ᠮᠡᠬᠡᠯᠡᠯ ᠢ ᠰᠡᠷᠭᠡᠶᠢᠯᠡᠬᠦ ᠳᠣᠬᠠᠢ ᠰᠤᠷᠤᠬᠴᠢᠳ ᠲᠤ ᠵᠤᠷᠢᠭᠤᠯᠤᠬᠰᠠᠨ ᠰᠠᠨᠠᠭᠤᠯᠤᠮᠵᠢ
ᠨᠡᠶᠢᠲᠡᠯᠡᠭᠰᠡᠨ ᠴᠠᠭ᠄
2024/9/12
    ᠰᠢᠨ᠎ᠠ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠠ᠂ ᠰᠣᠷᠣᠭᠴᠢᠳ ᠲᠤ ᠠᠮᠠᠷᠬᠠᠨ ᠲᠤᠬᠢᠶᠠᠯᠳᠤᠬᠤ ᠬᠡᠳᠦᠨ ᠵᠦᠢᠯ ᠤᠨ ᠮᠡᠬᠡᠯᠡᠯ ᠢ ᠡᠮᠬᠢᠯᠡᠵᠦ᠂ ᠥᠷᠭᠡᠨ ᠣᠯᠠᠨ ᠰᠣᠷᠣᠭᠴᠢ᠂ ᠢᠯᠠᠩᠭᠤᠶ᠎ᠠ ᠤᠶᠤᠲᠠᠳ ᠤᠨ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠮᠡᠬᠡᠯᠡᠯ ᠤᠨ ︽ᠤᠨᠠᠭᠤᠯᠢ︾᠎ ᠠᠴᠠ ᠵᠠᠶᠢᠯᠠᠰᠬᠢᠬᠦ ᠶᠢ ᠰᠠᠨᠠᠭᠤᠯᠵᠦ ᠪᠠᠶᠢᠨ᠎ᠠ᠃    ᠵᠠᠬᠢᠶᠠᠯᠠᠭ᠎ᠠ ᠨᠡᠮᠡᠭᠳᠡᠬᠦᠯᠵᠦ ᠵᠣᠭᠤᠰ ᠪᠤᠴᠠᠭᠠᠬᠤ ᠮᠡᠬᠡᠯᠡᠯ᠃ ᠮᠡᠬᠡᠯᠡᠭᠴᠢ ᠶᠡᠷᠦ ᠨᠢ ᠣᠬᠤᠷ ᠮᠡᠳᠡᠭᠡ᠂ ᠤᠲᠠᠰᠤ᠂ ᠵᠢᠷᠬᠢᠶ᠎ᠠ ᠵᠡᠷᠭᠡ ᠪᠠᠷ ᠳᠠᠮᠵᠢᠭᠤᠯᠤᠨ ᠵᠠᠬᠢᠶᠠᠯᠠᠭ᠎ᠠ ᠨᠡᠮᠡᠭᠳᠡᠬᠦᠯᠬᠦ ᠡᠭᠦᠷᠭᠡ ᠶᠢ ᠨᠡᠶᠢᠲᠡᠯᠡᠵᠦ᠂ ᠬᠦᠮᠦᠰ ᠢ ᡁᠢ ᠹᠦ᠋ ᠪᠤᠤ᠂ ᠰᠢᠯᠵᠢᠶ᠎ᠠ ᠶᠢᠨ ᠬᠤᠯᠪᠣᠭ᠎ᠠ ᠳᠤ ᠠᠷᠭᠠᠳᠠᠨ ᠳᠠᠳᠠᠵᠦ ᠤᠷᠤᠭᠤᠯᠳᠠᠭ᠃ ᠠᠩᠬ᠎ᠠ ᠡᠬᠢᠯᠡᠭᠦ ᠳᠡᠭᠡᠨ ᠮᠡᠬᠡᠯᠡᠭᠴᠢ ᠵᠦᠪᠬᠡᠨ ᠡᠷᠡᠭᠡᠢ ᠱᠠᠩᠨᠠᠬᠤ ᠮᠡᠳᠤ ᠶᠢᠨ ᠵᠢᠵᠢᠭ ᠡᠭᠦᠷᠭᠡ ᠶᠢ ᠪᠡᠶᠡᠯᠡᠬᠦᠯᠪᠡᠯ ᠳᠠᠷᠤᠢ ᠵᠤᠭᠤᠰ ᠪᠤᠴᠠᠭᠠᠵᠤ ᠬᠦᠮᠦᠰ ᠤᠨ ᠢᠲᠡᠭᠡᠯ ᠢ ᠣᠯᠵᠤ᠂ ᠲᠠᠬᠢᠭᠠᠳ ᠶᠡᠭᠡ ᠦᠷᠳᠡᠭ ᠪᠦᠬᠦᠢ ᠡᠭᠦᠷᠭᠡ ᠦᠭᠴᠦ ᠬᠢᠯᠬᠡᠳᠡᠭ᠃ ᠡᠨᠡ ᠦᠶ᠎ᠡ ᠳᠤ᠂ ᠮᠡᠬᠡᠯᠡᠭᠴᠢ ᠨᠢ ᠬᠤᠭᠤᠰᠤᠨ ᠵᠠᠬᠢᠶᠠᠯᠠᠭ᠎ᠠ ᠨᠡᠮᠡᠭᠳᠡᠬᠦᠯᠬᠦ ᠬᠡᠳᠦᠨ ᠡᠭᠦᠷᠭᠡ ᠶᠢ ᠨᠡᠶᠢᠯᠡᠬᠦᠯᠦᠨ ᠬᠢᠬᠦ ᠪᠤᠶᠤ ᠪᠠᠩᠬᠢ ᠶᠢᠨ ᠺᠠᠷᠲ ᠤᠨ ᠨᠣᠮᠧᠷ ᠨᠢ ᠪᠤᠷᠤᠭᠤ ᠵᠡᠷᠭᠡ ᠰᠢᠯᠲᠠᠭ ᠢᠶᠠᠷ ᠵᠣᠭᠤᠰ ᠪᠤᠴᠠᠭᠠᠬᠤ ᠪᠠᠨ ᠪᠤᠯᠢᠬᠤ ᠪᠦᠭᠡᠳ ᠦᠷᠭᠦᠯᠵᠢᠯᠡᠨ ᠡᠭᠦᠷᠭᠡ ᠬᠢᠬᠦ ᠶᠢ ᠱᠠᠭᠠᠷᠳᠠᠵᠦ᠂ ᠡᠴᠤᠰ ᠲᠡᠭᠡᠨ ᠬᠤᠬᠢᠷᠠᠯ ᠠᠮᠰᠠᠭᠴᠢ ᠠᠴᠠ ᠥᠪᠡᠷ ᠢ ᠪᠠᠨ ᠮᠡᠬᠡᠯᠡᠭᠳᠡᠭᠰᠡᠨ ᠢᠶᠠᠨ ᠰᠡᠷᠡᠵᠦ ᠮᠡᠳᠡᠬᠦ ᠪᠤᠯᠳᠠᠯ᠎ᠠ ᠮᠡᠬᠡᠯᠡᠳᠡᠭ᠃    ᠵᠣᠭᠤᠰ ᠪᠤᠴᠠᠭᠠᠬᠤ ᠮᠡᠬᠡᠯᠡᠯ᠃ ᠮᠡᠬᠡᠯᠡᠭᠴᠢ ᠡᠯᠧᠺᠲᠷᠣᠨ ᠬᠤᠳᠠᠯᠳᠤᠭᠠᠨ ᠤ ᠲᠠᠪᠴᠠᠩ ᠤᠨ ᠦᠢᠯᠡᠴᠢᠯᠡᠭᠴᠢ ᠪᠤᠶᠤ ᠲᠦᠷᠭᠡᠨ ᠬᠦᠷᠭᠡᠯᠳᠡ ᠶᠢᠨ ᠦᠢᠯᠡᠴᠢᠯᠡᠭᠴᠢ ᠪᠠᠷ ᠣᠪᠯᠠᠵᠤ᠂ ᠬᠦᠮᠦᠰ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠲᠠᠸᠠᠷ ᠲᠤ ᠠᠰᠠᠭᠤᠳᠠᠯ ᠭᠠᠷᠤᠭᠰᠠᠨ ᠭᠡᠵᠦ ᠬᠤᠳᠠᠯ ᠬᠡᠯᠡᠵᠦ᠂ ᠵᠣᠭᠤᠰ ᠪᠤᠴᠠᠭᠠᠬᠤ᠂ ᠲᠥᠯᠥᠪᠦᠷᠢ ᠥᠭᠬᠦ᠂ ᠭᠠᠶᠢᠯᠢ ᠪᠤᠴᠠᠭᠠᠬᠤ ᠵᠡᠷᠭᠡ ᠰᠢᠯᠲᠠᠭᠠᠨ ᠢᠶᠠᠷ ᠬᠦᠮᠦᠰ ᠢ ᠵᠣᠭᠤᠰ ᠪᠤᠴᠠᠭᠠᠬᠤ ᠬᠠᠭᠤᠷᠮᠠᠭ ᠰᠦᠯᠵᠢᠶ᠎ᠠ ᠳᠤ ᠪᠠᠩᠬᠢ ᠶᠢᠨ ᠺᠠᠷᠲ ᠤᠨ ᠨᠣᠮᠧᠷ ᠪᠤᠶᠤ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠵᠡᠷᠭᠡ ᠶᠢ ᠲᠠᠬᠯᠠᠭᠤᠯᠵᠤ᠂ ᠳᠠᠬᠢᠨ ᠬᠤᠬᠢᠷᠠᠯ ᠠᠮᠰᠠᠭᠴᠢ ᠶᠢᠨ ᠪᠠᠩᠬᠢ ᠶᠢᠨ ᠺᠠᠷᠲ ᠤᠨ ᠵᠣᠭᠤᠰ ᠢ ᠰᠢᠯᠵᠢᠭᠦᠯᠳᠡᠭ᠃    ᠳᠠᠩᠰᠠᠨ ᠨᠣᠮᠧᠷ ᠢᠶᠠᠨ ᠬᠤᠳᠠᠯᠳᠤᠬᠤ ᠲᠥᠷᠥᠯ ᠤᠨ ᠮᠡᠬᠡᠯᠡᠯ᠃ ᠮᠡᠬᠡᠯᠡᠭᠴᠢᠳ ᠲᠣᠭᠯᠠᠭᠠᠮ ᠤᠨ ᠲᠠᠩᠰᠠᠨ ᠨᠣᠮᠧᠷ ᠢᠶᠠᠨ ᠬᠤᠳᠠᠯᠳᠤᠬᠤ ᠭᠡᠵᠦ ᠪᠠᠶᠢᠭ᠎ᠠ ᠬᠤᠬᠢᠷᠠᠯ ᠠᠮᠰᠠᠭᠴᠢ ᠶᠢᠨ ᠵᠢᠷᠬᠢᠶ᠎ᠠ ᠵᠡᠷᠭᠡ ᠶᠢ ᠨᠡᠮᠡᠭᠰᠡᠨ ᠤ ᠲᠠᠷᠠᠭ᠎ᠠ ᠬᠠᠭᠤᠷᠮᠠᠭ ᠲᠠᠩᠰᠠ ᠰᠢᠯᠵᠢᠬᠦᠯᠦᠭᠰᠡᠨ ᠵᠢᠷᠤᠭ ᠰᠡᠬᠦᠳᠡᠷ ᠢᠶᠠᠷ ᠬᠤᠬᠢᠷᠠᠯ ᠠᠮᠰᠠᠭᠴᠢ ᠶᠢ ᠠᠷᠠᠯᠵᠢᠶ᠎ᠠ ᠪᠦᠲᠦᠭᠰᠡᠨ ᠢᠶᠠᠷ ᠠᠳᠡᠭᠦᠷᠡᠭᠦᠯᠵᠦ᠂ ᠳᠠᠬᠢᠨ ᠡᠯ᠎ᠡ ᠵᠦᠢᠯ ᠤᠨ ᠰᠢᠯᠲᠠᠭ ᠢᠶᠠᠷ ᠬᠤᠬᠢᠷᠠᠯ ᠠᠮᠰᠠᠭᠴᠢ ᠶᠢ ᠬᠤᠳᠠᠯ ᠬᠠᠭᠤᠷᠮᠠᠭ ᠠᠷᠠᠯᠵᠢᠶᠠᠨ ᠤ ᠲᠠᠪᠴᠠᠩ ᠳᠤ ᠣᠷᠣᠭᠤᠯᠤᠨ᠎ᠠ᠃ ᠮᠡᠬᠡᠯᠡᠭᠴᠢ ᠪᠠᠲᠤᠯᠠᠭ᠎ᠠ ᠶᠢᠨ ᠮᠥᠩᠭᠦ ᠲᠤᠰᠢᠶᠠᠬᠤ᠂ ᠵᠤᠭᠤᠰ ᠰᠢᠯᠵᠢᠬᠦᠯᠵᠦ ᠲᠡᠶᠢᠯᠬᠦ ᠦᠭᠡᠢ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠶᠢ ᠮᠡᠭᠡᠯᠡᠨ ᠳᠠᠬᠢᠨ ᠳᠠᠪᠲᠠᠨ ᠲᠠᠩᠰᠠ ᠰᠢᠯᠵᠢᠭᠦᠯᠦᠨ᠎ᠠ᠃    ᠪᠠᠭᠰᠢ ᠪᠠᠷ ᠣᠪᠯᠠᠬᠤ ᠮᠡᠬᠡᠯᠡᠯ᠃ ᠪᠠᠭᠰᠢ ᠪᠠᠷ ᠣᠪᠯᠠᠨ ᠬᠤᠬᠢᠷᠠᠯ ᠠᠮᠰᠠᠭᠴᠢ ᠶᠢᠨ ᠵᠢᠷᠬᠢᠶ᠎ᠠ ᠶᠢ ᠨᠡᠮᠡᠬᠦ ᠪᠤᠶᠤ ᠠᠩᠭᠢ ᠶᠢᠨ ᠬᠤᠯᠪᠣᠭ᠎ᠠ ᠳᠤ ᠣᠷᠣᠵᠤ᠂ ᠠᠩᠭᠢ ᠶᠢᠨ ᠰᠦᠢᠳᠭᠡᠯ᠂ ᠰᠤᠷᠤᠯᠭ᠎ᠠ ᠶᠢᠨ ᠰᠤᠯᠠ ᠰᠦᠢᠳᠭᠡᠯ ᠲᠤᠰᠢᠶᠠᠬᠤ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠪᠠᠷ ᠵᠣᠭᠤᠰ ᠭᠤᠪᠢᠭᠤᠯᠤᠨ᠎ᠠ᠃    ᠴᠠᠭᠳᠠᠭᠠᠨ ᠤ ᠲᠠᠯ᠎ᠠ ᠠᠴᠠ᠂ ᠰᠤᠷᠤᠬᠴᠢᠳ ᠰᠡᠵᠢᠭᠯᠡᠯᠲᠡᠶ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ 96110᠎ ᠳᠤ ᠤᠲᠠᠰᠤᠳᠠᠵᠤ ᠠᠰᠠᠭᠤᠨ ᠯᠠᠪᠯᠠᠬᠤ ᠬᠡᠷᠡᠭᠲᠡᠶ ᠭᠡᠵᠤ ᠰᠠᠨᠠᠭᠤᠯᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号