ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/12
    9 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ᠂ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠪᠠ ᠤᠨᠴᠠᠯᠢᠬᠳᠤ ᠬᠢᠴᠢᠶᠡᠯ ᠨᠡᠭᠡᠭᠡᠬᠦ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠠᠶᠢᠨ᠎ᠠ᠃
1.jpg
    ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ᠂ ᠪᠠᠢ ᠬᠠᠢ ᠯᠢᠨ ᠬᠤᠪᠢᠰᠬᠠᠯ ᠤᠨ ᠭᠤᠣᠯ ᠰᠡᠳᠦᠪᠲᠦ ᠬᠥᠮᠦᠵᠢᠯ ᠤᠨ ᠬᠤᠩᠬᠢᠯ᠂ ᠭᠤᠸ᠎ᠠ ᠰᠠᠶᠢᠬᠠᠨ ᠤ ᠬᠥᠮᠦᠵᠢᠯ ᠤᠨ ᠦᠷᠦᠭᠡ᠂ ᠨᠢᠰᠭᠡᠯ ᠤᠨ ᠵᠠᠭᠪᠤᠷ ᠤᠨ ᠦᠷᠦᠭᠡ᠂ ᠰᠢᠨᠵᠢᠯᠡᠭᠡ ᠮᠡᠷᠭᠡᠵᠢᠯ ᠤᠨ ᠣᠷᠳᠣᠨ ᠵᠡᠷᠭᠡ ᠶᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ᠂ ᠰᠤᠷᠤᠭᠴᠢᠳ ᠤᠨ ᠠᠮᠢᠳᠤᠷᠠᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠭᠰᠢ ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠱᠤᠭᠤᠮ ᠢ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠪᠦᠲᠦᠮᠵᠢᠲᠡᠢ ᠥᠷᠨᠢᠭᠦᠯᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠨᠴᠠᠯᠢᠬᠳᠤ ᠰᠣᠶᠣᠯ ᠤᠨ ᠴᠣᠭᠴᠠᠯᠠᠯᠲᠠ ᠶᠢ ᠰᠠᠶᠢᠲᠤᠷ ᠠᠳᠬᠤᠨ᠂ ᠦᠨᠳᠦᠰᠦᠲᠡᠨ ᠤ ᠪᠦᠯᠬᠦᠮᠳᠡᠯ ᠪᠣᠯᠤᠨ ᠶᠣᠰᠣ ᠰᠤᠷᠲᠠᠬᠤᠨ ᠢ ᠲᠡᠬᠡᠳᠦᠯᠡᠵᠦ ᠬᠥᠮᠦᠨ ᠢ ᠬᠥᠮᠦᠵᠢᠭᠦᠯᠬᠦ ᠶᠢ ᠠᠭᠤᠰᠤᠯᠴᠠᠭᠤᠯᠤᠨ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠭᠦᠨᠵᠡᠭᠡᠢ ᠰᠤᠳᠤᠯᠵᠤ᠂ ᠵᠢᠭᠠᠨ ᠰᠤᠷᠭᠠᠯᠲᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠤᠨ᠂ ᠤᠨᠴᠠᠯᠢᠬᠳᠤ ᠰᠤᠷᠭᠠᠭᠤᠯᠢ ᠡᠷᠬᠢᠯᠡᠬᠦ ᠵᠠᠭᠪᠤᠷ ᠢ ᠰᠦᠪᠡᠭᠴᠢᠯᠡᠵᠦ᠂ ᠰᠤᠷᠤᠭᠴᠢᠳ ᠤᠨ ᠶᠣᠰᠣ ᠮᠤᠷᠡᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠭᠠᠯ ᠢ ᠰᠡᠷᠬᠡᠶᠢᠯᠡᠬᠦ᠂ ᠢᠳᠡᠭᠡᠨ ᠤᠮᠳᠠᠭᠠᠨ᠂ ᠴᠠᠬᠢᠯᠭᠠᠨ᠂ ᠵᠠᠮ ᠬᠠᠷᠢᠯᠴᠠᠭ᠎ᠠ᠂ ᠰᠤᠷᠤᠭᠴᠢᠳ ᠤᠨ ᠰᠡᠳᠭᠢᠴᠡ ᠶᠢ ᠵᠢᠯᠣᠭᠤᠳᠬᠤ ᠵᠡᠷᠭᠡ ᠠᠵᠢᠯ ᠢ ᠴᠢᠩᠭ᠎ᠠ ᠨᠢᠮᠪᠠᠶ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠶᠤᠯ ᠲᠦᠭᠰᠢᠭᠦᠷᠢ ᠶᠢᠨ ᠲᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠳᠤᠯᠠᠭᠠᠨ ᠲᠠᠭᠠᠯᠠᠮᠵᠢᠲᠠᠶ᠂ ᠠᠮᠤᠷ ᠲᠦᠪᠰᠢᠨ ᠡᠮᠬᠢ ᠵᠢᠷᠤᠮ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ ᠬᠡᠪᠡ᠃
2.jpg
    ᠠᠯᠠᠱᠠ ᠵᠡᠭᠦᠨ ᠬᠤᠰᠢᠭᠤᠨ ᠤ ᠬᠡᠦᠬᠡᠳ ᠤᠨ ᠬᠤᠶᠡᠳᠤᠭᠠᠷ ᠴᠡᠴᠡᠷᠯᠢᠭ ᠲᠤ᠂ ᠪᠠᠢ ᠬᠠᠢ ᠯᠢᠨ ᠬᠢᠴᠢᠶᠡᠯ ᠤᠨ ᠭᠡᠷ᠂ ᠲᠣᠭᠯᠠᠭᠠᠮ ᠤᠨ ᠲᠣᠭᠤᠷᠢᠭ᠂ ᠬᠤᠭᠤᠯᠠᠨ ᠭᠡᠷ ᠵᠡᠷᠭᠡ ᠭᠠᠵᠠᠷ ᠢᠶᠠᠷ ᠬᠦᠷᠴᠦ᠂ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠭᠦᠯᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠲᠡᠷᠡ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯ ᠰᠠᠭᠤᠷᠢ ᠰᠤᠷᠭᠠᠨ ᠬᠥᠮᠦᠵᠢᠯ ᠤᠨ ᠴᠢᠬᠤᠯᠠ ᠱᠠᠲᠤ ᠦᠶ᠎ᠡ ᠪᠤᠯᠬᠤᠷ᠂ ᠬᠠᠯᠠᠭᠤᠨ ᠳᠤᠯᠠᠭᠠᠨ᠂ ᠥᠪᠡᠷᠮᠢᠴᠡ ᠣᠨᠴᠠᠯᠢᠭ ᠲᠠᠢ᠂ ᠴᠢᠨᠠᠷ ᠴᠢᠨᠰᠠᠭ᠎ᠠ ᠲᠠᠢ ᠬᠡᠤᠬᠡᠳ ᠤᠨ ᠴᠡᠴᠡᠷᠯᠢᠭ ᠢ ᠰᠠᠶᠢᠲᠤᠷ ᠡᠷᠭᠢᠯᠡᠵᠦ᠂ ᠬᠦᠯᠢᠴᠡᠩᠭᠦᠶ ᠪᠠᠷ ᠬᠠᠨᠳᠤᠨ᠂ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠪᠠᠶᠠᠯᠢᠭᠵᠢᠭᠤᠯᠤᠨ᠂ ᠠᠰᠠᠷᠠᠨ ᠬᠥᠮᠦᠵᠢᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠤᠨ᠂ ᠬᠡᠦᠬᠡᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠬᠡᠷᠡᠭᠲᠡᠢ ᠬᠡᠪᠡ᠃
3.jpg
    ᠠᠯᠠᠱᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ᠂ ᠪᠠᠢ ᠬᠠᠢ ᠯᠢᠨ ᠰᠤᠷᠭᠠᠭᠤᠯᠢ ᠶᠢᠨ ᠬᠠᠮᠢᠶᠠᠷᠤᠯᠲᠠ᠂ ᠰᠤᠷᠤᠭᠴᠢᠳ ᠤᠨ ᠰᠤᠷᠤᠯᠴᠠᠯᠭ᠎ᠠ ᠠᠮᠢᠳᠤᠷᠠᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠲᠡᠷᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠨᠴᠠᠭᠠᠶ ᠰᠤᠷᠭᠠᠭᠤᠯᠢ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号