ᠡᠵᠡᠨ᠎ᠡ ᠬᠤᠰᠢᠭᠤᠨ ᠤ ᠬᠤᠶᠠᠷ ᠭᠠᠴᠠᠭᠠᠨ ᠳᠤ ᠴᠠᠬᠢᠯᠭᠠᠨ ᠨᠡᠪᠳᠡᠷᠡᠬᠦ ᠪᠤᠯᠤᠯ᠎ᠠ
ᠨᠡᠶᠢᠲᠡᠯᠡᠭᠰᠡᠨ ᠴᠠᠭ᠄
2024/9/12
    ᠣᠶᠢᠷ᠎ᠠ ᠳᠤ᠂ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠣᠨᠠᠢ ᠭᠠᠴᠠᠭ᠎ᠠ᠂ ᠤᠯᠠᠭᠠᠨᠨᠠᠭᠤᠷ ᠭᠠᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠷᠥᠯ ᠵᠦᠢᠯ ᠪᠣᠯᠬᠤ ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢ ᠡᠬᠢᠯᠡᠬᠦᠯᠤᠯ᠎ᠡ᠃    ᠲᠣᠰ ᠤᠳᠠᠭᠠᠨ ᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠨᠢ ᠭᠤᠷᠣᠨᠠᠢ ᠳᠠᠬᠢ ᠲᠤᠤᠷᠵᠢᠯ ᠢ ᠨᠡᠪᠳᠡᠷᠡᠬᠦᠯᠬᠦ 2 ᠵᠦᠢᠯ ᠤᠨ ᠢᠨᠵᠧᠨᠧᠷᠢᠩ ᠪᠠᠶᠢᠵᠣ᠂ 5170 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠲᠣᠰ ᠲᠥᠷᠥᠯ ᠵᠦᠢᠯ ᠢ ᠳᠠᠯᠠᠶᠢᠬᠦ᠋ᠪ ᠪᠠᠯᠭᠠᠰᠤ ᠠᠴᠠ ᠡᠮᠣᠨᠡᠰᠢᠬᠢ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠥᠷᠭᠡᠳᠭᠡᠨ ᠪᠠᠶᠢᠭᠤᠯᠵᠤ᠂ 35 ᠺᠢᠯᠣᠮᠧᠲᠷ ᠤᠨ ᠱᠤᠭᠤᠮ ᠢ 135.85 ᠺᠢᠯᠣᠮᠧᠲᠷ᠂ 10 ᠺᠢᠯᠣᠸᠠᠲ ᠤᠨ ᠱᠤᠭᠤᠮ ᠢ 36  ᠺᠢᠯᠣᠮᠧᠲᠷ᠂ 0.4 ᠺᠢᠯᠣᠸᠠᠲ ᠤᠨ ᠱᠤᠭᠤᠮ ᠢ 12 ᠺᠢᠯᠣᠮᠧᠲᠷ ᠰᠢᠨ᠎ᠡ ᠪᠠᠷ ᠪᠠᠶᠢᠭᠤᠯᠵᠤ᠂ ᠰᠢᠨ᠎ᠡ ᠪᠠᠷ ᠪᠠᠶᠢᠭᠤᠯᠤᠭᠰᠠᠨ ᠱᠤᠭᠤᠮ ᠤᠨ ᠳᠠᠭᠠᠤ 42 ᠬᠦᠴᠦᠳᠡᠯ ᠥᠭᠡᠷᠡᠴᠢᠯᠡᠭᠴᠢ ᠪᠠᠶᠢᠭᠤᠯᠵᠤ᠂ ᠶᠡᠷᠦᠩᠬᠡᠢ ᠪᠠᠭᠲᠠᠭᠠᠮᠵᠢ ᠨᠢ 4950 ᠺᠢᠯᠣᠸᠠᠲ ᠠᠮᠫᠧᠷ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠡᠵᠡᠨ᠎ᠡ ᠬᠤᠰᠢᠭᠤᠨ ᠤ ᠴᠠᠬᠢᠯᠭᠠᠨ ᠲᠣᠣᠷ ᠤᠨ ᠪᠦᠲᠦᠴᠡ ᠶᠢ ᠰᠢᠯᠢᠳᠡᠭᠵᠢᠭᠦᠯᠵᠦ᠂ ᠬᠢᠯᠢ ᠬᠢᠵᠠᠭᠠᠷ ᠣᠷᠣᠨ ᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ ᠤ ᠬᠡᠷᠡᠭᠴᠡᠭᠡ ᠶᠢ ᠰᠢᠢᠳᠪᠦᠷᠢᠯᠡᠨ᠂ ᠣᠷᠣᠨ ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠬᠦ ᠪᠣᠯᠣᠨ᠎ᠠ᠃    ᠳ᠋ᠦᠩᠹᠧᠩ ᠪᠠᠯᠭᠠᠰᠣᠨ ᠤ ᠭᠤᠷᠣᠨᠠᠢ ᠭᠠᠴᠠᠭ᠎ᠠ᠂ ᠤᠯᠠᠭᠠᠨᠨᠠᠭᠤᠷ ᠭᠠᠴᠠᠭ᠎ᠠ ᠪᠣᠯ ᠡᠵᠡᠨ᠎ᠡ ᠬᠤᠰᠢᠭᠤᠨ ᠳᠤ ᠣᠳᠣ ᠪᠣᠯᠳᠠᠯ᠎ᠠ ᠴᠠᠬᠢᠯᠭᠠᠨ ᠨᠡᠪᠲᠡᠷᠡᠭᠡᠳᠦᠢ ᠪᠤᠶᠢᠳᠠ ᠪᠥᠭᠯᠡᠭᠦᠦ ᠣᠷᠣᠨ ᠪᠠᠶᠢᠵᠣ᠂ ᠥᠩᠭᠡᠷᠡᠭᠰᠡᠨ ᠳᠤ ᠮᠠᠯᠴᠢᠨ ᠲᠠᠷᠢᠶᠠᠴᠢᠨ ᠴᠠᠬᠢᠯᠭᠠᠨ ᠬᠡᠷᠡᠭᠯᠡᠬᠦ ᠳᠤ ᠭᠤᠣᠯᠳᠠᠭᠤ ᠰᠠᠯᠬᠢ ᠭᠡᠷᠡᠯ ᠢ ᠬᠠᠷᠢᠯᠴᠠᠨ ᠨᠥᠬᠦᠪᠦᠷᠢᠯᠡᠬᠦ᠂ ᠴᠠᠶᠢᠶ᠋ᠢᠦ ᠲᠣᠰᠣ ᠪᠠᠷ ᠴᠠᠬᠢᠯᠭᠠᠨ ᠭᠠᠷᠭᠠᠬᠤ ᠵᠡᠷᠭᠡ ᠠᠷᠭ᠎ᠠ ᠬᠡᠯᠪᠡᠷᠢ ᠳᠤ ᠲᠦᠰᠢᠭᠯᠡᠵᠦ ᠪᠠᠶᠢᠵᠠᠢ᠃ ᠡᠨᠡ ᠵᠢᠯ ᠤᠨ ᠡᠬᠢᠨ ᠳᠤ᠂ ᠡᠵᠡᠨ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠠᠴᠠ ᠭᠤᠷᠣᠨᠠᠢ ᠭᠠᠴᠠᠭ᠎ᠠ᠂ ᠤᠯᠠᠭᠠᠨᠨᠠᠭᠤᠷ ᠭᠠᠴᠠᠭ᠎ᠠ ᠳᠤ ᠴᠠᠬᠢᠯᠭᠠᠨ ᠨᠡᠪᠲᠡᠷᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠣᠭᠲᠠᠭᠰᠠᠨ ᠪᠠᠶᠢᠨ᠎ᠠ᠃ ᠴᠠᠬᠢᠯᠭᠠᠨ ᠨᠡᠪᠲᠡᠷᠡᠭᠰᠡᠨ ᠤ ᠳᠠᠷᠠᠭ᠎ᠠ ᠭᠤᠷᠣᠨᠠᠢ ᠭᠠᠴᠠᠭ᠎ᠠ᠂ ᠤᠯᠠᠭᠠᠨᠨᠠᠭᠤᠷ ᠭᠠᠴᠠᠭ᠎ᠠ ᠪᠠ ᠵᠠᠮ ᠳᠠᠭᠠᠤ ᠶᠢᠨ 47 ᠮᠠᠯᠴᠢᠨ ᠡᠷᠦᠬᠡ ᠶᠢᠨ 94 ᠬᠥᠮᠥᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ 3000 ᠭᠠᠷᠤᠢ ᠮᠠᠯ ᠤᠨ ᠣᠣᠭᠤᠬᠤ ᠤᠰᠤᠨ ᠤ ᠠᠰᠠᠭᠤᠳᠠᠯ ᠢ ᠴᠤ ᠪᠦᠲᠦᠮᠵᠢᠲᠡᠶ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号