︽ᠳᠦᠴᠢᠨ ᠨᠢᠭᠡᠳᠡᠬᠢ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/12
     ᠠᠵᠢᠯᠯᠠᠭ᠎ᠠ ᠶᠢᠨ ᠰᠠᠷ᠎ᠠ ᠶᠢᠨ ᠡᠯ᠎ᠡ ᠵᠦᠢᠯ ᠤᠨ ᠠᠵᠢᠯᠯᠠᠭ᠎ᠠ ᠶᠢ ᠪᠦᠲᠦᠮᠵᠢᠲᠡᠶ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠶᠢᠨ ᠲᠥᠯᠥᠭᠡ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠶᠢᠮᠠᠭ ᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ ︽ᠳᠦᠴᠢᠨ ᠨᠢᠭᠡᠳᠡᠬᠢ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠥᠬᠦ ᠲᠠᠯ᠎ᠠ ᠪᠠᠷ ᠪᠠᠶᠢᠷᠢᠯᠠᠭᠤᠯᠤᠨ ᠪᠥᠬᠦ ᠬᠦᠴᠦᠨ ᠢᠶᠠᠷ ᠠᠬᠢᠭᠤᠯᠪᠠ᠃      ᠨᠢᠭᠡ᠂ ᠲᠣᠭᠲᠠᠭᠠᠭᠰᠠᠨ ᠠᠬᠤᠶ ᠪᠠᠶᠢᠳᠠᠯ      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠳᠣᠣᠱᠯᠠᠭᠤᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠳᠥᠷᠪᠡᠨ ᠬᠠᠮᠲᠤ︾ ᠶᠢᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠪᠠ ︽ᠳᠦᠷᠪᠡ ᠶᠢ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠵᠢᠱᠢᠶ᠎ᠡ ᠦᠵᠡᠭᠦᠯᠬᠦ ᠠᠶᠢᠮᠠᠭ ᠢ ᠲᠦᠷᠬᠡᠨ ᠪᠠᠶᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠦᠴᠢᠨ ᠨᠢᠭᠡᠳᠡᠬᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ︾ ᠶᠣᠰᠣᠭᠠᠷ᠂ ︽ᠳᠦᠴᠢᠨ ᠨᠢᠭᠡᠳᠡᠬᠢ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ︾ ᠢ ᠲᠣᠭᠲᠠᠭᠠᠪᠠ᠃     ᠬᠤᠶᠠᠷ᠂ ᠲᠣᠭᠲᠠᠭᠠᠭᠰᠠᠨ ᠦᠨᠳᠦᠰᠦᠯᠡᠯ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠦᠷᠢᠮ︾ ᠤᠨ ᠳᠥᠴᠢᠨ ᠨᠠᠢᠮᠠᠳᠤᠭᠠᠷ ᠵᠦᠢᠯ ᠳᠤ ᠳᠣᠭᠳᠠᠭᠠᠭᠰᠠᠨ᠄ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠢᠯ ᠪᠦᠷᠢ ᠶᠢᠨ 5 ᠳ᠋ᠤᠭᠠᠷ ᠰᠠᠷ᠎ᠠ ᠳᠤ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠭᠠᠵᠤ᠂ 5 ᠳ᠋ᠤᠭᠠᠷ ᠰᠠᠷ᠎ᠠ ᠶᠢᠨ ᠬᠠᠮᠤᠭ ᠤᠨ ᠰᠡᠭᠦᠯᠴᠢ ᠶᠢᠨ ᠨᠢᠭᠡ ᠭᠠᠷᠠᠭ ᠢ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠪᠣᠯᠭᠠᠨ᠎ᠠ︔ ᠵᠢᠯ ᠪᠦᠷᠢ ᠶᠢᠨ 9 ᠳ᠋ᠣᠭᠡᠷ ᠰᠠᠷ᠎ᠠ ᠳᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠭᠠᠨ᠎ᠠ ᠭᠡᠬᠦ ᠠᠭᠤᠯᠭ᠎ᠠ ᠶᠢ ᠦᠨᠳᠦᠰᠦᠯᠡᠪᠡ᠃     ᠭᠤᠷᠪᠠ᠂ ᠠᠭᠤᠯᠭ᠎ᠠ ᠶᠢᠨ ᠲᠠᠶᠢᠯᠤᠮᠵᠢ     ︵ᠨᠢᠭᠡ︶ ᠠᠵᠢᠯᠯᠠᠭ᠎ᠠ ᠶᠢᠨ ᠰᠠᠷ᠎ᠠ ᠶᠢᠨ ᠭᠤᠤᠯ ᠰᠡᠳᠦᠪ     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠦᠯᠦᠭᠡᠢ ᠶᠢ ᠪᠠᠶᠢᠭᠤᠯᠤᠨ᠎ᠠ᠃     ︵ᠬᠤᠶᠠᠷ︶ ᠠᠵᠢᠯᠯᠠᠭ᠎ᠠ ᠶᠢᠨ ᠠᠭᠤᠯᠭ᠎ᠠ     1. ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠨ ᠤᠬᠠᠭᠤᠯᠵᠤ ᠳᠣᠣᠱᠯᠠᠭᠤᠯᠣᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠶᠢ ᠠᠵᠢᠯᠯᠠᠭ᠎ᠠ ᠶᠢᠨ ᠰᠠᠷ᠎ᠠ ᠶᠢᠨ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠬᠤᠷᠠᠯ ᠤᠨ ᠵᠣᠷᠢᠭ ᠰᠠᠨᠠᠭ᠎ᠠ ᠶᠢ ᠮᠠᠨ ᠤ ᠠᠶᠢᠮᠠᠭ ᠲᠤ ᠣᠯᠠᠮᠵᠢᠯᠠᠬᠤ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠭᠦᠯᠵᠦ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠢ ᠨᠡᠩ ᠪᠠᠲᠤᠳᠬᠠᠨ᠎ᠠ᠃     2. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠵᠢᠯᠯᠠᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠠᠭᠤᠯᠭ᠎ᠠ ᠨᠢ ᠪᠠᠶᠠᠯᠢᠭ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠭᠤᠤᠯ ᠰᠡᠳᠦᠪ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ ᠡᠯ᠎ᠡ ᠠᠵᠢᠯ ᠲᠥᠷᠥᠯ ᠡᠯ᠎ᠡ ᠬᠦᠷᠢᠶᠡᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠦᠨ ᠳᠠᠭᠠᠭᠤᠯᠬᠤ ᠪᠠ ᠳᠠᠶᠢᠴᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ᠃     3. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠨ᠎ᠠ᠃ ᠠᠵᠢᠯᠯᠠᠭ᠎ᠠ ᠶᠢᠨ ᠰᠠᠷ᠎ᠠ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠤᠬᠠᠭᠤᠯᠤᠨ ᠮᠡᠳᠡᠭᠡᠯᠡᠬᠦ ᠰᠠᠷ᠎ᠠ ᠪᠣᠯᠭᠠᠵᠤ᠂ ︽ᠳᠣᠷᠭᠤᠳᠴᠣᠳ ᠡᠬᠡ ᠣᠯᠣᠰ ᠲᠠᠭᠠᠨ ᠪᠣᠴᠠᠵᠦ ᠢᠷᠡᠭᠰᠡᠨ︾᠂ ︽ᠳᠦᠷᠦ ᠶᠢᠨ ᠨᠠᠶᠢᠳᠠᠯᠭ᠎ᠠ ᠪᠠᠷ  ᠠᠯᠠᠱᠠ ᠦᠨᠦᠴᠢᠨ ᠬᠡᠦᠬᠡᠳ ᠢ ᠦᠷᠡᠴᠢᠯᠡᠵᠦ ᠠᠪᠣᠭᠰᠠᠨ︾᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠪᠠᠨ ᠰᠠᠨᠰᠠᠷ ᠤᠨ ᠦᠢᠯᠡᠰ ᠲᠤ ᠵᠣᠷᠢᠭᠤᠯᠣᠭᠰᠠᠨ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠬᠤᠪᠢ ᠬᠥᠮᠦᠨ ᠢᠶᠠᠷ ᠳᠠᠭᠤᠷᠢᠶᠠᠯ ᠪᠣᠯᠭᠠᠬᠤ ᠵᠢᠭᠠᠬᠤ ᠮᠠᠲ᠋ᠧᠷᠢᠶᠠᠯ ᠪᠣᠯᠭᠠᠵᠤ᠂ ᠡᠯ᠎ᠡ ᠱᠠᠲᠤᠨ ᠤ ᠵᠢᠱᠢᠶᠡᠴᠢ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠶᠢ ᠲᠥᠪᠯᠡᠷᠡᠭᠦᠯᠦᠨ ᠰᠠᠶᠢᠲᠤᠷ ᠬᠢᠵᠦ᠂ ᠨᠡᠶᠢᠭᠡᠮ ᠳᠠᠶᠠᠭᠠᠷ ᠲᠤ ᠰᠤᠷᠤᠯᠴᠠᠵᠤ ᠵᠢᠱᠢᠶ᠎ᠡ ᠦᠵᠡᠭᠦᠯᠬᠦ᠂ ᠵᠢᠱᠢᠶᠡᠴᠢ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃     4. ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠤᠨ᠎ᠠ᠃ ᠠᠵᠢᠯᠯᠠᠭ᠎ᠠ ᠶᠢᠨ ᠰᠠᠷ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠠᠭᠤᠰᠤᠯᠴᠠᠬᠤ ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠵᠡᠷᠭᠡ ᠲᠦᠷᠦᠯ ᠲᠡᠮᠳᠡᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠪᠠ ᠨᠥᠬᠦᠷᠰᠡᠭ ᠢᠶᠠᠷ ᠬᠠᠷᠢᠯᠴᠠᠬᠤ ᠠᠵᠢᠯᠯᠠᠭ᠎ᠠ ᠶᠢ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠶᠢᠭᠤᠯᠬᠤ ︽ᠳᠡᠪᠰᠢᠭᠰᠡᠨ ᠬᠡᠪ︾ ᠢ ᠪᠣᠶ ᠪᠣᠯᠭᠠᠵᠤ᠂ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ︾ ᠢ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠨ᠎ᠡ᠃    5. ᠪᠠᠶᠠᠯᠢᠭ ᠠᠭᠤᠯᠭ᠎ᠠ ᠪᠦᠬᠦᠢ ᠭᠤᠣᠯ ᠰᠡᠳᠦᠪᠳᠦ ᠦᠢᠯᠡᠳᠦᠯᠬᠡ ᠶᠢᠨ ᠠᠵᠢᠯᠯᠠᠭ᠎ᠠ ᠶᠢ ᠦᠷᠨᠢᠬᠦᠯᠦᠨ᠎ᠡ᠃ ᠠᠵᠢᠯᠯᠠᠭ᠎ᠠ ᠶᠢᠨ ᠰᠠᠷ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠤᠬᠠᠭᠤᠯᠭ᠎ᠠ ᠬᠥᠮᠦᠵᠢᠯ ᠢ ᠱᠠᠳᠣ ᠬᠤᠪᠢᠶᠠᠨ᠂ ᠭᠤᠣᠯᠳᠠᠯᠭ᠎ᠠ ᠲᠠᠢ ᠪᠠᠷ ᠥᠷᠨᠢᠭᠦᠯᠦᠨ᠎ᠡ᠃ ᠲᠥᠰᠦᠯ ᠨᠢ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠰᠤᠮᠤ ᠪᠠᠯᠭᠠᠰᠤ᠂ ᠭᠠᠴᠠᠭ᠎ᠠ ᠵᠡᠷᠭᠡ ᠬᠦᠷᠢᠶᠡᠨ ᠳᠤ ᠠᠵᠢᠯᠯᠠᠭ᠎ᠠ ᠥᠷᠨᠢᠭᠦᠯᠬᠦ ᠶᠢ ᠵᠢᠯᠣᠭᠤᠳᠬᠤ ᠶᠢᠨ ᠬᠠᠮᠲᠤ ᠪᠣᠶ ᠪᠥᠬᠦᠶ ᠬᠦᠷᠢᠶ᠎ᠡ ᠴᠠᠷᠠᠭ᠎ᠠ ᠳᠤ ᠴᠥᠮ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠭᠠᠵᠠᠷ ᠢ ᠪᠣᠶ ᠪᠣᠯᠭᠠᠬᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠬᠠᠷᠠᠯᠲᠠ ᠶᠢᠨ ᠲᠣᠭᠤᠷᠢᠨ ᠳᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠡᠯ᠎ᠡ ᠲᠥᠷᠥᠯ ᠤᠨ ᠠᠴᠢᠶᠠᠯᠠᠪᠤᠷᠢ ᠲᠠᠪᠴᠠᠩ ᠢ ᠰᠠᠶᠢᠲᠤᠷ ᠬᠡᠷᠡᠭᠯᠡᠨ ᠬᠠᠮᠢᠶ᠎ᠠ ᠪᠥᠬᠦᠶ ᠠᠵᠢᠯᠯᠠᠭ᠎ᠠ ᠥᠷᠨᠢᠭᠦᠯᠬᠦ ᠶᠢ ᠴᠢᠬᠤᠯᠠᠴᠢᠯᠠᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃    ᠲᠠᠶᠢᠯᠤᠮᠵᠢ ᠬᠢᠭᠰᠡᠨ ᠨᠢ᠄ ᠬᠣ᠋ ᠺᠠᠶ ᠡᠤ ︵ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ︶   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号