷᠥᠭᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠳᠡᠭᠡᠭᠰᠢᠯᠡᠭᠦᠯᠬᠦ ᠶᠢᠨ ᠬᠠᠮᠲᠤ᠂ ᠴᠡᠪᠡᠷ | ᠤᠰᠤᠲᠥ᠋ᠷᠥᠭᠴᠢ ᠪᠠᠷ ᠲᠦᠭᠦᠬᠡᠶ ᠮᠠᠲ᠋ᠧᠷᠢᠶᠠᠯ ᠪᠣᠯᠭᠠᠬᠤ᠂ ᠲᠦᠯᠡᠰᠢ ᠦᠢᠯᠡᠳᠪᠦᠷᠢᠯᠡᠬᠦ ᠮᠡᠷᠭᠡᠵᠢᠯ ᠤᠨ ᠠᠵᠤ | ᠦᠢᠯᠡᠰ ᠤᠨ ᠬᠡᠯᠬᠢᠶ᠎ᠡ ᠶᠢ ᠣᠷᠣᠭᠤᠯᠤᠨ ᠠᠪᠴᠢᠷᠠᠵᠤ᠂ ︽ᠡᠨᠧᠷᠭᠢ ᠶᠡᠭᠡ ᠵᠠᠷᠣᠴᠠᠭᠤᠯᠵᠦ ᠪᠣᠬᠢᠷᠳᠣᠯ ᠪᠠᠭ᠎ᠠ | ᠭᠠᠳᠠᠭᠰᠢᠯᠠᠭᠤᠯᠬᠤ ᠠᠵᠤ ᠦᠢᠯᠡᠰ ᠤᠨ ᠲᠥᠪᠯᠡᠷᠡᠯ ᠤᠨ ᠣᠷᠣᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ | ᠨᠡᠭᠦᠷᠡᠰᠦᠲᠥ᠋ᠷᠥᠭᠴᠢ ᠶᠢ ᠴᠤᠭᠯᠠᠭᠤᠯᠬᠤ ᠪᠠ ᠬᠠᠳᠠᠭᠠᠯᠠᠬᠤ ᠮᠡᠷᠭᠡᠵᠢᠯ ︵CCUS︶ ᠢ ᠳᠡᠯᠭᠡᠷᠡᠭᠦᠯᠵᠦ᠂ ᠣᠳᠣ | ᠪᠠᠶᠢᠭ᠎ᠠ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠴᠡᠪᠡᠷ ᠤᠰᠤᠲᠥ᠋ᠷᠥᠭᠴᠢ ᠪᠠᠷ | ᠨᠡᠶᠢᠯᠡᠮᠡᠯ ᠰᠢᠪᠲᠦᠷ᠂ ᠳᠡᠭᠡᠳᠦ ᠲᠠᠰ ᠤᠨ ᠠᠽᠣᠲ ᠪᠣᠷᠳᠣᠭᠤᠷ᠂ ᠮᠧᠲ᠋ᠢᠯ ᠠᠯᠺᠣᠣᠯ᠂ ᠤᠰᠤᠲᠥ᠋ᠷᠥᠭᠴᠢᠲᠦ ᠴᠡᠨᠡᠭ | ᠦᠢᠯᠡᠳᠬᠦ ᠵᠡᠷᠭᠡ ᠠᠵᠤ ᠦᠢᠯᠡᠰ ᠢ ᠠᠬᠢᠭᠤᠯᠤᠨ᠎ᠠ︔ ᠴᠡᠪᠡᠷ ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ | ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠵᠤ᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠢᠯ | ᠲᠥᠷᠥᠯ ᠳᠤ ᠤᠰᠤᠲᠥ᠋ᠷᠥᠭᠴᠢ ᠡᠨᠧᠷᠬᠢ ᠪᠠᠷ ᠣᠷᠣᠯᠠᠭᠤᠯᠬᠤ ᠶᠢ ᠠᠬᠢᠭᠤᠯᠤᠨ᠎ᠠ︔ ᠰᠢᠩᠭᠡᠨ ᠤᠰᠤᠲᠥ᠋ᠷᠥᠭᠴᠢ ᠶᠢ | ᠰᠠᠨᠰᠠᠷ ᠤᠨ ᠬᠦᠷᠢᠶᠡᠨ ᠳᠤ ᠬᠡᠷᠡᠭᠯᠡᠬᠦ ᠶᠢ ᠠᠬᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠢ ᠳᠤ ᠤᠰᠤᠲᠥ᠋ᠷᠥᠭᠴᠢ ᠶᠢ | ᠨᠡᠮᠡᠬᠦ ᠵᠢᠴᠢ ᠤᠰᠤᠲᠥ᠋ᠷᠥᠭᠴᠢ ᠪᠠᠷ ᠦᠨᠳᠦᠷ ᠶᠠᠰᠤ ᠴᠢᠨᠠᠷ ᠲᠠᠢ ᠢᠯᠴᠢ ᠡᠭᠦᠰᠭᠡᠭᠴᠢ ᠪᠣᠯᠭᠠᠨ ᠬᠡᠷᠡᠭᠯᠡᠬᠦ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠥᠨᠳᠥᠷ ᠪᠦᠲᠦᠮᠵᠢᠲᠡᠶ ᠪᠠᠷ ᠴᠤᠭᠯᠠᠭᠤᠯᠬᠤ ᠶᠢᠨ ᠬᠠᠮᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠰᠡᠭᠦᠯ ᠤᠨ ᠬᠡᠢ ᠳᠠᠬᠢ ᠤᠰᠤᠲᠥ᠋ᠷᠥᠭᠴᠢ ᠶᠢ ᠪᠦᠲᠦᠮᠵᠢᠲᠡᠶ ᠪᠠᠷ ᠠᠰᠢᠭᠯᠠᠨ ᠪᠠᠭ᠎ᠠ | ᠨᠡᠭᠦᠷᠡᠰᠦᠲᠥ᠋ᠷᠥᠭᠴᠢᠲᠦ ᠬᠥᠬᠡ ᠠᠯᠺᠣᠣᠯ ᠦᠢᠯᠡᠳᠦᠨ᠎ᠠ︔ ᠰᠠᠯᠬᠢᠨ ᠭᠡᠷᠡᠯ ᠤᠨ ᠡᠬᠢ ᠪᠠᠶᠠᠯᠢᠭ ᠤᠨ ᠴᠠᠬᠢᠯᠭᠠᠨ ᠢ | ᠵᠠᠳᠠᠯᠣᠭᠰᠠᠨ ᠤᠰᠤ ᠪᠠᠷ ᠤᠰᠤᠲᠥ᠋ᠷᠥᠭᠴᠢ ᠶᠢ ᠦᠢᠯᠡᠳᠬᠦ ᠪᠠ ᠳᠠᠬᠢᠨ ᠡᠭᠦᠰᠴᠦ ᠪᠣᠯᠬᠤ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢ ᠲᠦᠷᠭᠡᠳᠭᠡᠵᠦ ᠴᠡᠪᠡᠷ ᠮᠧᠲ᠋ᠢᠯ ᠠᠯᠺᠣᠤᠯ ᠬᠢᠬᠦ ᠬᠤᠶᠠᠷ ᠵᠦᠢᠯ ᠤᠨ ᠥᠩᠭᠡᠷᠡᠯᠲᠡ ᠲᠠᠢ | ᠤᠶᠠᠯᠳᠤᠭᠤᠯᠤᠨ᠂ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠧᠲ᠋ᠢᠯ ᠠᠯᠺᠣᠣᠯ︾ | ᠦᠢᠯᠡᠳᠬᠦ ᠦᠢᠯᠡᠳᠪᠦᠷᠢ ᠶᠢ ᠪᠦᠲᠦᠭᠡᠨ ᠪᠠᠶᠢᠭᠤᠯᠵᠤ᠂ ᠴᠡᠪᠡᠷ ᠴᠠᠬᠢᠯᠭᠠᠨ ᠤ ᠶᠡᠭᠡ ᠬᠡᠪᠴᠢᠶ᠎ᠡ ᠪᠠᠷ ᠥᠨᠳᠥᠷ | ᠬᠠᠷᠢᠴᠠᠯ ᠲᠠᠢ ᠰᠢᠩᠭᠡᠭᠡᠬᠦ ᠪᠠ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠪᠦᠲᠦᠮᠵᠢᠲᠡᠶ ᠠᠬᠢᠭᠤᠯᠤᠨ᠎ᠠ᠃ ᠮᠧᠲ᠋ᠢᠯ ᠠᠯᠺᠣᠤᠯ ᠨᠡᠮᠡᠵᠦ ᠣᠷᠣᠭᠤᠯᠬᠤ᠂ | ᠳᠠᠮᠵᠢᠭᠤᠯᠤᠨ ᠲᠣᠬᠢᠷᠠᠭᠤᠯᠬᠤ᠂ ᠬᠠᠳᠠᠭᠠᠯᠠᠬᠤ᠂ ᠠᠷᠠᠯᠵᠢᠶᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠ | ᠮᠧᠲ᠋ᠢᠯ ᠠᠯᠺᠣᠤᠯ ᠬᠡᠷᠡᠭᠰᠡᠬᠦ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠮᠧᠲ᠋ᠢᠯ | ᠠᠯᠺᠣᠤᠯ ᠬᠡᠷᠡᠭᠰᠡᠬᠦ ᠮᠠᠰᠢᠨ ᠲᠡᠷᠭᠡᠨ ᠤ ᠠᠵᠤ ᠦᠢᠯᠡᠰ ᠤᠨ ᠣᠷᠴᠢᠨ ᠢ ᠪᠣᠢ ᠪᠣᠯᠭᠠᠨ᠂ ᠰᠢᠩᠭᠡᠨ ᠪᠡᠶᠡᠲᠦ ᠨᠡᠷᠡᠨ | ᠡᠨᠧᠷᠭᠢ ᠶᠢᠨ ᠮᠧᠲ᠋ᠢᠯ ᠠᠯᠺᠣᠤᠯ ᠤᠨ ᠠᠵᠤ ᠠᠬᠤᠶ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ︽ᠰᠢᠨ᠎ᠡ | ᠦᠨᠳᠦᠷᠯᠢᠭ︾ ᠪᠠ ᠪᠦᠬᠦ ᠤᠯᠤᠰ ᠤᠨ ᠴᠡᠪᠡᠷ ᠮᠧᠲ᠋ᠢᠯ ᠠᠯᠺᠣᠤᠯ ᠭᠠᠳᠠᠭᠰᠢ ᠭᠠᠷᠭᠠᠬᠤ ᠴᠢᠬᠤᠯᠠ ᠰᠠᠭᠤᠷᠢᠨ | ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠣᠬᠤᠷᠬᠠᠨ ᠵᠠᠢ ᠳᠤ ᠲᠡᠭᠡᠭᠡᠪᠦᠷᠢᠯᠡᠬᠦ᠂ ᠳᠣᠭᠳᠠᠭᠰᠠᠨ ᠵᠠᠮ | ᠱᠤᠭᠤᠮ ᠤᠨ ᠲᠡᠭᠡᠭᠡᠪᠦᠷᠢ ᠶᠢᠨ ᠬᠡᠷᠡᠭᠴᠡᠭᠡ ᠳᠤ ᠴᠢᠭᠯᠡᠨ ᠮᠧᠲ᠋ᠢᠯ ᠠᠯᠺᠣᠤᠯ ᠬᠡᠷᠡᠭᠰᠡᠬᠦ ᠬᠦᠨᠳᠦ ᠠᠴᠢᠶᠠᠨ ᠤ ᠮᠠᠰᠢᠨ ᠢ | ᠦᠢᠯᠡᠳᠪᠦᠷᠢᠯᠡᠵᠦ ᠦᠢᠯᠡᠳᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠪᠣᠭᠤᠮᠲᠠ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠧᠲ᠋ᠢᠯ ᠠᠯᠺᠣᠤᠯ | ᠬᠡᠷᠡᠭᠰᠡᠬᠦ ᠬᠦᠨᠳᠦ ᠠᠴᠢᠶᠠᠨ ᠤ ᠮᠠᠰᠢᠨ ᠬᠡᠷᠡᠭᠯᠡᠬᠦ ᠶᠢ ᠵᠣᠷᠢᠭᠵᠢᠭᠤᠯᠤᠨ᠎ᠠ᠃ ︵ᠠᠶᠢᠮᠠᠭ ᠤᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ︶ | 11. ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠵᠣᠷᠢᠭᠵᠢᠭᠤᠯᠤᠨ᠎ᠠ᠃ ᠮᠡᠷᠭᠡᠵᠢᠯ ᠤᠨ ᠪᠣᠳᠠᠳᠣ ᠬᠦᠴᠦᠨ ᠲᠠᠢ ᠠᠵᠦ ᠠᠬᠤᠶᠢᠯᠠᠯ᠂ ᠰᠢᠨᠵᠢᠯᠡᠬᠦ | ᠣᠬᠠᠭᠠᠨ ᠤ ᠰᠣᠳᠣᠯᠭᠠᠨ ᠤ ᠬᠦᠷᠢᠶᠡᠯᠡᠩ ᠤᠨ ᠴᠡᠪᠡᠷ ᠴᠠᠬᠢᠯᠭᠠᠨ ᠢᠶᠠᠷ ᠲᠣᠣᠷ ᠰᠠᠯᠵᠦ ᠣᠰᠣᠳᠦ᠋ᠷᠦᠭᠴᠢ | ᠦᠢᠯᠡᠳᠬᠦ ᠶᠢ ᠰᠦᠪᠡᠭᠴᠢᠯᠡᠨ ᠬᠦᠭᠵᠢᠬᠦᠯᠬᠦ ᠶᠢ ᠵᠣᠷᠢᠠᠠᠵᠢᠭᠤᠯᠥᠨ᠎ᠠ᠃ ᠵᠢᠱᠢᠶ᠎ᠡ ᠦᠵᠡᠭᠦᠯᠬᠦ ᠳᠤ ᠣᠷᠣᠭᠤᠯᠤᠭᠰᠠᠨ | ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠳᠤ᠂ | ᠤᠰᠤᠲᠥ᠋ᠷᠥᠭᠴᠢ ᠦᠢᠯᠡᠳᠬᠦ ᠳᠤ ᠬᠡᠷᠡᠭᠰᠡᠬᠦ ᠴᠠᠬᠢᠯᠭᠠᠨ ᠤ ᠬᠡᠮᠵᠢᠶᠡᠨ ᠤ 1.2 ᠳᠠᠬᠢᠨ ᠢᠶᠠᠷ ᠰᠢᠨ᠎ᠡ ᠡᠨᠧᠷᠭᠢ ᠶᠢᠨ | ᠬᠡᠪᠴᠢᠶ᠎ᠡ ᠶᠢ ᠲᠣᠬᠢᠷᠠᠭᠤᠯᠤᠨ᠎ᠠ᠃ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ | ᠴᠣᠭᠴᠠᠵᠢᠭᠤᠯᠤᠭᠰᠠᠨ ᠲᠥᠷᠥᠯ ᠵᠦᠢᠯ ᠤᠨ ᠵᠢᠯ ᠤᠨ ᠴᠡᠪᠡᠷ ᠲᠣᠣᠷᠵᠢᠯ ᠳᠤ ᠣᠷᠣᠭᠰᠠᠨ ᠴᠠᠬᠢᠯᠭᠠᠨ ᠤ ᠬᠡᠮᠵᠢᠶ᠎ᠡ ᠶᠢ | ᠵᠢᠯ ᠤᠨ ᠰᠢᠨ᠎ᠡ ᠡᠨᠧᠷᠭᠢ ᠶᠢᠨ ᠶᠡᠷᠦᠩᠬᠡᠢ ᠴᠠᠬᠢᠯᠭᠠᠨ ᠭᠠᠷᠭᠠᠬᠤ ᠬᠡᠮᠵᠢᠶ᠎ᠡ ᠶᠢᠨ 20% ᠠᠴᠠ ᠬᠡᠲᠦᠷᠡᠭᠦᠯᠵᠦ ᠪᠣᠯᠬᠤ | ᠦᠭᠡᠢ᠂ ᠲᠣᠣᠷᠵᠢᠯ ᠳᠤ ᠣᠷᠣᠭᠰᠠᠨ ᠴᠠᠬᠢᠯᠭᠠᠨ ᠤ ᠦᠨ᠎ᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠵᠦ᠂ ᠰᠠᠷ᠎ᠠ ᠪᠠᠷ ᠳ᠋ᠦᠩᠨᠡᠨ | ᠪᠣᠳᠣᠵᠤ᠂ ᠵᠢᠯ ᠢᠶᠠᠷ ᠬᠠᠷᠭᠤᠭᠤᠯᠣᠨ ᠳᠣᠭᠠᠴᠠᠭᠠᠯᠠᠨᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 12. ᠤᠰᠤᠲᠥ᠋ᠷᠥᠭᠴᠢ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠤᠷᠢᠳᠠᠪᠠᠷ ᠪᠠᠶᠢᠷᠢᠯᠠᠭᠤᠯᠤᠨ᠎ᠠ᠃ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠶᠢᠨ ᠵᠢᠱᠢᠶ᠎ᠡ | ᠦᠵᠡᠭᠦᠯᠬᠦ ᠣᠷᠣᠨ ᠳᠤ ︽ᠰᠠᠯᠬᠢ ᠭᠡᠷᠡᠯ ᠤᠨ ᠡᠨᠧᠷᠬᠢ ᠶᠢ ᠨᠦᠭᠡᠴᠡᠯᠡᠬᠦ +ᠣᠰᠣᠳᠦ᠋ᠷᠦᠭᠴᠢ︾᠂ ︽ | ᠡᠭᠦᠰᠭᠡᠭᠴᠢ ᠲᠣᠣᠷ ᠳᠠᠭᠠᠭᠠᠴᠠ ᠨᠦᠭᠡᠴᠡᠯᠡᠬᠦ+ ᠣᠰᠣᠳᠦ᠋ᠷᠦᠭᠴᠢ ︾ ᠵᠡᠷᠭᠡ ᠰᠢᠨ᠎ᠡ ᠡᠨᠧᠷᠭᠢ ᠪᠠᠷ | ᠣᠰᠣᠳᠦ᠋ᠷᠦᠭᠴᠢ ᠣᠶᠢᠯᠠᠳᠬᠦ ᠵᠢᠱᠢᠶ᠎ᠡ ᠦᠵᠡᠭᠦᠯᠬᠦ ᠶᠢ ᠡᠩ ᠲᠡᠷᠢᠭᠦᠨ ᠳᠤ ᠦᠷᠨᠢᠭᠦᠯᠵᠦ᠂ ᠰᠢᠨ᠎ᠡ ᠡᠨᠧᠷᠭᠢ ᠪᠠᠷ | ᠣᠰᠣᠳᠦ᠋ᠷᠦᠭᠴᠢ ᠦᠢᠯᠡᠳᠬᠦ ᠶᠢ ᠭᠡᠪᠴᠢᠶᠡᠵᠢᠭᠦᠯᠦᠨ ᠬᠦᠭᠵᠢᠬᠦᠯᠬᠦ ᠶᠢ ᠠᠬᠢᠭᠤᠯᠤᠨ᠎ᠠ᠃ ᠠᠯᠠᠱᠠ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠬᠡᠦᠷᠡᠰᠦ ᠬᠢᠮᠢ ᠶᠢᠨ ᠠᠵᠦ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠦ | ᠦᠢᠯᠡᠳᠪᠦᠷᠢ ᠵᠡᠷᠭᠡ ᠬᠤᠶᠠᠷ ᠶᠡᠭᠡ ᠠᠵᠦ ᠦᠢᠯᠡᠰ ᠳᠦᠪᠯᠡᠷᠡᠭᠰᠡᠨ ᠳᠠᠪᠠᠭᠤᠯᠢᠭ ᠲᠤ ᠲᠦᠰᠢᠭᠯᠡᠨ᠂ ᠠᠵᠦ | ᠦᠢᠯᠡᠳᠪᠦᠷᠢ ᠶᠢᠨ ᠳᠠᠭᠠᠯᠲᠠ ᠪᠦᠳᠦᠭᠡᠭᠳᠡᠬᠦᠨ ᠤᠰᠤᠲᠥ᠋ᠷᠥᠭᠴᠢ ᠶᠢ ᠡᠩ ᠲᠡᠷᠢᠭᠦᠨ ᠳᠤ ᠠᠰᠢᠭᠯᠠᠵᠤ᠂ ᠣᠶᠢᠷ᠎ᠠ | ᠬᠠᠪᠢ ᠳᠠᠭᠠᠨ ᠪᠠᠭᠲᠠᠭᠠᠨ ᠰᠢᠩᠭᠡᠭᠡᠬᠦ ᠶᠢ ᠵᠣᠷᠢᠭᠵᠢᠭᠤᠯᠵᠤ᠂ ᠤᠰᠤᠲᠥ᠋ᠷᠥᠭᠴᠢ ᠬᠡᠷᠡᠭᠯᠡᠬᠦ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠲᠣᠮᠣ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠭᠰᠡᠨ ᠭᠠᠵᠠᠷ | ᠣᠷᠣᠨ ᠵᠢᠴᠢ ᠤᠰᠤᠲᠥ᠋ᠷᠥᠭᠴᠢ ᠡᠨᠧᠷᠭᠢ ᠶᠢ ᠭᠡᠷᠡᠭᠯᠡᠬᠦ ᠵᠢᠱᠢᠶ᠎ᠡ ᠦᠵᠡᠭᠦᠯᠬᠦ ᠣᠷᠣᠨ ᠳᠤ ᠤᠰᠤᠲᠥ᠋ᠷᠥᠭᠴᠢ | ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠦᠨ᠎ᠡ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ | ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | ︵ᠲᠠᠪᠤ︶ ᠲᠣᠬᠢᠷᠠᠭᠤᠯᠬᠤ ᠴᠢᠨᠠᠷᠲᠠᠢ ᠴᠠᠬᠢᠯᠭᠠᠨ ᠡᠭᠦᠰᠬᠡᠭᠴᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠰᠢᠰᠲ᠋ᠧᠮ ᠢ ᠪᠠᠶᠢᠭᠤᠯᠤᠨ᠎ᠠ | 13. ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠲᠥᠯᠥᠪᠯᠡᠨ᠎ᠡ᠃ ᠰᠢᠨ᠎ᠡ ᠬᠡᠯᠪᠡᠷᠢ ᠶᠢᠨ | ᠨᠥᠭᠡᠴᠡ ᠡᠨᠧᠷᠭᠢ ᠶᠢ ᠵᠠᠬ᠎ᠠ ᠳᠡᠯᠭᠡᠭᠦᠷᠴᠢᠯᠡᠬᠦ᠂ ᠬᠡᠪᠴᠢᠶᠡᠵᠢᠭᠦᠯᠦᠨ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ | ᠪᠦᠬᠦᠯᠢ ᠴᠣᠭᠴᠠ ᠪᠠᠷ ᠨᠢ ᠲᠣᠬᠢᠷᠠᠭᠤᠯᠬᠤ ᠪᠠ ᠳᠠᠪᠲᠠᠮᠵᠢ ᠶᠢ ᠲᠣᠬᠢᠷᠠᠭᠤᠯᠬᠤ ᠭᠦᠨᠴᠡ ᠶᠢ ᠳᠡᠭᠡᠭᠰᠢᠯᠡᠭᠦᠯᠵᠦ᠂ | ᠰᠢᠨ᠎ᠡ ᠡᠨᠧᠷᠭᠢ ᠶᠢ ᠰᠢᠩᠭᠡᠭᠡᠨ ᠠᠪᠬᠤ ᠶᠢ ᠪᠠᠲᠤᠯᠠᠨ᠎ᠠ᠃ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠣᠭᠤᠷᠢᠨ ᠳᠤ᠂ ᠵᠡᠭᠦᠨ ᠪᠡᠯ᠂ ᠰᠣᠯᠢᠳᠠᠢ᠂ ᠣᠯᠠᠨᠪᠤᠯᠠᠭ ᠵᠡᠷᠭᠡ 3 ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡ ᠶᠢ ᠲᠥᠯᠥᠪᠯᠡᠨ ᠪᠠᠶᠢᠷᠢᠰᠢᠭᠤᠯᠵᠤ᠂ ᠥᠷᠲᠡᠭᠡᠨ ᠤ ᠪᠠᠶᠢᠷᠢ ᠶᠢᠨ ᠨᠥᠬᠦᠴᠡᠯ ᠢ | ᠪᠥᠬᠦ ᠲᠠᠯ᠎ᠠ ᠪᠠᠷ ᠤᠶᠢᠯᠠᠭᠠᠨ᠂ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ᠂ ᠡᠷᠲᠡᠬᠡᠨ | ᠤᠯᠤᠰ ᠤᠨ ᠲᠥᠯᠥᠪᠵᠢᠭᠦᠯᠭᠡ ᠳᠤ ᠣᠷᠣᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ︶ | 14. ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠰᠢᠰᠲ᠋ᠧᠮ ᠢ ᠬᠥᠭᠵᠢᠭᠦᠯᠦᠨ᠎ᠡ᠃ ᠴᠡᠪᠡᠷ ᠡᠨᠧᠷᠭᠢ ᠶᠢᠨ | ᠰᠠᠭᠤᠷᠢᠨ ᠭᠠᠵᠠᠷ ᠵᠢᠴᠢ ᠴᠠᠬᠢᠯᠭᠠᠨ ᠬᠦᠷᠭᠡᠬᠦ ᠱᠣᠭᠤᠮ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠰᠢᠨ᠎ᠡ | ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠭᠤᠤᠯᠳᠠᠯᠭ᠎ᠠ ᠲᠠᠢ ᠨᠢᠭᠡᠳᠦᠯᠲᠡᠶ ᠲᠥᠯᠥᠪᠯᠡᠵᠦ᠂ ᠰᠢᠨ᠎ᠡ ᠬᠡᠯᠪᠡᠷᠢ ᠶᠢᠨ | ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ᠂ ᠠᠭᠠᠷ ᠢ ᠠᠪᠴᠢᠭᠤᠯᠵᠦ ᠡᠨᠧᠷᠭᠢ ᠨᠥᠭᠡᠴᠡᠯᠡᠬᠦ᠂ ᠡᠷᠴᠢᠯᠡᠬᠦᠷ | ᠬᠦᠷᠳᠦ ᠪᠠᠷ ᠡᠨᠧᠷᠭᠢ ᠬᠠᠳᠠᠭᠠᠯᠠᠬᠤ᠂ ᠢᠯᠴᠢ ᠬᠠᠳᠠᠭᠠᠯᠠᠵᠤ ᠡᠨᠧᠷᠭᠢ ᠬᠠᠳᠠᠭᠠᠯᠠᠬᠤ ᠶᠢ ᠰᠦᠪᠡᠭᠴᠢᠯᠡᠨ | ᠪᠠᠶᠢᠷᠢᠯᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠴᠣᠭᠴᠠᠵᠢᠭᠤᠯᠤᠨ | ᠲᠥᠯᠥᠪᠵᠢᠭᠦᠯᠵᠦ᠂ ᠵᠡᠷᠭᠡ ᠪᠠᠷ ᠪᠦᠲᠦᠭᠡᠨ ᠪᠠᠶᠢᠭᠤᠯᠵᠤ᠂ ᠬᠠᠮᠲᠤᠷᠠᠨ ᠠᠵᠢᠯᠯᠠᠭᠤᠯᠤᠨ᠎ᠠ᠃ ︵ᠠᠶᠢᠮᠠᠭ ᠤᠨ | ᠡᠨᠧᠷᠭᠢ ᠶᠢᠨ ᠲᠣᠪᠴᠢᠶ᠎ᠠ︶ | ︵ᠵᠢᠷᠭᠤᠭ᠎ᠠ︶ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠯᠠᠭᠤᠯᠣᠯᠳᠠ ᠶᠢ ᠰᠢᠨᠡᠴᠢᠯᠡᠵᠦ᠂ ᠰᠢᠨ᠎ᠡ ᠡᠨᠧᠷᠭᠢ ᠶᠢᠨ | ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠤᠨ᠎ᠠ | 15. ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ | ᠬᠥᠭᠵᠢᠭᠦᠯᠦᠨ᠎ᠡ᠃ ︽ᠭᠤᠪᠢ ᠴᠦᠯ︾ ᠤᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠣᠭᠤᠷᠢᠨ ᠳᠤ᠂ | ᠶᠦᠨ ᠳ᠋ᠠ ᠬᠤᠪᠢ ᠣᠷᠣᠭᠤᠯᠣᠭᠴᠢ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠠᠯᠬᠢᠨ | ᠬᠦᠴᠦᠨ ᠤ ᠮᠠᠰᠢᠨ ᠦᠢᠯᠡᠳᠬᠦ ᠠᠵᠤ ᠠᠬᠤᠶᠢᠯᠠᠯ ᠳᠤ ᠲᠦᠰᠢᠭᠯᠡᠨ ᠰᠠᠯᠬᠢᠨ ᠬᠦᠴᠦᠨ ᠤ ᠪᠦᠬᠦᠯᠢ ᠮᠠᠰᠢᠨ | ᠦᠢᠯᠡᠳᠬᠦ ᠶᠢ ᠵᠣᠬᠢᠰᠲᠠᠶ ᠬᠥᠭᠵᠢᠭᠦᠯᠵᠦ᠂ ᠰᠡᠩᠰᠡ᠂ ᠴᠠᠬᠢᠯᠭᠠᠨ ᠭᠠᠷᠭᠠᠬᠤ ᠮᠠᠰᠢᠨ᠂ ᠰᠤᠪᠤᠷᠭᠠᠨ ᠲᠦᠩᠰᠡ ᠵᠡᠷᠭᠡ | ᠢᠵᠢ ᠪᠥᠷᠢᠳᠦᠭᠰᠡᠨ ᠰᠡᠯᠪᠢᠭ ᠲᠣᠨᠤᠭ ᠢ ᠭᠤᠤᠯᠳᠠᠯᠭ᠎ᠠ ᠲᠠᠢ ᠬᠥᠭᠵᠢᠭᠦᠯᠵᠦ᠂ ᠪᠥᠬᠦ ᠠᠶᠢᠮᠠᠭ ᠤᠨ ᠰᠢᠨ᠎ᠡ ᠪᠠᠷ | ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠠᠢ ᠵᠣᠬᠢᠴᠠᠯᠳᠤᠭᠰᠠᠨ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠨ ᠳᠡᠭᠡᠨ | ᠪᠦᠷᠢᠯᠳᠦᠭᠦᠯᠦᠨ᠎ᠡ᠃ 2025 ᠣᠨ ᠪᠣᠯᠬᠤ ᠳᠤ᠂ ᠰᠠᠯᠬᠢᠨ ᠬᠦᠴᠦᠨ ᠤ ᠪᠦᠬᠦᠯᠢ ᠮᠠᠰᠢᠨ ᠤ ᠪᠦᠬᠦ ᠵᠢᠯ ᠤᠨ | ᠦᠢᠯᠡᠳᠪᠦᠷᠢᠯᠡᠯ ᠤᠨ ᠬᠡᠪᠴᠢᠶ᠎ᠡ ᠶᠢ 500 ᠢᠵᠢ ᠳᠤ ᠬᠦᠷᠦᠭᠦᠯᠵᠦ᠂ ᠦᠢᠯᠡᠳᠬᠦᠨ ᠤ ᠥᠷᠲᠡᠭ ᠢ 50 | ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | 16. ᠭᠡᠷᠡᠯ ᠴᠡᠨᠡᠭ ᠦᠢᠯᠡᠳᠬᠦ ᠠᠵᠤ ᠦᠢᠯᠡᠰ ᠢ ᠬᠥᠭᠵᠢᠭᠦᠯᠦᠨ᠎ᠡ᠃ ᠭᠡᠷᠡᠯ ᠴᠡᠨᠡᠭ ᠤᠨ ᠠᠵᠤ ᠦᠢᠯᠡᠰ ᠠᠮᠢ | ᠠᠬᠤᠢ ᠶᠢ ᠨᠢᠭᠡ ᠴᠣᠭᠴᠠᠵᠢᠭᠤᠯᠣᠨ ᠪᠠᠶᠢᠷᠢᠰᠢᠭᠤᠯᠬᠤ ᠪᠠ ᠳᠦᠪᠯᠡᠷᠡᠬᠦᠯᠦᠨ ᠬᠦᠭᠵᠢᠬᠦᠯᠬᠦ ᠶᠢ ᠪᠠᠷᠢᠮᠲᠠᠯᠠᠵᠤ᠂ ᠭᠡᠷᠡᠯ | ᠴᠡᠨᠡᠭ ᠤᠨ ᠠᠵᠤ ᠦᠢᠯᠡᠰ ᠤᠨ ᠦᠢᠯᠡᠳᠪᠦᠷᠢᠯᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠰᠥᠭᠡᠯᠡᠵᠤ᠂ | ᠣᠯᠠᠨ ᠲᠠᠯᠠᠰᠲᠤ ᠴᠠᠬᠢᠭᠤᠷ᠂ ᠳᠠᠩ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠠᠵᠤ ᠦᠢᠯᠡᠰ ᠤᠨ | ᠬᠡᠯᠬᠢᠶ᠎ᠡ ᠪᠠᠨ ᠤᠷᠲᠤᠳᠬᠠᠬᠤ ᠶᠢ ᠵᠣᠷᠢᠭᠵᠢᠭᠤᠯᠵᠤ᠂ ᠳᠣᠣᠷᠠᠳᠤ ᠬᠡᠯᠬᠢᠶᠡᠨ ᠤ ᠴᠠᠬᠢᠯᠭᠠᠨ ᠢᠯᠲᠠᠰᠤ᠂ ᠴᠠᠬᠢᠯᠭᠠᠨ | ᠴᠡᠨᠡᠭ ᠤᠨ ᠲᠣᠨᠣᠭᠯᠠᠭᠠᠰᠤ ᠶᠢ ᠬᠥᠭᠵᠢᠭᠦᠯᠦᠨ᠎ᠡ᠃ HJT ᠨᠡᠷᠡᠨ ᠡᠨᠧᠷᠭᠢ ᠶᠢᠨ ᠬᠡᠷᠡᠯ ᠴᠡᠨᠡᠭ ᠤᠨ ᠬᠠᠪᠲᠠᠰᠤ ᠶᠢᠨ | ᠦᠢᠯᠡᠳᠪᠦᠷᠢᠯᠡᠯ ᠤᠨ ᠱᠤᠭᠤᠮ᠂ ᠨᠡᠷᠡᠨ ᠡᠨᠧᠷᠭᠢ ᠶᠢᠨ ᠴᠡᠨᠡᠭ ᠤᠨ ᠬᠠᠪᠲᠠᠰᠤ᠂ ᠲᠤᠯᠭᠠᠭᠤᠷᠢᠯᠠᠬᠤ ᠪᠠᠭᠠᠨ᠎ᠠ ᠵᠡᠷᠭᠡ | ᠦᠢᠯᠡᠳᠪᠦᠷᠢᠯᠡᠯ ᠤᠨ ᠱᠤᠭᠤᠮ ᠢ ᠲᠥᠯᠥᠪᠯᠡᠨ ᠪᠠᠶᠢᠷᠢᠰᠢᠭᠤᠯᠵᠤ᠂ ᠮᠢᠩ ᠶᠠᠩ ᠠᠯᠠᠱᠠ ᠵᠡᠭᠦᠨ ᠬᠤᠰᠢᠭᠤᠨ ᠤ ᠬᠡᠷᠡᠯ | ᠴᠡᠨᠡᠭ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ 2025 ᠣᠨ ᠪᠣᠯᠬᠤ ᠳᠤ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ | ᠬᠡᠪᠴᠢᠶ᠎ᠡ ᠶᠢ 5GW ᠳᠤ ᠬᠦᠷᠦᠭᠦᠯᠵᠦ᠂ ᠦᠢᠯᠡᠳᠬᠦᠨ ᠤ ᠥᠷᠲᠡᠭ ᠢ 65 ᠳ᠋ᠦᠩᠰᠢᠭᠤᠷ ᠲᠥᠭᠦᠷᠢᠭ ᠲᠤ | ᠬᠦᠷᠦᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 17. ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠠᠵᠤ ᠦᠢᠯᠡᠰ ᠢ ᠬᠥᠭᠵᠢᠭᠦᠯᠦᠨ᠎ᠡ᠃ ᠠᠯᠠᠱᠠ | ᠠᠶᠢᠮᠠᠭ ᠤᠨ ᠨᠠᠲᠷᠢ᠂ ᠺᠠᠯᠢ᠂ ᠯᠢᠲ᠋ᠢ ᠵᠡᠷᠭᠡ ᠠᠵᠤ ᠦᠢᠯᠡᠰ ᠤᠨ ᠪᠦᠷᠢᠯᠳᠦᠬᠦᠯᠦᠭᠰᠡᠨ ᠵᠠᠬ᠎ᠠ ᠳᠡᠯᠭᠡᠭᠦᠷ ᠪᠠ | ᠬᠡᠪᠴᠢᠶ᠎ᠡ᠂ ᠪᠠᠯ ᠴᠢᠯᠠᠭᠤ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠡᠨᠧᠷᠭᠢ ᠬᠠᠳᠠᠭᠠᠯᠠᠬᠤ ᠴᠡᠨᠡᠭ᠂ | ᠡᠨᠧᠷᠭᠢ ᠬᠠᠳᠠᠭᠠᠯᠠᠬᠤ ᠶᠢ ᠡᠵᠡᠮᠳᠡᠬᠦ ᠰᠢᠰᠲ᠋ᠧᠮ ᠦᠢᠯᠡᠳᠬᠦ ᠶᠢ ᠭᠤᠣᠯᠳᠠᠯᠭ᠎ᠠ ᠲᠠᠢ ᠬᠥᠭᠵᠢᠭᠦᠯᠵᠦ᠂ ᠢᠵᠢ | ᠪᠦᠷᠢᠳᠦᠭᠦᠯᠬᠦ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠭᠤᠣᠯ ᠮᠡᠷᠭᠡᠵᠢᠯ ᠤᠨ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠲᠡᠷᠢᠭᠦᠨ ᠤ ᠨᠠᠲᠷᠢ ᠶᠢᠨ ᠢᠶᠤᠨ ᠴᠡᠨᠡᠭ᠂ ᠴᠠᠬᠢᠯᠭᠠᠨ ᠬᠢᠮᠢ ᠶᠢᠨ ᠡᠨᠧᠷᠭᠢ | ᠬᠠᠳᠠᠭᠠᠯᠠᠬᠤ᠂ ᠠᠭᠠᠷ ᠢ ᠠᠪᠴᠢᠭᠤᠯᠵᠦ ᠡᠨᠧᠷᠭᠢ ᠨᠥᠭᠡᠴᠡᠯᠡᠬᠦ᠂ ᠡᠷᠴᠢᠯᠡᠭᠦᠷ ᠬᠦᠷᠳᠦ ᠪᠠᠷ ᠡᠨᠧᠷᠭᠢ ᠬᠠᠳᠠᠭᠠᠯᠠᠬᠤ᠂ | ᠴᠠᠬᠢᠯᠭᠠᠨ ᠰᠣᠷᠢᠨᠵᠢᠨ ᠢᠶᠠᠷ ᠡᠨᠧᠷᠭᠢ ᠬᠠᠳᠠᠭᠠᠯᠠᠬᠤ᠂ ᠢᠯᠴᠢ ᠬᠠᠳᠠᠭᠠᠯᠠᠵᠤ ᠡᠨᠧᠷᠭᠢ ᠬᠠᠳᠠᠭᠠᠯᠠᠬᠤ ᠲᠣᠨᠣᠭᠯᠠᠯ ᠵᠢᠴᠢ | ᠤᠶᠤᠨᠴᠢᠯᠠᠭᠰᠠᠨ ᠡᠵᠡᠮᠰᠢᠯ ᠤᠨ ᠰᠢᠰᠲ᠋ᠧᠮ ᠵᠡᠷᠭᠡ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠢ ᠵᠣᠷᠢᠭᠵᠢᠭᠤᠯᠤᠨ | ᠬᠥᠭᠵᠢᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 18. ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ᠎ᠡ᠃ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠲᠩᠷᠢ ᠬᠦᠷᠢᠶᠡᠯᠡᠩ ᠲᠣᠭᠤᠷᠢᠭ ᠤᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠤᠰᠤᠲᠥ᠋ᠷᠥᠭᠴᠢ ᠡᠨᠧᠷᠭᠢ ᠶᠢᠨ ᠲᠣᠨᠤᠭ | ᠲᠥᠬᠦᠭᠡᠷᠦᠮᠵᠢ ᠶᠢ ᠦᠢᠯᠡᠳᠬᠦ ᠦᠢᠯᠡᠰ ᠢ ᠪᠤᠶᠢᠵᠢᠭᠤᠯᠵᠤ᠂ ᠤᠰᠤᠲᠥ᠋ᠷᠥᠭᠴᠢ ᠬᠡᠶ ᠶᠢ ᠦᠢᠯᠡᠳᠬᠦ᠂ ᠬᠠᠳᠠᠭᠠᠯᠠᠬᠤ᠂ | ᠬᠦᠷᠭᠡᠬᠦ᠂ ᠨᠡᠮᠡᠬᠦ᠂ ᠬᠡᠷᠡᠭᠯᠡᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠴᠠᠬᠢᠯᠭᠠᠨ ᠵᠠᠳᠠᠯᠤᠯ ᠤᠨ | ᠤᠰᠤ ᠪᠠᠷ ᠤᠰᠤᠲᠥ᠋ᠷᠥᠭᠴᠢ ᠶᠢ ᠦᠢᠯᠡᠳᠬᠦ ᠳᠦᠭᠦᠭᠡᠷᠦᠮᠵᠢ᠂ ᠥᠨᠳᠥᠷ ᠳᠠᠷᠣᠴᠠᠳᠦ ᠬᠡᠢ ᠲᠥᠯᠥᠪᠲᠦ ᠬᠠᠳᠠᠭᠠᠯᠠᠵᠤ | ᠲᠡᠭᠡᠭᠡᠪᠦᠷᠢᠯᠡᠬᠦ ᠲᠣᠨᠤᠭ ᠲᠥᠬᠦᠭᠡᠷᠦᠮᠵᠢ᠂ ᠳᠣᠤᠷ᠎ᠠ ᠳᠠᠷᠣᠴᠠᠳᠦ ᠰᠢᠩᠭᠡᠨ ᠤᠰᠤᠲᠥ᠋ᠷᠥᠭᠴᠢ ᠶᠢ ᠬᠠᠳᠠᠭᠠᠯᠠᠵᠤ | ᠲᠡᠭᠡᠭᠡᠪᠦᠷᠢᠯᠡᠬᠦ ᠲᠣᠨᠤᠭ ᠲᠥᠬᠦᠭᠡᠷᠦᠮᠵᠢ᠂ ᠤᠰᠤᠲᠥ᠋ᠷᠥᠭᠴᠢ ᠶᠢᠨ ᠲᠦᠯᠡᠰᠢᠨ ᠴᠡᠨᠡᠭ ᠵᠢᠴᠢ ᠪᠦᠬᠦᠯᠢ ᠲᠡᠷᠭᠡ ᠵᠡᠷᠭᠡ | ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ | ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠵᠠᠩᠭᠢᠯᠠᠭ᠎ᠠ ᠶᠢᠨ ᠰᠡᠯᠪᠢᠭ ᠲᠣᠨᠤᠭ ᠢ ᠲᠣᠰ ᠭᠠᠵᠠᠷ | ᠲᠠᠭᠠᠨ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | ︵ᠳᠤᠯᠤᠭ᠎ᠠ︶ ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠵᠦ᠂ ︽ᠤᠰᠤ ᠳᠣᠳᠠᠭᠳᠠᠬᠤ︾ ᠬᠦᠴᠢᠷ | ᠠᠰᠠᠭᠤᠳᠠᠯ ᠢ ᠰᠢᠢᠳᠪᠦᠷᠢᠯᠡᠨ᠎ᠡ | 19. ᠤᠰᠤ ᠠᠷᠪᠢᠯᠠᠬᠤ ᠪᠠ ᠤᠰᠤᠨ ᠤ ᠡᠷᠬᠡ ᠶᠢ ᠰᠣᠯᠢᠬᠤ ᠶᠠᠪᠤᠳᠠᠯ ᠢ ᠠᠬᠢᠭᠤᠯᠣᠨ᠎ᠠ᠃ ᠲᠠᠷᠢᠶᠠᠯᠠᠩ ᠤᠨ | ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ᠂ ᠬᠤᠲᠠ ᠪᠠᠯᠭᠠᠰᠤ ᠶᠢᠨ ᠤᠰᠤ ᠠᠷᠪᠢᠯᠠᠬᠤ᠂ | ᠠᠮᠢ ᠠᠬᠤᠶ ᠶᠢᠨ ᠤᠰᠤ ᠠᠷᠪᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ ᠲᠠᠲᠠᠵᠤ ᠡᠨᠧᠷᠭᠢ | ᠬᠠᠳᠠᠭᠠᠯᠠᠬᠤ᠂ ᠤᠰᠤᠲᠥ᠋ᠷᠥᠭᠴᠢ ᠦᠢᠯᠡᠳᠬᠦ ᠠᠵᠤ ᠦᠢᠯᠡᠰ᠂ ᠢᠯᠴᠢ ᠶᠢᠨ ᠴᠠᠬᠢᠯᠭᠠᠨ ᠢ ᠲᠣᠬᠢᠷᠠᠭᠤᠯᠬᠤ ᠳᠤ | ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ ᠡᠯ᠎ᠡ ᠲᠠᠯ᠎ᠠ ᠶᠢᠨ ᠬᠢᠨ ᠤ ᠬᠠᠷᠢᠴᠠᠩᠭᠤᠢ ᠳᠠᠪᠠᠭᠤᠯᠢᠭ ᠢ | ᠡᠮᠬᠢᠯᠡᠨ ᠨᠡᠶᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠡᠮᠦᠨᠡᠲᠦ ᠶᠢᠨ | ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠰᠢᠨ᠎ᠡ ᠡᠨᠧᠷᠭᠢ ᠶᠢᠨ ᠺᠣᠮᠫᠠᠨᠢ ᠲᠦᠷᠦᠭᠦᠯᠡᠨ᠂ ᠵᠧᠵᠢᠶᠠᠩ ᠤᠨ ᠶᠦᠨ | ᠳ᠋ᠠ ᠺᠣᠮᠫᠠᠨᠢ ᠣᠷᠣᠯᠴᠠᠬᠤ ᠶᠢ ᠳᠡᠮᠵᠢᠵᠦ᠂ ᠠᠯᠠᠱᠠ ᠶᠢᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ | ᠲᠥᠷᠥᠯ ᠵᠦᠢᠯ ᠪᠠ ᠵᠠᠬ᠎ᠠ ᠳᠡᠯᠭᠡᠭᠦᠷᠴᠢᠯᠡᠭᠰᠡᠨ ᠡᠯ᠎ᠡ ᠲᠥᠷᠥᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠠᠮᠳᠣ | ᠪᠠᠷ ᠨᠡᠭᠡᠭᠡᠨ ᠬᠥᠭᠵᠢᠭᠦᠯᠦᠨ᠎ᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠰᠢᠨ᠎ᠡ ᠡᠨᠧᠷᠭᠢ ᠶᠢᠨ | ᠺᠣᠮᠫᠠᠨᠢ ᠪᠦᠯᠦᠭᠯᠡᠯ ᠤᠨ ᠳᠠᠪᠠᠭᠤᠯᠢᠭ ᠲᠠᠭᠠᠨ ᠲᠦᠰᠢᠭᠯᠡᠨ᠂ ᠡᠮᠦᠨᠡᠳᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ | ᠱᠤᠭᠤᠮ ᠤᠨ ᠢᠨᠵᠧᠨᠧᠷᠢᠩ᠂ ᠾᠧᠢ ᠱᠠᠨ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠬᠦᠢᠰᠦ ᠵᠡᠷᠭᠡ | ᠲᠥᠷᠥᠯ ᠵᠦᠢᠯ ᠳᠤ ᠨᠢᠭᠡᠨᠲᠡ ᠲᠥᠯᠥᠪᠵᠢᠭᠦᠯᠦᠭᠰᠡᠨ 2.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤᠨ ᠤ | ᠭᠦᠢᠴᠡᠳᠬᠡᠯ ᠲᠤᠭ᠎ᠠ ᠶᠢᠨ ᠰᠠᠭᠤᠷᠢᠨ ᠳᠡᠭᠡᠷ᠎ᠡ᠂ ᠠᠯᠠᠱᠠ ᠶᠢᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ 1 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠢᠳᠪᠦᠷᠢᠯᠡᠬᠦ ᠪᠠᠷ ᠴᠢᠷᠮᠠᠶᠢᠨ᠎ᠠ᠃ ︵ᠠᠶᠢᠮᠠᠭ ᠤᠨ ᠤᠰᠤᠨ ᠤ | ᠶᠠᠪᠤᠳᠠᠯ ᠤᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ︶ | ︵ᠨᠠᠢᠮᠠ︶ ᠨᠢᠭᠡᠳᠦᠯᠲᠡᠢ ᠲᠥᠯᠥᠪᠵᠢᠭᠦᠯᠵᠦ᠂ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠢ ᠪᠣᠶ | ᠪᠣᠯᠭᠠᠨ᠎ᠠ | 20. ᠭᠠᠵᠠᠷ ᠰᠢᠷᠣᠶ ᠶᠢᠨ ᠬᠠᠩᠭᠠᠯᠭ᠎ᠠ ᠶᠢ ᠪᠠᠷᠢᠮᠵᠢᠶᠠᠵᠢᠭᠤᠯᠤᠨ᠎ᠠ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ | ᠰᠠᠭᠤᠷᠢᠨ ᠭᠠᠵᠠᠷ ᠤᠨ ᠲᠥᠯᠥᠪᠵᠢᠭᠦᠯᠭᠡ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠤᠯᠤᠰ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠭᠠᠵᠠᠷ ᠬᠡᠷᠡᠭᠯᠡᠬᠦ ᠲᠥᠷᠥ ᠶᠢᠨ | ᠪᠣᠳᠣᠯᠭ᠎ᠠ ᠶᠢ ᠦᠨᠳᠦᠰᠦᠯᠡᠨ᠂ ᠬᠤᠰᠢᠭᠤ ᠣᠷᠣᠨ ᠢᠶᠠᠷ ᠤᠳᠤᠷᠢᠳᠤᠮᠵᠢ ᠪᠣᠯᠭᠠᠨ ᠰᠢᠨ᠎ᠡ ᠡᠨᠧᠷᠭᠢ ᠶᠢᠨ ᠬᠡᠷᠡᠭᠰᠡᠬᠦ | ᠭᠠᠵᠠᠷ ᠢ ᠵᠢᠭᠰᠠᠭᠠᠨ ᠪᠠᠶᠢᠴᠠᠭᠠᠵᠦ᠂ ︽ᠠᠷᠪᠢᠲᠠᠶ ᠡᠷᠴᠢᠮᠯᠢᠭ᠂ ᠨᠢᠭᠡᠳᠦᠯᠲᠡᠶ ᠲᠥᠯᠥᠪᠵᠢᠭᠦᠯᠬᠦ᠂ ᠲᠥᠷᠥᠯ | ᠬᠤᠪᠢᠶᠠᠨ ᠬᠡᠷᠡᠭᠵᠢᠭᠦᠯᠬᠦ᠂ ᠦᠷᠭᠦᠯᠵᠢᠯᠡᠨ ᠬᠥᠭᠵᠢᠭᠦᠯᠬᠦ︾ ᠵᠠᠷᠴᠢᠮ ᠶᠣᠰᠣᠭᠠᠷ᠂ ᠰᠢᠨ᠎ᠡ ᠡᠨᠧᠷᠭᠢ ᠶᠢᠨ ᠭᠠᠵᠠᠷ | ᠰᠢᠷᠣᠶ᠂ ᠣᠶ ᠰᠢᠭᠤᠶ ᠨᠣᠳᠤᠭ ᠪᠡᠯᠴᠢᠭᠡᠷ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠴᠡᠷᠢᠭ ᠤᠨ ᠶᠠᠪᠤᠳᠠᠯ᠂ | ᠲᠡᠤᠬᠡ ᠶᠢᠨ ᠳᠤᠷᠠᠰᠬᠠᠯᠲᠤ ᠵᠦᠢᠯᠡᠰ᠂ ᠠᠭᠤᠷᠬᠠᠢ᠂ ᠭᠠᠵᠠᠷ ᠤᠨ ᠭᠠᠮᠰᠢᠭ ᠵᠡᠷᠭᠡ ᠬᠦᠴᠦᠨ ᠵᠦᠢᠯ ᠢ ᠵᠢᠭᠰᠠᠭᠠᠨ | ᠪᠠᠶᠢᠴᠠᠭᠠᠵᠤ ᠵᠠᠳᠠᠯᠦᠨᠡ᠃ ᠰᠢᠨ᠎ᠡ ᠡᠨᠧᠷᠭᠢ ᠶᠢᠨ ᠭᠠᠵᠠᠷ ᠬᠠᠩᠭᠠᠵᠦ ᠰᠢᠯᠵᠢᠭᠦᠯᠦᠨ ᠬᠡᠷᠡᠭᠯᠡᠬᠦ ᠶᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠣᠷᠣᠨ | ᠪᠦᠰᠡ ᠳᠤ ᠨᠢᠭᠡᠳᠦᠯᠲᠡᠶ ᠡᠷᠭᠢᠯᠳᠦᠭᠦᠯᠦᠨ ᠬᠤᠳᠠᠯᠳᠤᠨ ᠠᠪᠴᠤ᠂ ᠠᠶᠢᠮᠠᠭ ᠬᠤᠰᠢᠭᠤᠨ ᠤ ᠤᠯᠤᠰ ᠤᠨ | ᠥᠮᠴᠢᠯᠡᠯᠲᠦ ᠠᠵᠤ ᠠᠬᠤᠶᠢᠯᠠᠯ ᠠᠴᠠ ︽ᠪᠠᠷᠢᠮᠵᠢᠶᠠᠲᠤ ᠭᠠᠵᠠᠷ︾ ᠢᠶᠠᠷ ᠪᠥᠲᠥᠭᠡᠨ ᠪᠠᠶᠢᠭᠤᠯᠵᠦ᠂ ᠰᠢᠨ᠎ᠡ ᠡᠨᠧᠷᠭᠢ | ᠶᠢ ᠪᠥᠲᠥᠭᠡᠨ ᠪᠠᠶᠢᠭᠤᠯᠬᠤ ᠣᠷᠣᠨ᠂ ᠦᠢᠯᠡᠴᠢᠯᠡᠭᠡᠨ ᠤ ᠣᠷᠣᠨ ᠵᠡᠷᠭᠡ ᠦᠢᠯᠡᠳᠪᠦᠷᠢᠯᠡᠯ ᠠᠮᠢᠳᠤᠷᠠᠯ ᠤᠨ ᠢᠵᠢ | ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠰᠢᠨ᠎ᠡ ᠡᠨᠧᠷᠭᠢ ᠶᠢᠨ ᠲᠥᠷᠥᠯ | ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠰᠠᠶᠢᠨ ᠭᠠᠵᠠᠷ ᠰᠢᠷᠣᠶ ᠶᠢᠨ ᠨᠥᠬᠦᠴᠡᠯ ᠢ ᠪᠣᠶ ᠪᠣᠯᠭᠠᠵᠤ᠂ | ᠲᠥᠷᠥᠯ ᠵᠦᠢᠯ ᠢ ᠵᠦᠪᠰᠢᠶᠡᠷᠡᠮᠡᠭᠴᠡ ᠳᠠᠷᠤᠶ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠱᠠᠭᠠᠷᠳᠠᠯᠭ᠎ᠠ ᠳᠤ | ᠬᠦᠷᠦᠭᠦᠯᠦᠨ᠎ᠡ᠃ ︵ᠠᠶᠢᠮᠠᠭ ᠤᠨ ᠠᠵᠦ ᠦᠢᠯᠡᠰ ᠢ ᠬᠦᠭᠵᠢᠬᠦᠯᠬᠦ ᠪᠠ ᠡᠨᠧᠷᠬᠢ ᠶᠢᠨ ᠪᠡᠯᠡ ᠣᠷᠣᠭᠤᠯᠬᠤ | ᠪᠦᠯᠦᠭᠯᠡᠯ ᠤᠨ ᠬᠢᠵᠠᠭᠠᠷᠳᠣ ᠺᠣᠮᠫᠠᠨᠢ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶ | ︵ᠶᠢᠰᠦ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ | 21. ︽ᠰᠢᠨ᠎ᠡ ᠡᠨᠧᠷᠭᠢ+ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠢᠨᠵᠧᠨᠧᠷᠢᠩ ᠢ | ᠬᠡᠷᠡᠭᠵᠢᠭᠦᠯᠦᠨ᠎ᠡ᠃ ᠤᠯᠤᠰ ᠤᠨ ︽ᠮᠢᠩᠭᠠᠨ ᠰᠢᠶᠠᠩ ᠲᠦᠮᠡᠨ ᠲᠣᠰᠬᠤᠨ ᠢᠦᠢ ᠹᠧᠩ ᠠᠵᠢᠯᠯᠠᠭ᠎ᠠ︾ ︽ᠲᠦᠭ | ᠲᠦᠮᠡᠨ ᠠᠶᠢᠯ ᠡᠷᠦᠬᠡ ᠶᠢ ᠢᠪᠡᠭᠡᠬᠦ ᠠᠵᠢᠯᠯᠠᠭ᠎ᠠ︾ ᠪᠠ ᠥᠪᠡᠷᠲᠡᠭᠡᠨ ᠵᠠᠰᠠᠬᠤ ᠣᠷᠣᠨ ᠤ ᠪᠤᠶᠢᠳᠠ ᠪᠦᠭᠯᠡᠬᠦᠦ | ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ | ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠴᠡᠪᠡᠷ ᠡᠨᠧᠷᠭᠢ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠪᠦᠬᠦ᠋ᠢᠯᠡ ᠬᠤᠰᠢᠭᠤ ︵ᠰᠢᠶᠠᠨ | ︶ ᠶᠢᠨ ᠬᠡᠷ ᠤᠨ ᠣᠷᠣᠶ ᠳᠤ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ | ᠴᠡᠭ ᠢ ᠯᠠᠪᠳᠠᠭᠤᠨ ᠢᠶᠠᠷ ᠠᠬᠢᠭᠤᠯᠤᠨ᠎ᠠ︔ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ | ᠠᠮᠢᠳᠤᠷᠠᠯ ᠦᠢᠯᠡᠳᠪᠦᠷᠢᠯᠡᠯ ᠢ ᠪᠠᠲᠤᠯᠠᠬᠤ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠲᠠᠰ | ᠳᠡᠪᠰᠢᠭᠦᠯᠬᠦ ᠢᠨᠵᠧᠨᠧᠷᠢᠩ ᠢ ᠲᠦᠷᠬᠡᠨ ᠬᠡᠷᠡᠭᠵᠢᠭᠦᠯᠵᠦ᠂ ᠪᠤᠶᠢᠳᠠ ᠪᠥᠭᠯᠡᠭᠦᠤ ᠮᠠᠯᠴᠢᠨ ᠲᠠᠷᠢᠶᠠᠴᠢᠨ ᠤ | ᠠᠮᠢᠳᠤᠷᠠᠯ ᠤᠨ ᠶᠠᠰᠤ ᠴᠢᠨᠠᠷ ᠪᠠ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ︽ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠴᠡᠪᠡᠷ ᠳᠤᠯᠠᠭᠠᠯᠠᠭ᠎ᠠ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠡᠵᠡᠨ᠎ᠡ ᠶᠢᠨ ︽ | ᠨᠡᠭᠦᠷᠡᠰᠦᠲᠥ᠋ᠷᠥᠭᠴᠢ ᠥᠬᠡᠶ ᠬᠤᠲᠠ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠰᠦᠪᠡᠭᠴᠢᠯᠡᠵᠦ᠂ ᠪᠤᠶᠢᠳᠠ ᠪᠦᠭᠯᠡᠬᠦᠦ ᠬᠤᠲᠠ ᠪᠠᠯᠭᠠᠰᠤ ᠶᠢᠨ ᠡᠨᠧᠷᠭᠢ ᠶᠢ | ᠴᠡᠪᠡᠷᠰᠢᠬᠦᠯᠵᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠰᠢ ᠭᠦᠭᠵᠢᠬᠦ ᠶᠢ ᠠᠬᠢᠭᠤᠯᠤᠨ᠎ᠠ᠃ ᠰᠢᠨ᠎ᠡ | ᠡᠨᠧᠷᠭᠢ ᠶᠢᠨ ᠠᠵᠤ ᠦᠢᠯᠡᠰ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠪᠣᠯᠤᠨ ᠳᠠᠷᠢᠵᠤ ᠲᠡᠵᠢᠭᠡᠨ ᠦᠷᠡᠵᠢᠭᠦᠯᠬᠦ | ᠠᠵᠤ ᠦᠢᠯᠡᠰ ᠤᠨ ᠲᠦᠷᠦᠯ ᠵᠦᠢᠯ ᠢ ᠬᠠᠮᠳᠣ ᠪᠠᠷ ᠬᠡᠷᠡᠭᠵᠢᠭᠦᠯᠬᠦ ᠳᠤ ᠲᠦᠰᠢᠭᠯᠡᠨ᠂ ᠮᠠᠯᠴᠢᠨ ᠲᠠᠷᠢᠶᠠᠴᠢᠨ ᠤ | ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠣᠯᠤᠨ ᠬᠥᠯᠥᠰᠥᠨ ᠠᠵᠢᠯᠴᠢᠨ ᠤ ᠣᠷᠣᠯᠭ᠎ᠠ ᠶᠢ ᠠᠯᠬᠤᠮ ᠠᠯᠬᠤᠮ ᠢᠶᠠᠷ | ᠨᠡᠮᠡᠭᠳᠡᠭᠦᠯᠦᠨ᠎ᠡ᠃ ᠲᠠᠷᠢᠶᠠᠯᠠᠩ ᠤᠢ ᠰᠢᠭᠤᠶ ᠮᠠᠯ ᠠᠵᠤ ᠠᠬᠤᠶ ᠶᠢᠨ ᠲᠤᠰᠬᠠᠶ ᠲᠥᠷᠥ ᠶᠢᠨ ᠪᠣᠳᠣᠯᠭ᠎ᠠ ᠪᠠ ᠪᠡᠯᠡ | ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ᠂ ᠰᠢᠨ᠎ᠡ ᠡᠨᠧᠷᠭᠢ+ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠤᠨ᠂ ᠪᠦᠲᠦᠭᠡᠭᠳᠡᠬᠦᠨ ᠤ | ᠬᠠᠩᠭᠠᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ | ᠦᠷᠭᠦᠯᠵᠢᠯᠡᠨ ᠪᠤᠵᠠᠭᠠᠶᠢᠷᠠᠭᠤᠯᠤᠨ᠎ᠠ᠃ ︵ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ | ᠮᠠᠯᠵᠢᠬᠤ ᠣᠷᠣᠨ ᠤ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ | ᠵᠥᠪᠯᠡᠯ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶ | ︵ᠠᠷᠪᠠ︶ ᠨᠡᠭᠦᠷᠡᠰᠦᠳᠦ᠋ᠷᠦᠭᠴᠢ ᠶᠢ ᠴᠣᠭᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠨᠡᠭᠦᠷᠡᠰᠦᠳᠦ᠋ᠷᠦᠭᠴᠢ | ᠪᠠᠭ᠎ᠠ ᠭᠠᠳᠠᠭᠰᠢᠯᠠᠭᠤᠯᠬᠤ ᠳᠡᠰᠢ ᠬᠦᠭᠵᠢᠬᠦ ᠳᠤ ᠬᠦᠴᠦᠨ ᠨᠡᠮᠡᠷᠢᠯᠡᠨ᠎ᠡ | 22. ᠨᠡᠭᠦᠷᠡᠰᠦᠲᠥ᠋ᠷᠥᠭᠴᠢ ᠪᠦᠬᠦᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠵᠢᠴᠢ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠴᠣᠭᠯᠠᠭᠤᠯᠬᠤ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠣᠷᠣᠨ ᠪᠦᠰᠡ ᠶᠢᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠬᠢᠴᠠ ᠲᠠᠢ ᠤᠶᠠᠯᠳᠤᠭᠤᠯᠤᠨ᠂ | ᠣᠷᠣᠨ ᠪᠦᠰᠡ ᠶᠢᠨ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠢᠨ᠎ᠡ | ᠡᠨᠧᠷᠭᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠳᠤ | ᠣᠷᠣᠯᠴᠠᠬᠤ ᠶᠢ ᠨᠢᠭᠡᠳᠦᠯᠲᠡᠶ ᠳᠠᠶᠢᠴᠢᠯᠠᠨ᠂ ᠠᠵᠤ ᠠᠬᠤᠶᠢᠯᠠᠯ ᠢ ᠬᠠᠮᠵᠢᠨ ᠨᠡᠭᠦᠷᠡᠰᠦᠲᠥ᠋ᠷᠥᠭᠴᠢ ᠶᠢ | ᠭᠠᠳᠠᠭᠰᠢᠯᠠᠭᠤᠯᠬᠤ ᠬᠠᠮᠢᠶᠠᠷᠤᠯᠲᠠ ᠬᠢᠵᠦ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ | ᠡᠷᠬᠡ ᠶᠢᠨ ᠠᠷᠠᠯᠵᠢᠶᠠᠨ ᠤ ᠲᠥᠪ ᠲᠤ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠲᠠᠩᠰᠠᠨ ᠡᠷᠦᠬᠡ | ᠭᠠᠷᠭᠠᠬᠤ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ | ᠳᠡᠯᠭᠡᠭᠦᠷ ᠯᠦᠭᠡ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠨ᠎ᠠ᠃ ᠴᠡᠪᠡᠷ ᠴᠠᠬᠢᠯᠭᠠᠨ ᠬᠦᠴᠦᠨ ᠤ | ᠠᠷᠠᠯᠵᠢᠶ᠎ᠠ ᠶᠢᠨ ᠲᠤᠷᠰᠢᠯᠲᠠ ᠶᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ ᠴᠡᠪᠡᠷ ᠴᠠᠬᠢᠯᠭᠠᠨ ᠬᠦᠴᠦᠨ ᠤ | ᠦᠨᠡᠮᠯᠡᠯ ᠤᠨ ᠳᠦᠷᠢᠮ ᠢ ᠲᠡᠭᠦᠯᠳᠡᠷᠵᠢᠭᠦᠯᠦᠨ᠂ ᠴᠡᠪᠡᠷ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ | ᠳᠡᠯᠭᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠴᠡᠪᠡᠷ ᠴᠠᠬᠢᠯᠭᠠᠨ ᠬᠦᠴᠦᠨ ᠤ ᠬᠠᠮᠢᠶᠠᠷᠤᠯᠲᠠ ᠶᠢ ᠬᠢᠯᠭᠡᠵᠦ᠂ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠴᠡᠪᠡᠷ ᠴᠠᠬᠢᠯᠭᠠᠨ ᠬᠦᠴᠦᠨ ᠤ ᠦᠢᠯᠡᠳᠬᠦᠨ ᠢ ᠠᠰᠢᠭᠯᠠᠨ | ᠂ ᠬᠡᠷᠡᠭᠯᠡᠭᠴᠢᠳ ᠠᠴᠠ ︽ᠴᠡᠪᠡᠷ ᠴᠠᠬᠢᠯᠭᠠᠨ ᠤ ᠦᠢᠯᠡᠳᠬᠦᠨ︾ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ︵ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠠᠷᠪᠠᠨ ᠨᠢᠭᠡ︶ ᠪᠠᠲᠤ ᠴᠢᠩᠭ᠎ᠠ ᠲᠣᠣᠷ ᠤᠨ ᠪᠦᠷᠢᠯᠳᠦᠴᠡ ᠶᠢ ᠪᠠᠶᠢᠭᠤᠯᠵᠤ᠂ ᠡᠭᠦᠰᠭᠡᠭᠴᠢ ᠪᠠ ᠳᠣᠣᠷ ᠤᠨ | ᠬᠠᠮᠵᠢᠯᠴᠠᠭ᠎ᠠ ᠶᠢ ᠪᠡᠶᠡᠯᠡᠭᠦᠯᠦᠨ᠎ᠡ | 23. ᠣᠷᠣᠨ ᠪᠦᠰᠡ ᠶᠢᠨ ᠳᠣᠲᠣᠷᠠᠬᠢ ᠲᠣᠤᠷ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠪᠠᠷᠠᠭᠠᠯᠬᠢᠯᠠᠯ ᠤᠨ | ᠴᠢᠨᠠᠷᠳᠠᠢ᠂ ᠪᠦᠬᠦᠯᠢ ᠴᠣᠭᠴᠠ ᠶᠢᠨ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠴᠢᠩᠭᠠᠳᠬᠠᠵᠤ᠂ | ᠴᠠᠬᠢᠯᠭᠠᠨ ᠬᠦᠴᠦᠨ ᠢ ᠪᠦᠲᠦᠭᠡᠨ ᠪᠠᠶᠢᠭᠤᠯᠬᠤ ᠪᠡᠯᠡ ᠣᠷᠣᠭᠤᠯᠤᠯᠲᠠ ᠶᠢ ᠴᠢᠩᠭᠠᠷᠠᠭᠤᠯᠤᠨ᠂ ᠣᠷᠣᠨ ᠪᠦᠰᠡ ᠶᠢᠨ | ᠳᠣᠲᠣᠷᠠᠬᠢ ᠴᠠᠬᠢᠯᠭᠠᠨ ᠲᠣᠤᠷ ᠤᠨ ᠪᠦᠷᠢᠯᠳᠦᠴᠡ ᠶᠢᠨ ᠪᠦᠲᠦᠴᠡ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ | ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠬᠢᠭᠡᠳ ᠪᠠᠷᠠᠭᠤᠨ ᠬᠤᠶᠢᠲᠤ ᠶᠢᠨ ᠴᠠᠬᠢᠯᠭᠠᠨ | ᠲᠣᠤᠷ ᠢ ᠬᠤᠯᠪᠣᠬᠤ ᠠᠷᠭ᠎ᠠ ᠮᠠᠶ᠋ᠢᠭ ᠢ ᠰᠤᠳᠤᠯᠵᠤ᠂ ᠴᠠᠬᠢᠯᠭᠠᠨ ᠲᠣᠤᠷ ᠤᠨ ᠠᠮᠤᠷ ᠲᠦᠪᠰᠢᠨ ᠪᠥᠭᠡᠳ | ᠲᠣᠭᠲᠠᠭᠤᠨ ᠠᠵᠢᠯᠯᠠᠭᠠᠨ ᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠣᠨᠴᠠ ᠥᠨᠳᠥᠷ ᠬᠦᠴᠦᠳᠡᠯᠲᠦ | ᠴᠠᠬᠢᠯᠭᠠᠨ ᠤ ᠲᠣᠭᠲᠠᠮᠠᠯ ᠭᠦᠶᠦᠳᠡᠯ ᠤᠨ ᠲᠣᠤᠷ ᠤᠨ ᠪᠦᠷᠢᠯᠳᠦᠴᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠨᠴᠠ | ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ᠲᠣᠮᠣ | ᠬᠡᠯᠪᠡᠷᠢ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ ᠶᠢ | ᠲᠤᠯᠭᠠᠭᠤᠷᠢᠯᠠᠨ᠎ᠠ᠃ ᠮᠤᠵᠢ ᠣᠷᠣᠨ ᠠᠯᠤᠰᠯᠠᠭᠰᠠᠨ ᠴᠠᠬᠢᠯᠭᠠᠨ ᠬᠦᠷᠭᠡᠬᠦ ᠢᠨᠵᠧᠨᠧᠷᠢᠩ ᠤᠨ ᠣᠷᠳᠣ | ᠬᠤᠭᠤᠴᠠᠭᠠᠨ ᠤ ᠬᠠᠮᠵᠢᠯᠴᠠᠭᠠᠨ ᠤ ᠬᠡᠯᠡᠯᠴᠡᠭᠡᠷ ᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ | ᠭᠠᠳᠠᠭᠰᠢ ᠴᠠᠬᠢᠯᠭᠠᠨ ᠬᠦᠷᠭᠡᠬᠦ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠵᠤ᠂ | ᠴᠠᠬᠢᠯᠭᠠᠨ ᠭᠠᠷᠭᠠᠬᠤ ᠠᠵᠤ ᠠᠬᠤᠶᠢᠯᠠᠯ ᠮᠤᠵᠢ ᠣᠷᠣᠨ ᠤ ᠬᠤᠭᠤᠷᠣᠨᠳᠣᠬᠢ ᠪᠡᠯᠡᠨ ᠪᠠᠷᠠᠭᠠᠨ ᠤ ᠠᠷᠠᠯᠵᠢᠶᠠᠨ ᠳᠤ | ᠣᠷᠣᠯᠴᠠᠬᠤ ᠶᠢ ᠠᠬᠢᠭᠤᠯᠤᠨ᠎ᠠ᠃ ᠠᠯᠳ᠋ᠬᠠᠤᠪᠤᠭ᠎ᠠ ᠶᠢᠨ 500 ᠺᠢᠯᠤᠸᠤᠯᠲ ᠤᠨ ᠬᠦᠴᠦᠳᠡᠯ ᠲᠡᠭᠡᠭᠰᠢᠯᠡᠭᠦᠯᠬᠦ | ᠢᠨᠵᠧᠨᠧᠷᠢᠩ᠂ ᠬᠤᠣ ᠶᠠ 500 ᠺᠢᠯᠤᠸᠤᠯᠲ ᠤᠨ ᠴᠠᠬᠢᠯᠭᠠᠨ ᠦᠷᠲᠡᠭᠡ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠲᠡᠭᠷᠢ ᠠ ᠭᠤᠸᠠᠩ 1 ︵500 ᠺᠢᠯᠤᠸᠤᠯᠲ ᠤᠨ ᠴᠠᠬᠢᠯᠭᠠᠨ | ᠬᠦᠷᠭᠡᠬᠦ ᠬᠤᠪᠢᠰᠬᠠᠬᠤ ᠢᠨᠵᠧᠨᠧᠷᠢᠩ︶᠂ ᠳᠠᠩᠰᠣᠭᠪᠣᠯᠠᠭ ᠠ ᠭᠤᠸᠠᠩ 2 ︵500 ᠺᠢᠯᠤᠸᠤᠯᠲ ᠤᠨ ᠴᠠᠬᠢᠯᠭᠠᠨ | ᠬᠦᠷᠭᠡᠬᠦ ᠬᠤᠪᠢᠰᠬᠠᠬᠤ ᠢᠨᠵᠧᠨᠧᠷᠢᠩ︶᠂ ᠦᠯᠵᠡᠢ ᠠ ᠹᠧᠩ ︵500 ᠺᠢᠯᠤᠸᠤᠯᠲ ᠤᠨ ᠴᠠᠬᠢᠯᠭᠠᠨ ᠬᠦᠷᠭᠡᠬᠦ | ᠬᠤᠪᠢᠰᠬᠠᠬᠤ ᠢᠨᠵᠧᠨᠧᠷᠢᠩ︶᠂ ᠳᠡᠭᠷᠢ ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ | ᠢᠨᠵᠧᠨᠧᠷᠢᠩ︶᠂ ᠲᠡᠭᠷᠢ ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ︶ ᠶᠢᠨ | ᠡᠮᠦᠨᠡᠬᠢ ᠬᠤᠭᠤᠴᠠᠭᠠᠨ ᠤ ᠠᠵᠢᠯ ᠢ ᠲᠦᠷᠬᠡᠨ ᠠᠬᠢᠭᠤᠯᠵᠤ᠂ ᠲᠦᠷᠦᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠤᠨ᠎ᠠ᠃ ︵ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶ | 24. ᠴᠠᠬᠢᠯᠭᠠᠨ ᠲᠣᠤᠷ ᠢ ᠣᠶᠤᠨᠴᠢᠯᠠᠨ ᠳᠣᠬᠢᠷᠠᠭᠤᠯᠬᠤ ᠴᠢᠳᠠᠪᠤᠷᠢ ᠶᠢ ᠴᠢᠩᠭᠠᠳᠬᠠᠨ᠎ᠠ᠃ ᠡᠷᠭᠢᠨ | ᠲᠣᠭᠤᠷᠢᠨ ᠤ ᠣᠷᠣᠨ ᠪᠦᠰᠡ ᠯᠦᠭᠡ ᠬᠠᠷᠢᠯᠴᠠᠨ ᠲᠤᠰᠠᠯᠠᠯᠴᠠᠬᠤ ᠨᠡᠯᠢᠶᠡᠳ ᠴᠢᠩᠭ᠎ᠠ ᠴᠠᠬᠢᠯᠭᠠᠨ ᠤ ᠲᠣᠤᠷ ᠤᠨ | ᠬᠠᠷᠢᠯᠴᠠᠬᠤ ᠢᠨᠵᠧᠨᠧᠷᠢᠩ ᠢ ᠲᠦᠷᠬᠡᠨ ᠲᠥᠯᠥᠪᠵᠢᠭᠦᠯᠵᠦ᠂ ᠨᠢᠭᠡᠨᠲᠡ ᠪᠠᠶᠢᠭ᠎ᠠ ᠴᠠᠬᠢᠯᠭᠠᠨ ᠬᠦᠷᠭᠡᠬᠦ ᠱᠣᠭᠤᠮ ᠤᠨ | ᠥᠭᠡᠷᠡᠴᠢᠯᠡᠯᠲᠡ ᠶᠢ ᠠᠬᠢᠭᠤᠯᠵᠤ᠂ ᠣᠷᠣᠨ ᠪᠦᠰᠡ ᠶᠢᠨ ᠪᠠᠲᠤ ᠴᠢᠩᠭ᠎ᠠ ᠴᠠᠬᠢᠯᠭᠠᠨ ᠲᠣᠤᠷ᠂ ᠤᠶᠤᠨᠲᠤ ᠴᠠᠬᠢᠯᠭᠠᠨ | ᠲᠣᠤᠷ ᠢ ᠪᠣᠶ ᠪᠣᠯᠭᠠᠬᠤ ᠬᠡᠷᠡᠭᠲᠡᠶ᠃ ᠴᠠᠬᠢᠯᠭᠠᠨ ᠬᠦᠴᠦᠨ ᠤ ᠬᠦᠶᠦᠳᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠴᠠᠬᠢᠯᠭᠠᠨ ᠲᠣᠣᠷ ᠤᠨ ᠡᠬᠢ ᠪᠠᠶᠠᠯᠢᠭ ᠢ ᠳᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠨ ᠬᠠᠩᠭᠠᠯᠭ᠎ᠠ ᠶᠢ | ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠴᠠᠬᠢᠯᠭᠠᠨ ᠡᠭᠦᠰᠭᠡᠭᠴᠢ ᠶᠢᠨ ︽ᠨᠢᠭᠡ ᠬᠥᠯᠭᠡ ᠰᠢᠲᠠᠷ᠎ᠠ︾᠂ | ᠴᠠᠬᠢᠯᠭᠠᠨ ᠲᠣᠣᠷ ᠤᠨ ︽ᠨᠢᠭᠡ ᠰᠦᠯᠵᠢᠶ᠎ᠡ︾᠂ ᠬᠡᠷᠡᠭᠴᠡᠭᠡ ᠱᠠᠭᠠᠷᠳᠠᠯᠭ᠎ᠠ ᠶᠢᠨ ᠶᠢᠨ ︽ᠨᠢᠭᠡ ᠠᠳᠠᠯᠢ ᠦᠨ᠎ᠡ︾ | ᠲᠠᠢ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠡᠭᠦᠰᠭᠡᠭᠴᠢ ᠲᠣᠣᠷ ᠤᠨ ᠬᠠᠮᠵᠢᠯᠴᠠᠭ᠎ᠠ ᠶᠢ | ᠴᠢᠩᠭᠠᠳᠬᠠᠵᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠢᠵᠢ ᠪᠦᠷᠢᠳᠦᠭᠦᠯᠬᠦ ᠴᠠᠬᠢᠯᠭᠠᠨ ᠲᠣᠣᠷ ᠢ ᠪᠦᠳᠦᠭᠡᠨ | ᠪᠠᠶᠢᠭᠤᠯᠬᠤ ᠠᠬᠢᠴᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠲᠥᠯᠥᠪᠵᠢᠭᠦᠯᠭᠡ᠂ | ᠴᠣᠬᠤᠯᠠᠪᠤᠷᠢ᠂ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠴᠠᠬᠢᠯᠭᠠᠨ ᠲᠣᠣᠷ ᠤᠨ | ᠳᠦᠯᠦᠪᠵᠢᠬᠦᠯᠦᠭᠰᠡᠨ ᠲᠦᠷᠦᠯ ᠵᠦᠢᠯ ᠵᠢᠴᠢ ᠲᠣᠣᠷ ᠢ ᠵᠠᠯᠭᠠᠬᠤ ᠢᠨᠵᠧᠨᠧᠷᠢᠩ ᠢ ᠪᠦᠳᠦᠭᠡᠨ ᠪᠠᠶᠢᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠡᠭᠦᠰᠭᠡᠭᠴᠢ ᠲᠣᠣᠷ ᠢ ᠵᠡᠷᠭᠡ ᠪᠠᠷ ᠲᠥᠯᠥᠪᠵᠢᠭᠦᠯᠵᠦ᠂ | ᠵᠡᠷᠭᠡ ᠪᠠᠷ ᠪᠦᠳᠦᠭᠡᠨ ᠪᠠᠶᠢᠭᠤᠯᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠴᠠᠬᠢᠯᠭᠠᠨ | ᠬᠦᠴᠦᠨ ᠤ ᠴᠡᠪᠡᠷ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠴᠠᠬᠢᠯᠭᠠᠨ ᠲᠣᠤᠷ ᠤᠨ ᠰᠢᠨ᠎ᠡ ᠡᠨᠧᠷᠭᠢ ᠶᠢᠨ | ᠴᠠᠬᠢᠯᠭᠠᠨ ᠬᠦᠴᠦᠨ ᠪᠣᠯᠤᠨ ᠴᠡᠪᠡᠷ ᠥᠨᠳᠥᠷ ᠦᠷ᠎ᠡ ᠪᠦᠲᠦᠮᠵᠢᠲᠡᠶ ᠲᠡᠷᠢᠭᠦᠨ ᠤ ᠡᠨᠧᠷᠭᠢ ᠠᠷᠪᠢᠯᠠᠬᠤ ᠨᠡᠭᠦᠷᠡᠰᠦ | ᠴᠠᠬᠢᠯᠭᠠᠨ ᠤ ᠮᠠᠰᠢᠨ ᠴᠣᠭᠴᠠᠯᠠᠪᠤᠷᠢ ᠶᠢ ᠤᠷᠢᠳᠠᠪᠠᠷ ᠲᠣᠬᠢᠷᠠᠭᠤᠯᠬᠤ ᠶᠢ ᠵᠣᠷᠢᠭᠵᠢᠭᠤᠯᠵᠤ᠂ ᠴᠠᠬᠢᠯᠭᠠᠨ ᠬᠦᠴᠦᠨ ᠤ | ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠴᠠᠬᠢᠯᠭᠠᠨ ᠬᠦᠴᠦᠨ ᠤ | ᠰᠢᠰᠲ᠋ᠧᠮ ᠤᠨ ᠮᠡᠳᠡᠭᠡ ᠵᠠᠩᠬᠢᠵᠢᠯᠳᠠ ᠤᠶᠤᠨᠴᠢᠯᠠᠭᠰᠠᠨ ᠦᠬᠡᠷᠡᠴᠢᠯᠡᠯᠳᠡ ᠶᠢ ᠲᠦᠷᠬᠡᠳᠬᠡᠵᠦ᠂ ᠳᠣᠬᠢᠷᠠᠭᠤᠯᠬᠤ | ᠰᠢᠰᠲ᠋ᠧᠮᠵᠢ ᠶᠢ ᠰᠢᠯᠢᠳᠡᠭᠵᠢᠬᠦᠯᠦᠨ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠤᠶᠤᠨᠴᠢᠯᠠᠭᠰᠠᠨ ᠵᠢᠵᠢᠭ | ᠴᠠᠬᠢᠯᠭᠠᠨ ᠲᠤᠤᠷ ᠢ ᠪᠠᠶᠢᠷᠢᠰᠢᠭᠤᠯᠵᠦ᠂ ᠴᠠᠬᠢᠯᠭᠠᠨ ᠬᠦᠴᠦᠨ ᠤ ᠳᠠᠭᠠᠭᠠᠴᠠ ᠶᠢᠨ ᠬᠡᠯᠪᠡᠯᠵᠡᠯ ᠢ ᠰᠢᠯᠢᠳᠡᠭᠵᠢᠬᠦᠯᠵᠦ᠂ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮᠵᠢ ᠶᠢ ᠪᠠᠶᠢᠭᠤᠯᠤᠨ᠎ᠠ᠃ ᠴᠠᠬᠢᠯᠭᠠᠨ ᠬᠦᠴᠦᠨ ᠤ ᠪᠡᠯᠡᠨ | ᠪᠠᠷᠠᠭᠠᠨ ᠤ ᠵᠠᠬ᠎ᠠ ᠳᠡᠯᠭᠡᠭᠦᠷ ᠤᠨ ᠰᠢᠨ᠎ᠡ ᠡᠨᠧᠷᠭᠢ ᠶᠢ ᠳ᠋ᠦᠩᠨᠡᠨ ᠪᠤᠳᠤᠬᠤ ᠲᠣᠭᠲᠠᠴᠠ ᠳᠤ ᠲᠣᠬᠢᠷᠠᠭᠤᠯᠤᠯᠲᠠ ᠬᠢᠵᠦ | ᠂ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠪᠣᠳᠠᠲᠠᠶ ᠢᠯᠭᠠᠷᠠᠭᠤᠯᠤᠯᠲᠠ ᠪᠠ ᠳᠤᠮᠳᠠ ᠣᠷᠳᠣ ᠬᠤᠭᠤᠴᠠᠭᠠᠨ ᠤ ᠭᠡᠷ᠎ᠡ | ᠲᠣᠭᠲᠠᠭᠰᠠᠨ ᠪᠠᠶᠢᠳᠠᠯ ᠶᠣᠰᠣᠭᠠᠷ ᠳ᠋ᠦᠩᠨᠡᠨ ᠪᠤᠳᠤᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠢ | ᠢᠵᠢ ᠪᠦᠷᠢᠳᠦᠭᠦᠯᠦᠨ ᠴᠠᠬᠢᠯᠭᠠᠨ ᠬᠡᠷᠡᠭᠯᠡᠬᠦ ᠳᠠᠭᠠᠭᠠᠴᠠ ᠲᠠᠢ ᠰᠢᠭᠤᠳ ᠠᠷᠠᠯᠵᠢᠶᠠᠯᠠᠬᠤ ᠶᠢ ᠠᠬᠢᠭᠤᠯᠵᠤ᠂ ᠨᠢᠭᠡ | ᠴᠤᠭᠴᠠᠵᠢᠭᠤᠯᠤᠭᠰᠠᠨ ᠦᠬᠡᠢ᠂ ᠲᠣᠮᠣ ᠴᠠᠬᠢᠯᠭᠠᠨ ᠲᠣᠣᠷ ᠢᠶᠠᠷ ᠳᠠᠮᠵᠢᠭᠤᠯᠤᠨ ᠴᠠᠬᠢᠯᠭᠠᠨ ᠬᠠᠩᠭᠠᠬᠤ ᠵᠠᠬ᠎ᠠ | ᠳᠡᠯᠭᠡᠭᠦᠷᠴᠢᠯᠡᠨ ᠲᠣᠣᠷᠵᠢᠭᠤᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠳᠤᠮᠳᠠ ᠣᠷᠳᠣ ᠬᠤᠭᠤᠴᠠᠭᠠᠨ ᠤ | ᠭᠡᠷ᠎ᠡ ᠲᠣᠭᠲᠠᠬᠤ ᠪᠠᠷ ᠳᠠᠮᠵᠢᠭᠤᠯᠤᠨ ᠴᠠᠬᠢᠯᠭᠠᠨ ᠤ ᠬᠡᠮᠵᠢᠶ᠎ᠡ᠂ ᠴᠠᠬᠢᠯᠭᠠᠨ ᠤ ᠦᠨ᠎ᠡ ᠶᠢ ᠲᠣᠳᠣᠷᠬᠠᠶᠢᠯᠠᠵᠤ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠠᠷᠠᠯᠵᠢᠶᠠᠨ ᠤ ᠲᠥᠪ ᠠᠴᠠ ᠳ᠋ᠦᠩᠨᠡᠨ ᠪᠤᠳᠤᠨ᠎ᠠ᠃ ︵ᠠᠯᠠᠱᠠ ᠶᠢᠨ | ᠴᠠᠬᠢᠯᠭᠠᠨ ᠬᠠᠩᠭᠠᠬᠤ ᠺᠣᠮᠫᠠᠨᠢ︶ | ︵ᠠᠷᠪᠠᠨ ᠬᠤᠶᠠᠷ︶ ᠬᠥᠭᠵᠢᠯᠲᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠳᠡᠭᠡᠳᠦ ᠳᠣᠣᠷᠠᠳᠤ ᠬᠡᠯᠬᠢᠶᠡᠨ ᠤ | ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ | 25. ᠣᠷᠣᠨ ᠪᠦᠰᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠰᠢᠨ᠎ᠡ ᠡᠨᠧᠷᠭᠢ ᠶᠢᠨ ᠠᠵᠤ | ᠦᠢᠯᠡᠰ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠭᠤᠤᠯᠳᠠᠯᠭ᠎ᠠ ᠲᠠᠢ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠢᠳᠡᠪᠡᠷ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠰᠢᠨ᠎ᠡ | ᠡᠨᠧᠷᠭᠢ ᠶᠢᠨ ᠳᠡᠭᠡᠳᠦ ᠳᠣᠤᠷᠠᠳᠤ ᠬᠡᠯᠬᠢᠶᠡᠨ ᠤ ᠠᠵᠤ ᠦᠢᠯᠡᠰ ᠢ ᠣᠷᠣᠭᠤᠯᠬᠤ ᠪᠠᠶᠢᠭᠤᠯᠤᠯ ᠲᠣᠭᠲᠠᠴᠠ ᠶᠢ | ᠪᠦᠷᠢᠨᠰᠢᠬᠦᠯᠦᠨ᠂ ᠳᠡᠭᠡᠳᠦ ᠬᠡᠯᠬᠢᠶᠡᠨ ᠤ ᠠᠵᠤ ᠠᠬᠤᠶᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠪᠠᠯ ᠳᠠᠷᠣᠢ | ᠬᠡᠷᠡᠭᠯᠡᠵᠦ᠂ ᠳᠣᠤᠷᠠᠳᠤ ᠬᠡᠯᠬᠢᠶᠡᠨ ᠤ ᠠᠵᠤ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠬᠠᠷᠠᠯᠲᠠ ᠲᠠᠢ ᠪᠠᠷ | ᠳᠡᠭᠡᠭᠰᠢᠯᠡᠬᠦᠯᠦᠨ᠎ᠡ᠃ ᠲᠥᠷᠥᠯ ᠵᠦᠢᠯ ᠤᠨ ᠮᠡᠷᠭᠡᠵᠢᠯ ᠤᠨ ᠪᠤᠰᠤ ᠥᠪᠡᠷ ᠤᠨ ᠥᠷᠲᠡᠭ ᠢ ᠵᠦᠶ ᠵᠣᠬᠢᠰᠲᠠᠶ | ᠪᠣᠯᠭᠠᠬᠤ ᠶᠢ ᠬᠥᠲᠥᠯᠦᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ | ᠭᠦᠢᠴᠡᠳᠬᠡᠯ ᠲᠤᠭ᠎ᠠ᠂ ᠲᠥᠷᠥᠯ ᠵᠦᠢᠯ ᠤᠨ ᠨᠥᠬᠦᠪᠥᠷᠢ᠂ ᠴᠠᠬᠢᠯᠭᠠᠨ ᠤ ᠦᠨ᠎ᠡ ᠶᠢᠨ ᠨᠥᠬᠦᠪᠥᠷᠢ ᠵᠡᠷᠭᠡ ᠲᠠᠯ᠎ᠠ ᠪᠠᠷ | ᠲᠥᠷᠥ ᠶᠢᠨ ᠪᠣᠳᠣᠯᠭ᠎ᠠ ᠶᠢᠨ ᠳᠡᠮᠵᠢᠯᠭᠡ ᠤᠯᠬᠤ ᠪᠠᠷ ᠴᠢᠷᠮᠠᠶᠢᠨ᠎ᠠ︔ ᠲᠥᠷᠥᠯ ᠵᠦᠢᠯ ᠤᠨ ᠭᠠᠵᠠᠷ ᠬᠡᠷᠡᠭᠯᠡᠬᠦ᠂ ᠣᠢ | ᠰᠢᠭᠤᠶ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ | ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠰᠢᠯᠢᠳᠡᠭᠵᠢᠬᠦᠯᠵᠦ᠂ ᠳᠡᠭᠡᠳᠦ ᠬᠡᠯᠬᠢᠶᠡᠨ ᠤ ᠠᠵᠤ | ᠠᠬᠤᠶᠢᠯᠠᠯ ᠤᠨ ᠲᠥᠷᠥᠯ ᠵᠦᠢᠯ ᠤᠨ ᠠᠰᠢᠭ ᠣᠷᠣᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ | ᠳᠣᠤᠷᠠᠳᠤ ᠬᠡᠯᠬᠢᠶᠡᠨ ᠤ ᠠᠵᠤ ᠦᠢᠯᠡᠰ ᠬᠢᠭᠡᠳ ᠳᠡᠭᠡᠳᠦ ᠬᠡᠯᠬᠢᠶᠡᠨ ᠤ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠭᠦᠨᠵᠡᠭᠡᠶ ᠠᠭᠤᠰᠤᠯᠴᠠᠭᠤᠯᠵᠤ᠂ ᠲᠣᠰ ᠭᠠᠵᠠᠷ ᠤᠨ ᠨᠡᠭᠡᠭᠡᠨ ᠬᠥᠭᠵᠢᠭᠦᠯᠬᠦ ᠪᠠ ᠲᠣᠰ | ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠳᠣᠭᠢᠷᠠᠭᠤᠯᠵᠦ᠂ ᠳᠣᠤᠷᠠᠳᠤ ᠬᠡᠯᠬᠢᠶᠡᠨ ᠤ ᠠᠵᠤ ᠦᠢᠯᠡᠰ ᠤᠨ | ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠠᠰᠬᠠᠬᠤ ᠪᠠᠷ ᠴᠢᠷᠮᠠᠶᠢᠨ᠎ᠠ᠃ ᠠᠳᠠᠯᠢ ᠶᠠᠰᠤ ᠴᠢᠨᠠᠷ ᠠᠳᠠᠯᠢ | ᠦᠨ᠎ᠡ ᠶᠢᠨ ᠤᠷᠢᠲᠠᠯ ᠳᠣᠤᠷ᠎ᠠ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠡᠩ ᠲᠡᠷᠢᠭᠦᠨ ᠳᠤ | ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠦᠢᠯᠡᠳᠬᠦᠨ ᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ︵ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ︶ | 26. ᠪᠡᠯᠡ ᠮᠥᠩᠭᠦ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠷᠠᠭᠤᠯᠣᠨ᠎ᠠ᠃ | ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢᠳ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠣᠮᠣ | ᠬᠥᠷᠥᠩᠭᠡ᠂ ᠲᠣᠮᠣ ᠰᠠᠭᠤᠷᠢ ᠮᠥᠩᠭᠦ ᠲᠠᠢ ᠬᠤᠯᠪᠣᠭᠠᠯᠠᠨ ᠰᠢᠨ᠎ᠡ ᠡᠨᠧᠷᠭᠢ ᠶᠢᠨ ᠳᠡᠭᠡᠳᠦ ᠳᠣᠤᠷᠠᠳᠤ ᠬᠡᠯᠬᠢᠶᠡᠨ ᠤ | ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ᠂ ᠬᠥᠷᠥᠩᠭᠡ ᠪᠠᠷ ᠬᠤᠯᠪᠣᠭᠠᠰᠤ ᠪᠣᠯᠭᠠᠨ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠪᠠᠯᠠ ᠣᠷᠣᠭᠤᠯᠬᠤ ᠪᠠᠷ ᠳᠠᠮᠵᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠠᠩᠬᠠᠨ ᠤ | ᠬᠤᠭᠤᠴᠠᠭᠠᠨ ᠤ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠳᠡᠭᠡᠳᠦ ᠳᠣᠤᠷᠠᠳᠤ ᠬᠡᠯᠬᠢᠶᠡᠨ ᠤ | ᠠᠵᠤ ᠦᠢᠯᠡᠰ ᠤᠨ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ | ᠴᠢᠳᠠᠪᠤᠷᠢ ᠶᠢ ᠴᠢᠩᠭᠠᠷᠠᠭᠤᠯᠤᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠵᠣᠯᠭᠠᠭᠤᠯᠬᠤ ᠶᠢ ᠴᠢᠩᠭᠠᠳᠬᠠᠵᠤ᠂ | ᠠᠵᠤ ᠠᠬᠤᠶᠢᠯᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠢᠯᠣᠭᠤᠳᠴᠤ᠂ ᠡᠯ᠎ᠡ ᠱᠠᠲᠤᠨ ᠤ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠣᠨ᠎ᠠ᠃ ︵ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶ | ︵ᠠᠷᠪᠠᠨ ᠭᠤᠷᠪᠠ︶ ᠴᠢᠳᠠᠪᠣᠷᠢᠳᠠᠨ ᠢ ᠣᠷᠣᠭᠤᠯᠣᠨ ᠠᠪᠴᠢᠷᠠᠬᠤ ᠪᠠ ᠬᠦᠮᠦᠵᠢᠬᠦᠯᠬᠦ ᠶᠢ ᠴᠢᠩᠭᠠᠳᠬᠠᠵᠦ᠂ | ᠠᠵᠦ ᠦᠢᠯᠡᠰ ᠤᠨ ᠳᠣᠭᠳᠠᠭᠤᠨ ᠬᠦᠭᠵᠢᠯᠳᠡ ᠶᠢ ᠪᠠᠳᠣᠯᠠᠨ᠎ᠠ | 27. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠬᠦᠯᠬᠦ ᠠᠵᠢᠯ ᠢ ᠴᠢᠩᠭᠠᠷᠠᠭᠤᠯᠤᠨ᠎ᠠ᠃ ︽ | ᠣᠶᠣᠨ ᠣᠬᠠᠭᠠᠨ ᠳᠦᠪᠯᠡᠷᠡᠭᠰᠡᠨ ᠲᠡᠮᠡᠭᠡᠲᠦ ᠨᠤᠲᠤᠭ · ᠭᠠᠷᠮᠠᠭᠠᠢ ᠴᠢᠳᠠᠪᠣᠷᠢᠳᠠᠨ ᠨᠣᠳᠤᠭ ᠲᠠᠭᠠᠨ ᠪᠣᠴᠠᠬᠤ︾ | ᠵᠢᠴᠢ ︽ᠠᠯᠠᠱᠠ ᠠᠶᠢᠮᠠᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠪᠠ ᠦᠢᠯᠡᠴᠢᠯᠡᠭᠡ | ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠴᠢᠳᠠᠪᠤᠷᠢᠲᠠᠨ ᠤ ᠲᠥᠷᠥ ᠶᠢᠨ | ᠪᠣᠳᠣᠯᠭ᠎ᠠ ᠶᠢ ᠠᠰᠢᠭᠯᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠮᠠᠨ ᠤ ᠠᠶᠢᠮᠠᠭ ᠤᠨ ᠰᠢᠨ᠎ᠡ | ᠡᠨᠧᠷᠭᠢ ᠶᠢᠨ ᠦᠢᠯᠡᠰ ᠲᠤ ᠦᠢᠯᠡᠴᠢᠯᠡᠬᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ | ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠬᠢᠭᠡᠳ ᠰᠢᠨ᠎ᠡ ᠡᠨᠧᠷᠭᠢ ᠶᠢᠨ ᠠᠵᠤ ᠠᠬᠤᠶᠢᠯᠠᠯ ᠯᠤᠭ᠎ᠠ ᠴᠢᠳᠠᠪᠤᠷᠢᠲᠠᠨ ᠬᠥᠮᠦᠵᠢᠭᠦᠯᠬᠦ ᠲᠥᠯᠥᠪᠯᠡᠭᠡ | ᠪᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠭᠲᠠᠭᠠᠬᠤ ᠶᠢ ᠠᠬᠢᠭᠤᠯᠵᠤ᠂ | ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠲᠠᠢ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ | ︽ᠵᠠᠬᠢᠶᠠᠯᠠᠭ᠎ᠠ ᠶᠢᠨ ᠬᠡᠯᠪᠡᠷᠢ︾ ᠶᠢᠨ ᠴᠢᠳᠠᠪᠤᠷᠢᠲᠠᠨ ᠢ ᠬᠥᠮᠦᠵᠢᠭᠦᠯᠦᠨ᠎ᠡ᠃ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠨ᠂ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠪᠤᠶᠢᠵᠢᠭᠤᠯᠬᠤ ᠰᠢᠰᠲ᠋ᠧᠮᠵᠢ ᠶᠢ ᠪᠦᠷᠢᠨᠰᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠶᠤᠨ ᠤ | ᠲᠤᠯᠭᠠᠭᠤᠷᠢᠯᠠᠯ ᠢ ᠴᠢᠩᠭᠠᠳᠬᠠᠵᠤ᠂ ᠬᠠᠷᠠᠭᠠᠯᠵᠠᠯ ᠤᠨ ᠪᠠᠲᠤᠯᠠᠭ᠎ᠠ ᠶᠢ ᠰᠢᠯᠢᠳᠡᠭᠵᠢᠭᠦᠯᠦᠨ᠂ ᠲᠠᠪᠴᠠᠩ ᠢ ᠢᠳᠡᠪᠬᠢᠲᠡᠶ | ᠪᠠᠶᠢᠭᠤᠯᠵᠤ᠂ ᠡᠬᠢ ᠪᠠᠶᠠᠯᠢᠭ ᠢ ᠬᠤᠯᠪᠣᠵᠤ᠂ ᠨᠠᠩ ᠣᠯᠠᠨ ᠠᠺᠠᠳᠧᠮᠢᠴᠢ᠂ ᠰᠢᠨᠵᠢᠯᠡᠭᠡᠨ ᠤ ᠳᠠᠭᠠᠭᠤᠯᠤᠭᠴᠢ ᠵᠡᠷᠭᠡ | ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ︽ᠨᠡᠭᠦᠳᠡᠯ ᠤᠨ ᠬᠡᠯᠪᠡᠷᠢ︾ ᠪᠠᠷ ᠤᠷᠢᠨ ᠲᠣᠮᠢᠯᠠᠬᠤ᠂ | ︽ᠭᠠᠷᠠᠮ ᠠᠴᠠ ᠰᠠᠯᠬᠤ ᠬᠡᠯᠪᠡᠷᠢ︾ ᠪᠠᠷ ᠨᠡᠭᠡᠭᠡᠨ ᠬᠥᠭᠵᠢᠭᠦᠯᠬᠦ᠂ ︽ᠲᠣᠭᠤᠷᠢᠨ ᠪᠠᠶᠢᠴᠠᠭᠠᠬᠤ ᠬᠡᠯᠪᠡᠷᠢ︾ ᠶᠢᠨ | ᠦᠢᠯᠡᠴᠢᠯᠡᠭᠡ ᠪᠠᠷ ᠳᠠᠮᠵᠢᠭᠤᠯᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠤ ᠡᠭᠦᠳᠦᠯᠲᠡ ᠶᠢᠨ ᠴᠢᠳᠠᠪᠤᠷᠢ | ᠣᠯᠭᠤᠵᠤ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ ᠪᠦᠲᠦᠭᠡᠭᠳᠡᠬᠦᠨ ᠢ ᠲᠤᠷᠰᠢᠬᠤ᠂ ᠠᠵᠤ ᠦᠢᠯᠡᠰ ᠢ | ᠪᠣᠶᠢᠵᠢᠭᠤᠯᠬᠤ᠂ ᠳᠡᠯᠭᠡᠨ ᠦᠵᠡᠭᠦᠯᠬᠦ᠂ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠢᠨ᠎ᠡ ᠡᠨᠧᠷᠭᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ︵ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | ︵ᠠᠷᠪᠠᠨ ᠳᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠨ᠂ | ᠣᠷᠣᠨ ᠪᠦᠰᠡ ᠶᠢᠨ ᠣᠨᠴᠠᠯᠢᠭ ᠲᠠᠢ ᠬᠦᠭᠵᠢᠯᠲᠡ ᠶᠢ ᠪᠡᠶᠡᠯᠡᠭᠦᠯᠦᠨ᠎ᠡ | 28. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠰᠢᠨ᠎ᠡ ᠡᠨᠧᠷᠭᠢ ᠪᠠᠷ | ᠴᠠᠬᠢᠯᠭᠠᠨ ᠭᠠᠷᠭᠠᠬᠤ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ | ᠪᠠᠶᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | ᠲᠣᠰ ᠭᠠᠵᠠᠷ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠡᠨᠧᠷᠭᠢ ᠶᠢᠨ ᠪᠥᠲᠥᠭᠡᠨ | ᠪᠠᠶᠢᠭᠤᠯᠤᠯᠲᠠ ᠬᠥᠭᠵᠢᠯᠲᠡ ᠶᠢᠨ ᠴᠢᠬᠤᠯᠠ ᠶᠡᠭᠡ ᠮᠡᠷᠭᠡᠵᠢᠯ ᠤᠨ ᠰᠡᠳᠦᠪ ᠲᠠᠢ ᠤᠶᠠᠯᠳᠤᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠰᠢᠭᠤᠯᠬᠤ ᠶᠢ ᠴᠢᠩᠭᠠᠳᠬᠠᠵᠤ᠂ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ | ᠴᠢᠳᠠᠪᠤᠷᠢᠲᠠᠨ᠂ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ | ᠬᠡᠷᠡᠭᠯᠡᠬᠦ ᠶᠢ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠠᠶᠢᠭᠤᠯᠵᠤ᠂ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠰᠢᠰᠲ᠋ᠧᠮᠵᠢ ᠶᠢ ᠡᠭᠦᠳᠦᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠣᠯᠠᠨ ᠨᠡᠶᠢᠲᠡ ᠶᠢᠨ ᠰᠤᠳᠤᠯᠤᠨ ᠨᠡᠭᠡᠭᠡᠬᠦ᠂ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠣᠯᠠᠷᠢᠭᠤᠯᠣᠯᠳᠠ ᠶᠢ ᠲᠦᠷᠭᠡᠳᠬᠡᠵᠦ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠲᠠᠢ ᠪᠡᠶ᠎ᠡ ᠪᠠᠨ ᠳᠠᠭᠠᠭᠠᠭᠰᠠᠨ | ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠬᠦᠭᠵᠢᠬᠦᠯᠬᠦ ᠶᠢ ᠴᠢᠩᠭᠠᠳᠬᠠᠵᠤ᠂ ᠴᠢᠬᠤᠯᠠ ᠶᠡᠭᠡ ᠮᠡᠷᠭᠡᠵᠢᠯ ᠤᠨ | ᠲᠣᠨᠤᠭ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ ᠪᠠ ᠰᠢᠰᠲ᠋ᠧᠮ ᠤᠨ ᠳᠦᠪᠯᠡᠷᠡᠭᠰᠡᠨ ᠬᠢᠷᠢ ᠬᠡᠮᠵᠢᠶ᠎ᠡ | ᠵᠢᠴᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ | ᠬᠥᠭᠵᠢᠯᠲᠡ ᠳᠤ ᠦᠷᠭᠦᠯᠵᠢᠯᠡᠬᠦ ᠬᠥᠳᠡᠯᠭᠡᠬᠦ ᠬᠦᠴᠦᠨ ᠬᠠᠩᠭᠠᠨ᠎ᠠ᠃ ︵ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | ︵ᠠᠷᠪᠠᠨ ᠲᠠᠪᠤ︶ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠰᠢᠨ᠎ᠡ ᠡᠨᠧᠷᠭᠢ ᠶᠢᠨ | ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | 29. ᠲᠦᠢᠯ ᠤᠨ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ᠃ ᠡᠬᠢ ᠪᠠᠶᠠᠯᠢᠭ ᠤᠨ | ᠳᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ | ᠲᠦᠷᠦᠯ ᠵᠦᠢᠯ ᠢ ᠣᠷᠣᠭᠤᠯᠤᠨ ᠠᠪᠴᠢᠷᠠᠬᠤ᠂ ᠲᠠᠭᠠᠭᠤᠯᠤᠭᠴᠢ ᠠᠵᠤ ᠦᠢᠯᠡᠰ ᠢ ᠪᠤᠶᠢᠵᠢᠭᠤᠯᠬᠤ ᠶᠢ ᠪᠠᠷᠢᠮᠲᠠᠯᠠᠵᠤ᠂ | ᠲᠦᠷᠦᠭᠦᠦ ᠠᠵᠤ ᠠᠬᠤᠶᠢᠯᠠᠯ ᠢ ᠴᠢᠩᠭ᠎ᠠ ᠠᠩᠬᠠᠷᠴᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ | ᠮᠠᠶ᠋ᠢᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠣᠷᠣᠭᠤᠯᠤᠨ | ᠠᠪᠴᠢᠷᠠᠬᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠰᠠᠶᠢᠵᠢᠷᠠᠭᠤᠯᠵᠦ | ᠬᠡᠯᠬᠢᠶ᠎ᠡ ᠶᠢ ᠪᠠᠶᠢᠭᠤᠯᠵᠤ ᠬᠡᠯᠬᠢᠶ᠎ᠡ ᠶᠢ ᠨᠥᠬᠦᠪᠥᠷᠢᠯᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ | ᠬᠤᠯᠪᠣᠭ᠎ᠠ ᠶᠢ ᠪᠠᠶᠢᠭᠤᠯᠵᠤ᠂ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠲᠥᠪᠯᠡᠷᠡᠯ ᠢ ᠠᠬᠢᠭᠤᠯᠵᠤ᠂ ᠰᠢᠨ᠎ᠡ | ᠡᠨᠧᠷᠭᠢ ᠶᠢᠨ ᠠᠵᠤ ᠦᠢᠯᠡᠰ ᠢ ᠲᠠᠩ ᠭᠠᠭᠴᠠ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ ᠠᠴᠠ ᠪᠦᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠲᠡᠰᠢ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ | ᠦᠢᠯᠡᠰ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ︵ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠠᠷᠪᠠᠨ ᠵᠢᠷᠭᠤᠭ᠎ᠠ︶ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠢᠨᠠᠯᠲᠠ | ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠬᠦᠯᠦᠨ᠎ᠡ | 30. ᠰᠢᠨ᠎ᠡ ᠡᠨᠧᠷᠭᠢ ᠶᠢᠨ ᠠᠶᠤᠯᠭᠦᠢ ᠠᠵᠢᠯᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨ᠎ᠡ ᠡᠨᠧᠷᠭᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ᠂ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ | ᠠᠶᠣᠯᠬᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠃ ᠡᠨᠧᠷᠭᠢ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠠᠵᠢᠯᠯᠠᠭᠠᠨ ᠢ ᠬᠢᠨᠠᠨ ᠰᠢᠨᠵᠢᠵᠦ ᠰᠡᠷᠡᠮᠵᠢᠯᠡᠭᠦᠯᠬᠦ ᠶᠢ | ᠴᠢᠩᠭᠠᠳᠬᠠᠨ᠂ ᠠᠮᠤᠷ ᠲᠦᠪᠰᠢᠨ ᠤ ᠲᠦᠭᠰᠢᠭᠦᠷᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠢᠳᠡᠬᠦᠮᠵᠢᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠵᠠᠰᠠᠭ ᠠᠵᠤ ᠠᠬᠤᠶᠢᠯᠠᠯ | ᠬᠤᠯᠪᠣᠭᠠᠯᠠᠬᠤ᠂ ᠲᠣᠣᠷᠵᠢᠭᠤᠯᠤᠨ ᠬᠠᠮᠢᠶᠠᠷᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠡᠨᠧᠷᠭᠢ ᠶᠢᠨ ᠠᠮᠤᠷ | ᠲᠦᠪᠰᠢᠨ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠠᠭᠪᠤᠷ ᠢ | ᠪᠠᠶᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠶᠣᠯᠬᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠨ᠂ ᠴᠠᠬᠢᠯᠭᠠᠨ ᠬᠦᠴᠦᠨ ᠤ ᠠᠵᠤ ᠠᠬᠤᠶᠢᠯᠠᠯ ᠢ ᠵᠢᠯᠣᠭᠤᠳᠤᠨ | ᠰᠢᠮᠳᠠᠭᠤᠯᠵᠤ ᠪᠠᠶᠢᠭᠠᠳ ᠠᠶᠣᠯᠬᠦᠢ ᠦᠢᠯᠡᠳᠪᠦᠷᠢᠯᠡᠯ ᠢ ᠨᠢ ᠴᠢᠩᠭᠠᠳᠬᠠᠬᠤ ᠬᠡᠷᠡᠭᠲᠡᠶ᠃ ᠤᠰᠤᠲᠥ᠋ᠷᠥᠭᠴᠢ ᠡᠨᠧᠷᠭᠢ᠂ | ᠡᠨᠧᠷᠭᠢ ᠬᠠᠳᠠᠭᠠᠯᠠᠬᠤ ᠵᠡᠷᠭᠡ ᠰᠢᠨ᠎ᠡ ᠬᠡᠯᠪᠡᠷᠢ ᠶᠢᠨ ᠡᠨᠧᠷᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠬᠤᠯᠠᠴᠢᠯᠠᠵᠤ᠂ ᠳᠦᠷᠢᠮ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠭᠤᠣᠯ | ᠴᠣᠭᠴᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︵ | ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠬᠤᠰᠢᠭᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠵᠠᠬᠢᠷᠭ᠎ᠠ | ᠰᠢᠨ᠎ᠡ ᠡᠨᠧᠷᠭᠢ ᠶᠢᠨ ᠲᠤᠰᠬᠠᠶ ᠤᠳᠤᠷᠢᠳᠬᠤ ᠳᠤᠭᠤᠶᠢᠯᠠᠩ ᠢ ᠲᠦᠷᠦᠭᠦᠯᠡᠨ ᠪᠠᠶᠢᠭᠤᠯᠵᠤ᠂ ᠴᠢᠬᠤᠯᠠ ᠶᠡᠭᠡ ᠲᠥᠷᠥᠯ | ᠵᠦᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠵᠢᠯ | ᠡᠬᠢᠯᠡᠭᠦᠯᠬᠦ ᠠᠴᠠ ᠡᠮᠦᠨᠡᠬᠢ ᠭᠠᠷᠳᠠᠮ ᠢ ᠭᠦᠢᠴᠡᠳᠬᠡᠬᠦ ᠪᠠ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ | ᠶᠠᠪᠤᠴᠠ ᠪᠠᠷ ᠮᠥᠷᠳᠡᠨ ᠳᠣᠭᠢᠷᠠᠭᠤᠯᠵᠤ᠂ ᠲᠠᠯᠠᠪᠠᠶ ᠪᠠᠶᠢᠷᠢ ᠶᠢ ᠰᠢᠯᠢᠳᠡᠭᠵᠢᠭᠦᠯᠬᠦ᠂ ᠤᠰᠤ ᠬᠡᠷᠡᠭᠯᠡᠬᠦ᠂ ᠴᠠᠬᠢᠯᠭᠠᠨ | ᠬᠡᠷᠡᠭᠯᠡᠬᠦ ᠵᠡᠷᠭᠡ ᠪᠠᠲᠤᠯᠠᠭ᠎ᠠ ᠶᠢᠨ ᠬᠦᠴᠦᠨ ᠵᠦᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠶᠢᠮᠠᠭ ᠤᠨ ᠡᠨᠧᠷᠭᠢ᠂ | ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ | ᠪᠠᠶᠠᠯᠢᠭ᠂ ᠣᠶ ᠰᠢᠭᠤᠶ ᠨᠣᠳᠤᠭ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠦᠨ ᠴᠣᠮᠬᠠᠳᠬᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠠᠰᠢᠭᠲᠠᠶ | ᠨᠥᠬᠦᠴᠡᠯ ᠢ ᠡᠭᠦᠳᠴᠦ ᠥᠭᠭᠦᠨ᠎ᠡ᠃ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ | ᠠᠰᠢᠭᠯᠠᠨ᠂ ᠰᠢᠨ᠎ᠡ ᠡᠨᠧᠷᠭᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠢᠨ᠎ᠡ | ᠡᠨᠧᠷᠭᠢ ᠶᠢᠨ ᠬᠠᠮᠢᠶᠠᠷᠤᠯᠲᠠ ᠶᠢᠨ ᠣᠳᠣᠬᠢᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︵ | ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠴᠢᠩᠭᠠᠳᠬᠠᠨ᠎ᠠ᠃ ᠪᠥᠬᠦ ᠠᠶᠢᠮᠠᠭ ᠤᠨ ︽ | ᠨᠢᠭᠡ ᠬᠥᠯᠭᠡ ᠰᠢᠲᠠᠷ᠎ᠠ︾᠂ ᠰᠠᠯᠬᠢ ᠭᠡᠷᠡᠯ ᠤᠨ ᠡᠨᠧᠷᠭᠢ ᠶᠢᠨ ᠬᠠᠳᠠᠭᠠᠯᠠᠭᠳᠠᠴᠠ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ᠂ ᠨᠡᠭᠦᠷᠡᠰᠦᠨ ᠤ ᠬᠠᠩᠭᠠᠯᠭ᠎ᠠ᠂ ᠵᠠᠮ ᠬᠠᠷᠢᠯᠴᠠᠭᠠᠨ ᠤ ᠲᠥᠬᠦᠭᠡᠷᠦᠮᠵᠢ᠂ ᠤᠰᠤᠨ ᠤ ᠡᠬᠢ | ᠰᠤᠷᠪᠤᠯᠵᠢ ᠶᠢᠨ ᠪᠠᠲᠤᠯᠠᠭ᠎ᠠ᠂ ᠰᠢᠩᠭᠡᠭᠡᠬᠦ ᠴᠢᠳᠠᠪᠤᠷᠢ ᠵᠡᠷᠭᠡ ᠨᠥᠬᠦᠴᠡᠯ ᠢ ᠶᠡᠷᠦᠩᠬᠡᠶᠢᠯᠡᠨ᠂ ᠲᠣᠰ ᠪᠡᠶ᠎ᠡ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠪᠠᠶᠢᠳᠠᠯ ᠢ ᠦᠨᠡᠨ ᠬᠦ ᠲᠣᠳᠣᠷᠬᠠᠶ ᠣᠶᠢᠯᠠᠭᠠᠵᠤ᠂ ᠬᠠᠷᠠᠯᠲᠠ ᠡᠭᠦᠷᠭᠡ ᠪᠠᠨ | ᠲᠣᠭᠲᠠᠭᠠᠨ᠂ ᠬᠡᠷᠡᠭᠵᠢᠭᠦᠯᠬᠦ ᠠᠷᠭ᠎ᠠ ᠵᠠᠮ ᠢ ᠲᠥᠯᠥᠪᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠲᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ | ︵ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ ᠤ | ᠠᠷᠠᠳ ᠤᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠰᠢᠭᠤᠳ ᠪᠡᠯᠡ ᠣᠷᠣᠭᠤᠯᠬᠤ᠂ ᠡᠳ᠋ ᠤᠨ | ᠵᠠᠰᠠᠭ ᠠᠴᠠ ᠨᠥᠬᠦᠪᠥᠷᠢ ᠥᠭᠬᠦ᠂ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠨ᠂ ᠰᠢᠨ᠎ᠡ ᠡᠨᠧᠷᠭᠢ ᠶᠢᠨ ᠠᠵᠤ ᠦᠢᠯᠡᠰ ᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ | ᠪᠣᠯᠤᠨ ᠪᠡᠯᠡ ᠣᠷᠣᠭᠤᠯᠤᠭᠴᠢᠳ ᠤᠨ ᠠᠶᠤᠯ ᠲᠦᠭᠰᠢᠭᠦᠷᠢ ᠶᠢ ᠪᠠᠭᠤᠷᠠᠭᠤᠯᠵᠤ᠂ ᠰᠢᠨ᠎ᠡ ᠡᠨᠧᠷᠭᠢ ᠶᠢᠨ ᠮᠡᠷᠭᠡᠵᠢᠯ ᠢ | ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠠᠬᠢᠭᠤᠯᠬᠤ ᠶᠢ ᠵᠤᠷᠢᠭᠵᠢᠭᠤᠯᠤᠨ᠎ᠠ᠃ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠠᠵᠢᠯ ᠲᠥᠷᠥᠯ ᠤᠨ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠲᠣᠭᠲᠠᠭᠠᠨ᠂ ᠰᠢᠨ᠎ᠡ ᠡᠨᠧᠷᠭᠢ ᠶᠢᠨ ᠠᠵᠤ ᠦᠢᠯᠡᠰ ᠲᠤ ᠡᠷᠬᠡ ᠲᠡᠭᠰᠢ ᠥᠷᠢᠰᠥᠯᠳᠦᠬᠦ ᠣᠷᠴᠢᠨ | ᠨᠥᠬᠦᠴᠡᠯ ᠪᠠ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠨ᠎ᠠ᠃ ︵ᠠᠶᠢᠮᠠᠭ ᠤᠨ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠠᠮᠢᠶᠠᠷᠤᠯᠲᠠ ᠶᠢᠨ ᠵᠥᠪᠯᠡᠯ︶ | | | | | |