ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ | ᠨᠠᠶᠢᠳᠠᠪᠣᠷᠢᠵᠢᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ | ︵ᠥᠪᠥᠷ ᠨᠠᠮ ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠢ ᠭᠦᠨᠵᠡᠭᠡᠶ | ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠠᠯᠠᠱᠠ ᠠᠶᠢᠮᠠᠭ ᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠯᠠᠱᠠ ᠠᠶᠢᠮᠠᠭ ᠤᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠣᠤᠷᠠᠬᠢ ᠮᠡᠲᠦ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ᠂ ᠰᠢᠨ᠎ᠡ ᠶᠢ ᠡᠭᠦᠳᠬᠦ ᠭᠤᠤᠯ ᠴᠤᠭᠴᠠ ᠶᠢ ᠶᠡᠬᠡᠪᠡᠷ ᠪᠤᠶᠢᠵᠢᠭᠤᠯᠤᠨ᠎ᠠ | ︵ᠨᠢᠭᠡ︶ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠰᠢᠪᠳᠣᠯᠣᠯᠳᠠ ᠶᠢ ᠠᠬᠢᠭᠤᠯᠤᠨ᠎ᠠ᠃ ᠪᠥᠬᠦ | ᠠᠶᠢᠮᠠᠭ ᠤᠨ 10 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠡᠭᠦᠷᠭᠡ ᠶᠢ ᠪᠣᠯᠪᠠᠰᠤᠷᠠᠭᠤᠯᠵᠤ᠂ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ | ᠭᠠᠳᠠᠭᠠᠳᠤ ᠶᠢᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ | ᠰᠤᠷᠭᠠᠭᠤᠯᠢ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ᠂ ᠨᠠᠷᠠᠲᠤ ᠰᠢᠨᠵᠢᠯᠡᠬᠦ ᠤᠬᠠᠭᠠᠨᠲᠠᠨ ᠵᠢᠴᠢ | ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠬᠠᠮᠲᠤᠷᠠᠯᠴᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠪᠠᠶᠢᠭᠤᠯᠬᠤ ᠶᠢ ᠳᠡᠮᠵᠢᠵᠦ᠂ ︽ᠳᠣᠩᠬᠠᠭᠯᠠᠨ ᠮᠠᠩᠯᠠᠶᠢᠯᠠᠬᠤ︾᠂ ︽ᠮᠣᠷᠢᠨ ᠤᠷᠤᠯᠳᠤᠭᠠᠨ ᠤ ᠲᠦᠷᠢᠮ︾ ᠵᠡᠷᠭᠡ | ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠡᠨᠧᠷᠭᠢ᠂ ᠴᠡᠪᠡᠷ ᠤᠰᠤᠲᠥ᠋ᠷᠥᠭᠴᠢ᠂ ᠨᠡᠭᠦᠷᠡᠰᠦ | ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠦᠷ᠎ᠡ ᠶᠢᠨ | ᠦᠢᠯᠡᠰ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠪᠲᠤᠯᠬᠤ ᠠᠵᠢᠯ ᠢ ᠥᠷᠨᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ | ᠪᠠᠶᠢᠭᠤᠯᠤᠨ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ | ᠦᠵᠡᠭᠦᠯᠬᠦ ᠢᠨᠵᠧᠨᠧᠷᠢᠩ ᠳᠤ ᠢᠳᠡᠪᠬᠢᠲᠡᠶ ᠣᠷᠣᠯᠴᠠᠵᠤ᠂ ᠪᠥᠬᠦ ᠠᠶᠢᠮᠠᠭ ᠤᠨ ᠠᠮᠢ ᠠᠬᠤᠶ ᠡᠯᠡᠰᠦᠨ ᠤ ᠠᠵᠤ | ᠦᠢᠯᠡᠰ᠂ ᠦᠷᠬᠦᠯᠵᠢᠯᠡᠬᠦᠶᠢᠴᠡ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠳᠡᠮᠵᠢᠵᠦ᠂ | ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ | ᠬᠤᠰᠢᠭᠤ ᠣᠷᠣᠨ︶ | ︵ᠬᠤᠶᠠᠷ︶ ᠴᠢᠬᠤᠯᠠ ᠶᠡᠭᠡ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ ᠶᠢ ᠳᠡᠮᠵᠢᠨ᠎ᠡ᠃ | ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶᠡᠨ ᠳᠠᠬᠢ ᠴᠢᠬᠤᠯᠠ ᠶᠡᠭᠡ | ᠰᠢᠨᠵᠢᠯᠡᠬᠦ ᠤᠬᠠᠭᠠᠨ ᠤ ᠠᠰᠠᠭᠤᠳᠠᠯ ᠤᠨ ᠲᠣᠭᠤᠷᠢᠨ ᠳᠤ᠂ ᠰᠠᠭᠤᠷᠢ ᠰᠤᠳᠤᠯᠭᠠᠨ ᠤ ᠤᠷᠢᠳᠠᠴᠢ | ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ | ᠠᠩᠬᠠᠨ ᠤ ᠡᠭᠦᠳᠦᠯᠲᠡ ᠶᠢᠨ ᠴᠢᠨᠠᠷᠲᠠᠶ ᠰᠤᠳᠤᠯᠭᠠᠨ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ | ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠣᠳᠣᠯᠭᠠᠨ ᠤ ᠨᠥᠬᠦᠴᠡᠯ | ᠳᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠦ᠂ ᠲᠣᠮᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠣᠳᠣᠯᠭᠠᠨ ᠤ | ᠪᠠᠭᠠᠵᠢ ᠬᠡᠷᠡᠭᠰᠡᠯ ᠪᠠ ᠰᠢᠨᠵᠢᠯᠡᠬᠦ ᠤᠬᠠᠭᠠᠨ ᠤ ᠰᠣᠳᠣᠯᠭᠠᠨ ᠤ ᠰᠠᠭᠤᠷᠢ ᠲᠥᠬᠦᠭᠡᠷᠥᠮᠵᠢ ᠶᠢ ᠴᠢᠯᠦᠭᠡᠲᠡᠢ ᠪᠠᠷ | ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ | ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠭᠤᠷᠪᠠ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠤᠨ᠎ᠠ᠃ ᠰᠤᠳᠤᠯᠤᠨ ᠨᠡᠭᠡᠭᠡᠬᠦ ᠰᠦᠢᠳᠬᠡᠯ ᠤᠨ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠣᠳᠣᠵᠤ | ᠰᠠᠭᠤᠯᠭᠠᠨ ᠠᠪᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ | ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠠᠵᠤ ᠠᠬᠤᠶᠢᠯᠠᠯ ᠤᠨ | ᠰᠣᠳᠤᠯᠤᠨ ᠨᠡᠭᠡᠭᠡᠬᠦ ᠵᠠᠷᠤᠳᠠᠯ ᠤᠨ ᠪᠡᠯᠡ ᠣᠷᠤᠭᠤᠯᠤᠭᠰᠠᠨ ᠤ ᠳᠠᠷᠠᠭ᠎ᠠ ᠨᠥᠬᠦᠪᠦᠷᠢᠯᠡᠬᠦ ᠲᠣᠭᠲᠠᠴᠠ ᠶᠢ ᠪᠠᠶᠢᠭᠤᠯᠵᠤ᠂ | ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ | ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢᠨ ᠬᠠᠮᠲᠤ᠂ ᠠᠵᠤ ᠠᠬᠤᠶᠢᠯᠠᠯ ᠤᠨ ᠣᠶᠢᠷ᠎ᠠ ᠶᠢᠨ | ᠨᠢᠭᠡ ᠵᠢᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠶᠢᠨ | ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠥᠪᠡᠰᠦᠪᠡᠨ ᠭᠤᠶᠤᠴᠢᠯᠠᠨ ᠮᠡᠳᠡᠭᠦᠯᠦᠭᠰᠡᠨ ᠭᠠᠶᠢᠯᠢ | ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠤᠭᠰᠠᠨ ᠰᠣᠳᠤᠯᠤᠨ ᠨᠡᠭᠡᠭᠡᠬᠦ ᠵᠠᠷᠤᠳᠠᠯ ᠤᠨ ᠲᠤᠭ᠎ᠠ | ᠬᠡᠮᠵᠢᠶ᠎ᠡ ᠨᠢ ᠨᠥᠬᠦᠪᠦᠷᠢ ᠥᠭᠴᠦ ᠲᠥᠰᠥᠭᠡᠯᠡᠨ ᠪᠤᠳᠤᠬᠤ ᠰᠠᠭᠤᠷᠢ ᠲᠤᠭ᠎ᠠ ᠪᠠᠶᠢᠵᠤ᠂ ᠰᠣᠳᠤᠯᠤᠨ ᠨᠡᠭᠡᠭᠡᠬᠦ | ᠵᠠᠷᠤᠳᠠᠯ ᠢ 100 ᠲᠦᠮᠡᠨ ᠲᠥᠭᠦᠷᠢᠭ ︵ᠪᠠᠭᠳᠠᠭᠠᠨ᠎ᠠ︶ ᠬᠦᠷᠦᠭᠰᠡᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ | ᠵᠠᠷᠤᠳᠠᠯ ᠤᠨ 1% ᠪᠠᠷ ᠬᠤᠶᠢᠨ᠎ᠠ ᠨᠢ ᠨᠥᠬᠦᠪᠦᠷᠢ ᠦᠭᠴᠦ᠂ ᠬᠠᠮᠤᠭ ᠤᠨ ᠥᠨᠳᠥᠷ ᠲᠡᠭᠡᠨ 50 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ | ᠰᠤᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠳᠦᠷᠢᠮ ᠢ ᠪᠠᠶᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ︶ | ︵ᠲᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ — ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ — ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠢ ᠱᠠᠲᠤᠯᠠᠨ | ᠪᠤᠶᠢᠵᠢᠭᠤᠯᠬᠤ ᠰᠢᠰᠲ᠋ᠧᠮ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ | ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠲᠦᠷᠢᠮ᠂ ᠪᠡᠯᠡ ᠮᠥᠩᠭᠦ᠂ ᠴᠢᠳᠠᠪᠤᠷᠢᠲᠠᠨ ᠪᠠ ᠭᠠᠵᠠᠷ ᠰᠢᠷᠣᠢ ᠶᠢᠨ | ᠬᠠᠩᠭᠠᠯᠭ᠎ᠠ ᠵᠡᠷᠭᠡ ᠲᠠᠯ᠎ᠠ ᠪᠠᠷ᠂ ᠤᠯᠤᠰ ᠤᠨ ᠲᠦᠷᠦ ᠶᠢᠨ ᠪᠤᠳᠤᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠪᠦᠬᠦ | ᠠᠵᠢᠯ ᠤᠨ ᠬᠤᠭᠤᠴᠠᠭ᠎ᠠ ᠪᠠᠷ ᠣᠯᠭᠤᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠵᠦ᠂ ᠠᠵᠤ | ᠠᠬᠤᠶᠢᠯᠠᠯ ᠢ ᠬᠠᠪᠰᠤᠷᠤᠨ ᠲᠦᠷᠭᠡᠨ ᠪᠤᠶᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ | ᠠᠵᠤ ᠠᠬᠤᠶᠢᠯᠠᠯ ᠢᠶᠠᠷ ᠦᠨᠡᠯᠡᠭᠦᠯᠦᠨ ᠬᠥᠮᠥᠷᠭᠡ ᠳᠤ ᠣᠷᠣᠭᠰᠠᠨ ᠠᠵᠤ ᠠᠬᠤᠶᠢᠯᠠᠯ ᠳᠤ ᠠᠩᠬ᠎ᠠ ᠤᠳᠠᠭ᠎ᠠ 5 | ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠶᠢᠮᠠᠭ ᠤᠨ | ᠳᠣᠲᠣᠭᠠᠳᠤ ᠶᠢᠨ ᠠᠵᠤ ᠠᠬᠤᠶᠢᠯᠠᠯ ᠪᠠ ᠪᠥᠬᠦ ᠲᠠᠯ᠎ᠠ ᠪᠠᠷ ᠮᠠᠨ ᠤ ᠠᠶᠢᠮᠠᠭ ᠲᠤ ᠨᠡᠭᠦᠨ ᠢᠷᠡᠭᠰᠡᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠨᠥᠬᠦᠪᠥᠷᠢ ᠪᠠᠯᠠ | ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠳᠤ ᠨᠢᠭᠡ ᠯᠡ | ᠤᠳᠠᠭ᠎ᠠ ᠳᠤ 10 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠶᠢ ᠬᠤᠶᠢᠨ᠎ᠠ ᠨᠢ | ᠦᠵᠡᠭᠦᠯᠦᠨ᠎ᠡ᠃ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠪᠠᠷ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠳᠤ ︽ᠨᠢᠭᠡ ᠬᠡᠷᠡᠭ ᠢ ᠨᠢᠭᠡ ᠵᠥᠪᠯᠡᠬᠦ︾ | ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ᠳᠠᠷᠠᠭ᠎ᠠ ᠨᠢ ᠲᠤᠰᠠᠯᠠᠮᠵᠢ ᠶᠢᠨ ᠮᠥᠩᠭᠦ ᠶᠢ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠠᠵᠢᠯᠯᠠᠭ᠎ᠠ | ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠠᠶᠢᠮᠠᠭ ᠤᠨ | ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ | ᠠᠬᠤᠶᠢᠯᠠᠯ ᠳᠤ᠂ ᠴᠠᠬᠢᠯᠭᠠᠨ ᠬᠦᠴᠦᠨ ᠤ ᠠᠷᠠᠯᠵᠢᠶᠠᠨ ᠤ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢ | ᠲᠣᠬᠢᠷᠠᠭᠤᠯᠬᠤ ᠬᠠᠷᠢᠴᠠᠯ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ | ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠣᠷᠣᠨ︶ | ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠪᠲᠡᠷᠡᠯᠴᠡᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠤᠨ ᠬᠠᠮᠲᠤᠷᠠᠯᠴᠠᠬᠤ ᠲᠠᠪᠴᠠᠩ ᠢ | ᠪᠠᠶᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠢᠲᠡᠭᠡᠮᠵᠢᠲᠦ | ᠵᠢᠭᠡᠯᠡᠯᠭᠡ ᠶᠢᠨ ᠣᠨᠴᠠᠯᠢᠭᠲᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠠᠩᠬ᠎ᠠ ᠰᠢᠨ᠎ᠡ ᠶᠢ ᠡᠭᠦᠳᠦᠭᠰᠡᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠨ᠎ᠡ᠃ ᠥᠪᠡᠷᠲᠡᠭᠡᠨ ᠵᠠᠰᠠᠬᠤ | ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠳᠠᠪᠴᠠᠩ ᠳᠤ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠨᠢᠭᠡ | ᠤᠳᠠᠭ᠎ᠠ ᠶᠢᠨ ᠴᠢᠨᠠᠷᠲᠠᠶ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠪᠠᠯᠠ ᠮᠥᠩᠭᠦ ᠶᠢᠨ ᠳᠡᠮᠵᠢᠯᠭᠡ | ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ | ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠠᠯᠠᠱᠠ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶ | ᠬᠤᠶᠠᠷ᠂ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ | ᠪᠠᠶᠢᠭᠤᠯᠤᠯᠲᠠ ᠶᠢ ᠳᠡᠮᠵᠢᠨ᠎ᠡ᠃ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠠ | ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠯᠢᠳᠡᠭ ᠢ ᠨᠢ ᠰᠣᠩᠭᠤᠨ ᠨᠢᠭᠡ | ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢ ᠪᠠᠶᠢᠭᠤᠯᠬᠤ ᠬᠡᠷᠡᠭᠲᠡᠶ᠃ | ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠲᠤ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠪᠠᠯᠠ | ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ | ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ 100 ᠲᠦᠮᠡᠨ ᠲᠥᠭᠦᠷᠢᠭ᠂ 50 ᠲᠦᠮᠡᠨ | ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠥᠷᠲᠡᠭᠡ ᠳᠤ | ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ | ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠲᠣᠰ ᠲᠣᠰ | ᠨᠢᠭᠡ ᠤᠳᠠᠭ᠎ᠠ ᠶᠢᠨ ᠴᠢᠨᠠᠷᠲᠠᠶ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠪᠠᠯᠠ ᠮᠥᠩᠭᠦ ᠶᠢᠨ | ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠲᠥᠪ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠤᠨ ᠪᠠᠯᠠ ᠮᠥᠩᠭᠦ ᠶᠢᠨ | ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ | ᠠᠵᠢᠯ ᠤᠨ ᠥᠷᠲᠡᠭᠡ ᠨᠢᠭᠡᠴᠡ ᠳᠤ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠤᠨ ᠪᠠᠯᠠ ᠮᠥᠩᠭᠦ ᠶᠢᠨ | ᠳᠡᠮᠵᠢᠯᠭᠡ ᠦᠵᠡᠭᠦᠯᠦᠨ᠎ᠡ᠃ ᠳᠡᠮᠵᠢᠯᠭᠡ ᠶᠢᠨ ᠪᠡᠯᠡ ᠮᠥᠩᠭᠦ ᠶᠢ ᠴᠥᠮ ᠰᠤᠳᠤᠯᠤᠨ ᠨᠡᠭᠡᠭᠡᠬᠦ ᠠᠵᠢᠯᠯᠠᠭ᠎ᠠ | ᠥᠷᠨᠢᠭᠦᠯᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ | ᠣᠷᠣᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ | ᠬᠤᠰᠢᠭᠤ ᠣᠷᠣᠨ︶ | ︵ᠳᠤᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠣᠷᠣᠨ ᠤ ᠬᠥᠭᠵᠢᠯᠲᠡ ᠶᠢ ᠶᠡᠬᠡᠪᠡᠷ ᠳᠡᠮᠵᠢᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠥᠪᠯᠡᠷᠡᠨ | ᠬᠥᠭᠵᠢᠬᠦ ᠭᠤᠣᠯ ᠠᠴᠢᠶᠠᠯᠠᠪᠤᠷᠢ ᠶᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ | ᠳᠤ ᠲᠥᠪᠯᠡᠷᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠠ ᠴᠢᠨᠠᠷ ᠰᠠᠶᠢᠲᠠᠶ | ᠬᠥᠭᠵᠢᠯᠲᠡ ᠶᠢᠨ ᠬᠤᠰᠢᠭᠤᠴᠢ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠵᠥᠪᠰᠢᠶᠡᠷᠡᠭᠳᠡᠭᠰᠡᠨ ᠤᠯᠤᠰ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠣᠷᠣᠨ ᠳᠤ ᠨᠢᠭᠡ ᠤᠳᠠᠭ᠎ᠠ ᠶᠢᠨ ᠴᠢᠨᠠᠷᠲᠠᠶ 300 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠪᠡᠯᠡ | ᠮᠥᠩᠭᠦ ᠶᠢᠨ ᠳᠡᠮᠵᠢᠯᠭᠡ ᠦᠵᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠣᠷᠣᠨ ᠤ ᠰᠤᠳᠤᠯᠤᠨ ᠨᠡᠭᠡᠭᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ | ᠠᠵᠢᠯᠯᠠᠭ᠎ᠠ ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ | ᠡᠯ᠎ᠡ ᠨᠡᠭᠡᠭᠡᠯᠲᠡ ᠶᠢᠨ ᠣᠷᠣᠨ︶ | ︵ᠨᠠᠢᠮᠠ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠤᠨ᠎ᠠ᠃ | ᠬᠡᠯᠪᠡᠷᠢ ᠮᠠᠶ᠋ᠢᠭ ᠨᠢ ᠣᠯᠠᠨ ᠶᠠᠩᠵᠤ᠂ ᠲᠣᠭᠲᠠᠴᠠ ᠨᠢ ᠠᠮᠢᠳᠤᠯᠢᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠲᠣᠭᠲᠠᠭᠠᠯ | ᠶᠣᠰᠣᠭᠠᠷ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠡᠭᠦᠷᠭᠡᠯᠡᠬᠦ᠂ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠪᠠᠲᠤᠯᠠᠬᠤ᠂ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠶᠢ | ᠴᠢᠯᠦᠬᠡᠳᠡᠢ ᠨᠡᠭᠡᠭᠡᠵᠦ ᠬᠠᠮᠲᠤᠪᠠᠷ ᠡᠳ᠋ᠯᠡᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠠᠯ᠎ᠠ ᠪᠠᠷ ᠳᠡᠮᠵᠢᠯᠭᠡ | ᠦᠵᠡᠭᠦᠯᠦᠨ᠎ᠡ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠮᠡᠳᠡᠭᠦᠯᠪᠡᠯ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠰᠤᠳᠤᠯᠤᠭᠤᠯᠤᠭᠰᠠᠨ ᠤ ᠳᠠᠷᠠᠭ᠎ᠠ᠂ ᠠᠳᠠᠯᠢ ᠨᠥᠬᠦᠴᠡᠯ ᠤᠨ ᠳᠣᠤᠷ᠎ᠠ | ᠤᠷᠢᠳᠠᠪᠠᠷ ᠳᠦᠷᠦᠯ ᠵᠦᠢᠯ ᠢ ᠲᠣᠭᠲᠠᠭᠠᠵᠤ ᠳᠡᠮᠵᠢᠨ᠎ᠡ᠃ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ︽ | ᠣᠷᠣᠨ ᠠᠯᠤᠰᠯᠠᠭᠰᠠᠨ ᠭᠠᠵᠠᠷ︾ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠠᠩᠬ᠎ᠠ ᠤᠳᠠᠭ᠎ᠠ | ᠳᠠᠩᠰᠠᠯᠠᠭᠤᠯᠤᠭᠰᠠᠨ ᠤ ᠳᠠᠷᠠᠭ᠎ᠠ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ | ᠬᠤᠪᠢᠶᠠᠷᠢ ᠪᠠᠩᠬᠢ᠂ ᠡᠯ᠎ᠡ ᠬᠤᠰᠢᠭᠤ ᠣᠷᠣᠨ︶ | ︵ᠶᠢᠰᠦ︶ ᠰᠢᠨᠵᠢᠯᠡᠬᠦ ᠣᠬᠠᠭᠠᠨ ᠮᠡᠷᠭᠡᠵᠢᠯ ᠤᠨ ᠠᠲᠠᠯ ᠦᠢᠯᠡᠰ ᠴᠣᠠᠠᠴᠠᠯᠬᠠᠥ ᠠᠴᠢᠶᠡᠯᠡᠪᠦᠷᠢ ᠶᠢᠨ | ᠪᠠᠶᠢᠭᠤᠯᠥᠯᠳᠡ ᠶᠢ ᠴᠢᠩᠭᠠᠳᠬᠠᠨ᠎ᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠣᠶᠢᠵᠢᠭᠤᠯᠣᠭᠴᠢ ᠳᠤ ᠲᠣᠰ ᠲᠣᠰ | 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠶᠢ | ᠬᠤᠶᠢᠨ᠎ᠠ ᠨᠢ ᠣᠯᠭᠤᠨ᠎ᠠ︔ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠠᠰ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠰᠢᠩ ᠴᠤᠸᠠᠩ ᠲᠢᠶᠠᠨ ᠳ᠋ᠢ ᠳᠤ ᠲᠣᠰ ᠲᠣᠰ 30 | ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠶᠢ ᠬᠤᠶᠢᠨ᠎ᠠ ᠨᠢ | ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ | ᠰᠢᠯᠢᠳᠡᠭ ᠳᠡᠰ ᠬᠦᠷᠳᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠣᠶᠢᠵᠢᠭᠤᠯᠣᠭᠴᠢ᠂ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠰᠢᠩ ᠴᠤᠸᠠᠩ ᠲᠢᠶᠠᠨ ᠳ᠋ᠢ ᠳᠤ ᠲᠣᠰ ᠲᠣᠰ ᠨᠢᠭᠡ | ᠤᠳᠠᠭ᠎ᠠ ᠶᠢᠨ ᠴᠢᠨᠠᠷᠲᠠᠶ ᠪᠠᠷ 30 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠤᠨ ᠪᠠᠯᠠ | ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠡᠯᠡ ᠮᠥᠩᠭᠦ ᠶᠢ ᠴᠥᠮ ᠪᠣᠶᠢᠵᠢᠭᠤᠯᠣᠭᠴᠢ ᠠᠵᠤ ᠠᠬᠤᠶᠢᠯᠠᠯ ᠳᠤ | ᠲᠤᠰᠬᠠᠶᠢᠵᠢᠭᠰᠠᠨ᠂ ᠣᠨᠣᠪᠴᠢᠯᠠᠭᠰᠠᠨ᠂ ᠥᠪᠡᠷᠮᠢᠴᠡ ᠣᠨᠴᠠᠯᠢᠭ ᠲᠠᠢ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠬᠤ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠣᠷᠣᠨ︶ | ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ | ᠠᠬᠢᠭᠤᠯᠤᠨ᠎ᠠ | ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠤᠨ | ᠰᠢᠰᠲ᠋ᠧᠮ ᠢ ᠪᠠᠶᠢᠭᠤᠯᠣᠨ᠎ᠠ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ︾ ᠤᠨ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠠᠯᠠᠱᠠ ᠶᠢᠨ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠵᠢᠯ ᠪᠦᠷᠢ 50 ᠲᠦᠮᠡᠨ ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠦᠵᠡᠭᠦᠯᠵᠦ | ᠂ ᠭᠤᠤᠯᠳᠠᠭᠤ ᠰᠢᠨ᠎ᠡ ᠶᠢ ᠡᠭᠦᠳᠬᠦ ᠭᠤᠤᠯ ᠴᠣᠭᠴᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ | ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠬᠤ᠂ ᠦᠵᠡᠬᠦᠯᠬᠦ᠂ ᠰᠣᠨᠢᠨ | ᠮᠡᠳᠡᠭᠡ ᠨᠡᠶᠢᠲᠡᠯᠡᠬᠦ ᠬᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠭᠠᠵᠠᠷ ᠣᠷᠣᠨ ᠤ | ᠮᠡᠷᠭᠡᠵᠢᠯ ᠤᠨ ᠵᠠᠭᠤᠴᠢ ᠴᠢᠳᠠᠪᠤᠷᠢᠲᠠᠨ᠂ ︽ᠰᠢᠨᠵᠢᠯᠡᠬᠦ ᠤᠬᠠᠭᠠᠨᠲᠠᠨ +ᠢᠨᠵᠧᠨᠧᠷ︾ ᠪᠠ ︽ᠰᠢᠨ᠎ᠡ ᠬᠤᠣᠰ | ᠡᠭᠦᠳᠦᠯᠳᠡ︾ ᠭᠤᠷᠪᠠᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ ᠵᠢᠱᠢᠶ᠎ᠡ ᠦᠵᠡᠭᠦᠯᠬᠦ ᠣᠷᠣᠨ ᠳᠤ ᠲᠣᠰ ᠲᠣᠰ 200 ᠲᠦᠮᠡᠨ ᠲᠥᠭᠦᠷᠢᠭ᠂ 100 ᠲᠦᠮᠡᠨ | ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠵᠥᠪᠰᠢᠶᠡᠷᠡᠭᠳᠡᠭᠰᠡᠨ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ ᠰᠠᠭᠤᠷᠢᠨ ᠭᠠᠵᠠᠷ ᠪᠠ ᠦᠢᠯᠡᠴᠢᠯᠡᠭᠡᠨ ᠤ ᠲᠠᠪᠴᠠᠩ ᠳᠤ ᠲᠣᠰ ᠲᠣᠰ 50 ᠲᠦᠮᠡᠨ ᠲᠥᠭᠦᠷᠢᠭ᠂ | 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠪᠠᠯᠠ ᠮᠥᠩᠭᠦ ᠶᠢ ᠦᠷ᠎ᠡ ᠪᠦᠲᠦᠭᠡᠯ ᠢ | ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠲᠠᠪᠴᠠᠩ ᠠᠴᠢᠶᠠᠯᠠᠪᠤᠷᠢ ᠶᠢ ᠪᠠᠶᠢᠭᠤᠯᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠪᠤᠶᠢᠵᠢᠭᠤᠯᠬᠤ᠂ ᠦᠷ᠎ᠡ ᠪᠦᠲᠦᠭᠡᠯ ᠢ ᠣᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠢ ᠬᠥᠮᠦᠵᠢᠭᠦᠯᠬᠦ᠂ | ᠣᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ ᠠᠪᠬᠤ ᠳᠤ | ᠬᠡᠷᠡᠭᠯᠡᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ | ᠰᠢᠯᠢᠳᠡᠭ ᠳᠡᠰ ᠬᠦᠷᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠢ ᠰᠢᠯᠵᠢᠭᠦᠯᠬᠦ | ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ | ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ︔ ᠮᠡᠷᠭᠡᠵᠢᠯ ᠤᠨ | ᠵᠠᠭᠤᠴᠢᠯᠠᠭᠴᠢ/ ᠡᠵᠡᠩᠨᠡᠨ ᠬᠠᠮᠢᠶᠠᠷᠤᠭᠴᠢ ᠶᠢ 1 ᠬᠥᠮᠦᠵᠢᠭᠦᠯᠬᠦ ᠪᠦᠷᠢ ᠳᠤ ᠮᠡᠷᠭᠡᠵᠢᠯ ᠢ ᠰᠢᠯᠵᠢᠭᠦᠯᠬᠦ | ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠲᠤ 1000 ᠲᠥᠭᠦᠷᠢᠭ ᠤᠨ ᠱᠠᠩᠨᠠᠯ ᠣᠯᠭᠤᠵᠤ᠂ ᠵᠢᠯ ᠪᠦᠷᠢ | 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ︔ ᠪᠡᠯᠡ ᠮᠥᠩᠭᠦ ᠶᠢ ᠪᠠᠭᠰᠢ ᠶᠢᠨ ᠡᠩᠨᠡᠭᠡ ᠶᠢ ᠣᠷᠣᠭᠤᠯᠤᠨ | ᠬᠥᠮᠦᠵᠢᠭᠦᠯᠬᠦ᠂ ᠮᠡᠷᠭᠡᠵᠢᠯ ᠤᠨ ᠵᠠᠭᠤᠴᠢᠯᠠᠭᠴᠢ ᠶᠢᠨ ᠪᠣᠯᠪᠠᠰᠤᠷᠠᠯ ᠥᠷᠨᠢᠭᠦᠯᠬᠦ ᠳᠤ ᠬᠡᠷᠡᠭᠯᠡᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠣᠷᠣᠨ︶ | ︵ᠠᠷᠪᠠᠨ ᠨᠢᠭᠡ︶ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠤᠨ᠎ᠠ᠃ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ | ᠠᠬᠤᠶᠢᠯᠠᠯ ᠤᠨ ᠠᠯᠠᠱᠠ ᠠᠶᠢᠮᠠᠭ ᠲᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠪᠠᠷ | ᠳᠠᠩᠰᠠᠯᠠᠭᠤᠯᠬᠤ ᠶᠢ ᠳᠡᠮᠵᠢᠵᠦ᠂ ᠰᠢᠨ᠎ᠡ ᠪᠠᠷ ᠳᠠᠩᠰᠠᠯᠠᠭᠤᠯᠤᠭᠰᠠᠨ ᠤᠯᠤᠰ ᠤᠨ ᠮᠡᠷᠭᠡᠵᠢᠯ ᠢ ᠰᠢᠯᠵᠢᠭᠦᠯᠬᠦ ᠵᠢᠱᠢᠶ᠎ᠡ | ᠦᠵᠡᠭᠦᠯᠬᠦ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ | ᠪᠠᠶᠢᠭᠤᠯᠤᠮᠵᠢ ᠳᠤ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ | ᠳᠡᠮᠵᠢᠯᠭᠡ ᠦᠵᠡᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ | ᠭᠠᠵᠠᠷ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠯᠠᠱᠠ ᠠᠶᠢᠮᠠᠭ ᠤᠨ | ᠠᠵᠤ ᠠᠬᠤᠶᠢᠯᠠᠯ ᠳᠤ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠭᠰᠠᠨ ᠮᠡᠷᠭᠡᠵᠢᠯ ᠢ ᠰᠢᠯᠵᠢᠭᠦᠯᠦᠨ ᠥᠭᠬᠦ | ᠦᠢᠯᠡᠴᠢᠯᠡᠭᠡᠨ ᠤ ᠪᠠᠶᠢᠭᠤᠯᠤᠮᠵᠢ ᠳᠤ ᠮᠡᠷᠭᠡᠵᠢᠯ ᠤᠨ ᠭᠡᠷ᠎ᠡ ᠶᠢᠨ ᠪᠣᠳᠠᠲᠠᠶ ᠠᠷᠠᠯᠵᠢᠶᠠᠨ ᠤ ᠲᠤᠭ᠎ᠠ ᠶᠢᠨ 5% ᠪᠠᠷ | ᠨᠥᠬᠦᠪᠥᠷᠢ ᠥᠭᠴᠦ᠂ ᠮᠡᠷᠭᠡᠵᠢᠯ ᠤᠨ ᠭᠡᠷ᠎ᠡ ᠨᠢᠭᠡᠪᠦᠷᠢ ᠶᠢᠨ ᠨᠥᠬᠦᠪᠥᠷᠢ ᠶᠢ 20 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠣᠷᠣᠨ︶ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠪᠠ | ᠮᠡᠷᠭᠡᠵᠢᠯ ᠤᠨ ᠠᠷᠠᠯᠵᠢᠶ᠎ᠠ ᠬᠢᠬᠦ ᠶᠢ ᠠᠬᠢᠭᠤᠯᠣᠨ᠎ᠠ᠃ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠵᠠᠷᠤᠳᠠᠯ ᠤᠨ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ | ᠦᠢᠯᠡᠰᠵᠢᠭᠦᠯᠦᠭᠰᠡᠨ ᠴᠢᠬᠤᠯᠠ ᠶᠡᠭᠡ ᠲᠥᠷᠥᠯ ᠵᠦᠢᠯ ᠳᠤ ᠲᠤᠰᠠᠯᠠᠮᠵᠢ ᠦᠵᠡᠭᠦᠯᠵᠦ᠂ ᠲᠠᠩ ᠭᠠᠭᠴᠠ ᠲᠥᠷᠥᠯ | ᠵᠦᠢᠯ ᠤᠨ ᠲᠤᠰᠠᠯᠠᠮᠵᠢ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠬᠤᠳᠠᠯᠳᠤᠨ ᠠᠪᠤᠭᠴᠢ ᠪᠤᠶᠤ ᠬᠤᠳᠠᠯᠳᠤᠭᠴᠢ ᠶᠢᠨ ᠲᠠᠯ᠎ᠠ ᠪᠠᠷ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠬᠢᠬᠦ ᠶᠢᠨ | ᠬᠠᠮᠲᠤ ᠦᠨᠡᠯᠡᠨ ᠵᠢᠱᠢᠬᠦ ᠪᠠᠷ ᠳᠡᠮᠵᠢᠨ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠮᠡᠷᠭᠡᠵᠢᠯ ᠤᠨ ᠭᠡᠷ᠎ᠡ ᠶᠢᠨ ᠪᠣᠳᠠᠲᠠᠶ | ᠠᠷᠠᠯᠵᠢᠶᠠᠨ ᠤ ᠲᠤᠭ᠎ᠠ ᠶᠢᠨ 5% ᠪᠠᠷ ᠬᠤᠶᠢᠨ᠎ᠠ ᠨᠢ ᠨᠥᠬᠦᠪᠥᠷᠢ ᠣᠯᠭᠤᠵᠤ᠂ ᠭᠡᠷ᠎ᠡ ᠨᠢᠭᠡᠪᠦᠷᠢ ᠨᠢ ᠬᠤᠳᠠᠯᠳᠤᠨ | ᠠᠪᠤᠭᠴᠢ ᠪᠤᠶᠤ ᠬᠤᠳᠠᠯᠳᠤᠭᠴᠢ ᠶᠢᠨ ᠲᠠᠯ᠎ᠠ ᠶᠢᠨ ᠨᠥᠬᠦᠪᠥᠷᠢ ᠶᠢ ᠬᠠᠮᠤᠭ ᠤᠨ ᠥᠨᠳᠥᠷ ᠲᠡᠭᠡᠨ 20 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ᠃ ᠮᠡᠷᠭᠡᠵᠢᠯ ᠤᠨ ᠵᠠᠭᠤᠴᠢᠯᠠᠭᠴᠢ /ᠳᠠᠭᠠᠭᠠᠮᠠᠯ ᠤᠨ ᠣᠨ ᠤ ᠮᠡᠷᠭᠡᠵᠢᠯ ᠢ | ᠰᠢᠯᠵᠢᠭᠦᠯᠦᠨ ᠤᠯᠠᠷᠢᠭᠤᠯᠬᠤ ᠠᠷᠠᠯᠵᠢᠶᠠᠨ ᠤ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ᠢ ᠳᠠᠪᠠᠭᠰᠠᠨ | ᠪᠠᠶᠢᠪᠠᠯ᠂ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠪᠣᠳᠠᠲᠠᠶ ᠠᠷᠠᠯᠵᠢᠶ᠎ᠠ ᠪᠦᠲᠦᠭᠰᠡᠨ ᠲᠤᠭ᠎ᠠ ᠶᠢᠨ 2% ᠢᠶᠠᠷ | ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠱᠠᠩᠨᠠᠨ᠎ᠠ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠣᠯᠤᠭᠰᠠᠨ ᠨᠢᠭᠡᠳᠦᠭᠡᠷ ᠪᠡᠶᠡᠯᠡᠭᠦᠯᠦᠭᠰᠡᠨ | ᠨᠢᠭᠡᠴᠡ ᠵᠢᠴᠢ ᠬᠠᠮᠢᠶ᠎ᠠ ᠪᠥᠬᠦᠶ ᠬᠥᠮᠦᠰ ᠲᠤ ᠤᠯᠤᠰ ᠤᠨ ᠱᠠᠩᠨᠠᠯ ᠤᠨ ᠮᠥᠩᠭᠦ ᠶᠢᠨ ᠲᠤᠭ᠎ᠠ ᠬᠡᠮᠵᠢᠶ᠎ᠡ ᠶᠢᠨ 1᠄ | 1 ᠶᠢᠨ ᠬᠠᠷᠢᠴᠠᠯ ᠢᠶᠠᠷ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠪᠠ ᠱᠠᠩᠨᠠᠯ ᠣᠯᠭᠤᠨ᠎ᠠ︔ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠣᠯᠤᠭᠰᠠᠨ ᠨᠢᠭᠡᠳᠦᠭᠡᠷ ᠪᠡᠶᠡᠯᠡᠭᠦᠯᠦᠭᠰᠡᠨ ᠨᠢᠭᠡᠴᠡ | ᠵᠢᠴᠢ ᠬᠠᠮᠢᠶ᠎ᠠ ᠪᠦᠬᠦᠢ ᠬᠥᠮᠦᠰ ᠲᠤ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ ᠶᠢᠨ ᠲᠤᠭ᠎ᠠ | ᠬᠡᠮᠵᠢᠶ᠎ᠡ ᠶᠢᠨ 1᠄ 0.5 ᠶᠢᠨ ᠬᠠᠷᠢᠴᠠᠯ ᠢᠶᠠᠷ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠪᠠ ᠱᠠᠩᠨᠠᠯ ᠣᠯᠭᠤᠨ᠎ᠠ᠃ | ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ︶ | ︵ᠠᠷᠪᠠᠨ ᠳᠥᠷᠪᠡ︶ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠣᠯᠠᠷᠢᠭᠤᠯᠬᠤ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯᠲᠠᠨ ᠤ ᠲᠤᠰᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ | ᠬᠡᠷᠡᠭᠯᠡᠬᠦ ᠡᠷᠬᠡ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ᠃ ᠰᠣᠳᠣᠯᠥᠨ ᠨᠡᠭᠡᠭᠡᠨ ᠬᠦᠭᠵᠢᠬᠦᠯᠬᠦ | ᠨᠢᠭᠡᠴᠡ ᠨᠢ ᠡᠳ᠋ ᠤᠨ ᠵᠠᠰᠠᠭ ᠤᠨ ᠴᠢᠨᠡᠷᠳᠡᠢ ᠪᠡᠯᠡ ᠮᠦᠡᠭᠬᠦ ᠶᠢ ᠠᠰᠢᠠᠠᠯᠠᠨ ᠠᠵᠦ ᠠᠬᠤᠶᠢᠯᠠᠯ᠂ ᠪᠤᠰᠣᠳ | ᠨᠡᠶᠢᠭᠡᠮ ᠤᠨ ᠵᠤᠬᠢᠶᠡᠨ ᠪᠠᠶᠢᠭᠤᠯᠥᠯᠳᠡ ᠶᠢᠨ ᠨᠡᠶᠢᠳᠠᠯᠭ᠎ᠠ ᠶᠢ ᠬᠦᠯᠢᠶᠡᠨ ᠠᠪᠴᠥ ᠪᠤᠢ ᠪᠣᠯᠣᠭᠰᠠᠨ ᠨᠢᠭᠡᠴᠡ ᠳᠤ | ᠦᠮᠴᠢᠯᠡᠭᠳᠡᠬᠦ ᠲᠣᠰᠢᠶᠡᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠠ ᠪᠦᠳᠦᠭᠡᠯ ᠤᠨ ᠦᠮᠴᠢᠯᠡᠬᠦ ᠡᠷᠬᠡ ᠠᠴᠠ | ᠦᠷ᠎ᠠ ᠪᠦᠳᠦᠭᠡᠯ ᠢ ᠪᠡᠶᠡᠯᠡᠬᠦᠯᠦᠭᠴᠢ ︵ᠪᠦᠯᠬᠦᠮ ᠨᠡᠶᠢᠲᠡ︶ ᠳᠤ ᠣᠯᠭᠤᠵᠦ᠂ ᠰᠣᠳᠣᠯᠥᠨ ᠨᠡᠭᠡᠭᠡᠨ ᠬᠦᠭᠵᠢᠬᠦᠯᠬᠦ | ᠨᠢᠭᠡᠴᠡ ᠬᠢᠭᠡᠳ ᠦᠷ᠎ᠠ ᠪᠦᠳᠦᠭᠡᠯ ᠢ ᠪᠠᠶᠠᠯᠠᠬᠦᠯᠦᠭᠴᠢ ︵ᠪᠦᠯᠬᠦᠮ ᠨᠡᠶᠢᠲᠡ︶ ᠬᠠᠮᠲᠤ ᠶᠢᠨ ᠥᠮᠴᠢᠯᠡᠯ ᠤᠨ ᠡᠷᠬᠡᠲᠦ | ᠬᠥᠮᠦᠨ ᠪᠣᠯᠣᠨ᠎ᠠ᠃ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯᠲᠠᠳ ᠤᠨ ᠲᠤᠰᠢᠶᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠰᠢᠭ ᠣᠷᠣᠯᠭ᠎ᠠ ᠶᠢᠨ ᠬᠠᠷᠢᠴᠠᠯ ᠢ ᠳᠡᠭᠡᠭᠰᠢᠯᠡᠭᠦᠯᠵᠦ᠂ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ ᠤᠨ ᠲᠤᠰᠢᠶᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠬᠦᠯᠦᠭᠴᠢ ᠠᠴᠠ ᠣᠯᠠᠷᠢᠭᠤᠯᠣᠭᠰᠠᠨ ᠪᠣᠯ᠂ 70% ᠠᠴᠠ | ᠳᠣᠣᠷ᠎ᠠ ᠪᠠᠶᠢᠯᠭᠠᠬᠤ ᠦᠭᠡᠢ ᠪᠠᠷ ᠣᠯᠠᠷᠢᠭᠤᠯᠣᠭᠰᠠᠨ ᠠᠰᠢᠭ ᠣᠷᠣᠯᠭ᠎ᠠ ᠶᠢ ᠪᠡᠶᠡᠯᠡᠬᠦᠯᠦᠭᠴᠢ ᠪᠠ ᠦᠷ᠎ᠡ ᠪᠦᠲᠦᠭᠡᠯ ᠢ | ᠤᠯᠠᠷᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠬᠥᠮᠦᠰ ᠢ ᠱᠠᠩᠨᠠᠨ ᠬᠥᠬᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠯᠠᠱᠠ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ︶ | ᠳᠥᠷᠪᠡ᠂ ᠨᠡᠭᠡᠭᠡᠯᠲᠡ ᠬᠢᠵᠦ ᠰᠣᠯᠢᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ︵ᠠᠷᠪᠠᠨ ᠲᠠᠪᠤ︶ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠣᠭᠲᠠᠴᠠ ᠶᠢ ᠪᠠᠶᠢᠭᠤᠯᠣᠨ᠎ᠠ᠃ | ᠥᠪᠡᠷᠲᠡᠭᠡᠨ ᠵᠠᠰᠠᠬᠤ ᠣᠷᠣᠨ ᠤ ︽4+8+N︾ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ | ᠲᠣᠭᠲᠠᠴᠠ ᠶᠢ ᠨᠠᠶᠢᠳᠠᠪᠤᠷᠢᠵᠢᠭᠤᠯᠵᠤ᠂ ᠬᠥᠭᠵᠢᠭᠰᠡᠨ ᠭᠠᠵᠠᠷ ᠣᠷᠣᠨ ᠪᠠ ᠨᠠᠷᠠᠲᠤ ᠳᠡᠭᠡᠳᠦ ᠰᠤᠷᠭᠠᠭᠤᠯᠢ᠂ | ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ | ᠵᠦᠢᠯ ᠢ ᠬᠡᠷᠡᠭᠵᠢᠭᠦᠯᠬᠦ᠂ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢ ᠪᠠᠶᠢᠭᠤᠯᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠯᠠᠷᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭ᠎ᠠ ᠶᠢ ᠥᠷᠨᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠠᠯᠠᠱᠠ ᠠᠶᠢᠮᠠᠭ ᠲᠤ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠰᠤᠳᠤᠯᠤᠨ ᠨᠡᠭᠡᠭᠡᠬᠦ | ᠪᠠᠶᠢᠭᠤᠯᠤᠮᠵᠢ ᠪᠠᠶᠢᠭᠤᠯᠤᠭᠰᠠᠨ ᠪᠥᠭᠡᠳ ᠪᠣᠳᠠᠲᠠᠶ ᠡᠵᠡᠩᠨᠡᠭᠰᠡᠨ ᠪᠠᠶᠢᠪᠠᠯ᠂ ᠰᠤᠳᠤᠯᠤᠨ ᠨᠡᠭᠡᠭᠡᠬᠦ ᠵᠠᠷᠤᠳᠠᠯ ᠤᠨ | ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠠᠯᠠᠱᠠ ᠠᠶᠢᠮᠠᠭ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠣᠷᠣᠨ | ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠢᠯᠡᠳᠲᠡ ᠬᠤᠪᠢ ᠨᠡᠮᠡᠷᠢ ᠦᠵᠡᠭᠦᠯᠦᠭᠰᠡᠨ ᠰᠤᠳᠤᠯᠤᠨ ᠨᠡᠭᠡᠭᠡᠬᠦ | ᠪᠠᠶᠢᠭᠤᠯᠤᠮᠵᠢ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ | ︵ᠠᠷᠪᠠᠨ ᠵᠢᠷᠭᠤᠭ᠎ᠠ︶ ᠣᠯᠠᠨ ᠣᠯᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ | ᠰᠣᠯᠢᠯᠴᠠᠭ᠎ᠠ ᠶᠢ ᠴᠢᠩᠭᠠᠳᠬᠠᠨ᠎ᠠ᠃ ᠬᠥᠭᠵᠢᠭᠰᠡᠨ ᠤᠯᠤᠰ ᠵᠢᠴᠢ ᠡᠷᠭᠢᠨ ᠲᠣᠭᠤᠷᠢᠨ ᠤ ᠤᠯᠤᠰ ᠪᠠ ᠭᠠᠵᠠᠷ | ᠣᠷᠣᠨ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠶᠢ ᠴᠢᠩᠭᠠᠳᠬᠠᠨ᠎ᠠ᠃ ᠠᠯᠠᠱᠠ | ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠲᠥᠷᠥᠯ ᠤᠨ | ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠳᠤ ᠴᠢᠭᠯᠡᠭᠦᠯᠦᠨ᠂ | ᠤᠯᠤᠰ ᠤᠨ ᠭᠠᠳᠠᠭᠠᠳᠤ ᠶᠢᠨ ᠮᠡᠷᠭᠡᠵᠢᠯ ᠢ ᠣᠷᠣᠭᠤᠯᠵᠤ ᠢᠷᠡᠬᠦ᠂ ᠡᠵᠡᠮᠰᠢᠬᠦ ᠪᠠ ᠰᠢᠨ᠎ᠡ ᠶᠢ ᠡᠭᠦᠳᠬᠦ ᠶᠢ ᠢᠳᠡᠪᠬᠢᠲᠡᠶ | ᠥᠷᠨᠢᠭᠦᠯᠵᠦ᠂ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠵᠤ ᠢᠷᠡᠬᠦ ᠠᠵᠤ ᠦᠢᠯᠡᠰᠵᠢᠬᠦᠯᠬᠦ ᠶᠢ ᠠᠬᠢᠭᠤᠯᠤᠨ᠎ᠠ᠃ | ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠵᠡᠷᠭᠡ ᠲᠠᠪᠴᠠᠩ | ᠠᠴᠢᠶᠠᠯᠠᠪᠤᠷᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭᠠᠨ ᠤ ᠰᠠᠭᠤᠷᠢᠨ ᠭᠠᠵᠠᠷ ᠲᠤ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ | ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ | ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠣᠭᠠᠴᠢᠨ ᠤᠷᠢᠵᠤ ᠪᠡᠯᠡ ᠲᠠᠲᠠᠬᠤ | ᠲᠣᠭᠲᠠᠴᠠ ᠶᠢ ᠪᠦᠷᠢᠨᠰᠢᠭᠦᠯᠦᠨ᠎ᠡ᠃ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠰᠠᠭᠤᠷᠢ ᠮᠥᠩᠭᠦ ᠪᠠᠷ ᠬᠤᠳᠠᠯᠳᠤᠭᠠᠴᠢᠨ ᠤᠷᠢᠬᠤ ᠶᠢ | ᠥᠷᠨᠢᠭᠦᠯᠦᠨ᠂ ᠠᠶᠢᠮᠠᠭ ᠤᠨ ᠭᠠᠳᠠᠨᠠᠬᠢ ᠠᠵᠤ ᠠᠬᠤᠶᠢᠯᠠᠯ᠂ ᠳᠡᠭᠡᠳᠦ ᠲᠠᠰ ᠤᠨ ᠴᠢᠳᠠᠪᠤᠷᠢᠲᠠᠨ ︵ᠪᠦᠯᠬᠦᠮ ᠨᠡᠶᠢᠲᠡ | ︶ ᠢ ᠣᠷᠢᠵᠦ ᠲᠥᠷᠥᠯ ᠵᠦᠢᠯ᠂ ᠮᠡᠷᠭᠡᠵᠢᠯ᠂ ᠲᠠᠪᠴᠠᠩ ᠵᠡᠷᠭᠡ ᠶᠢ ᠠᠯᠠᠱᠠ ᠠᠶᠢᠮᠠᠭ ᠲᠤ ᠨᠠᠶᠢᠳᠠᠪᠣᠷᠢᠵᠢᠭᠤᠯᠣᠨ᠎ᠠ᠃ | ᠳᠣᠯᠣᠭᠠᠶᠢᠯᠠᠭᠴᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠠᠯᠠᠱᠠ ᠠᠶᠢᠮᠠᠭ ᠲᠤ ᠬᠤᠪᠢᠶᠠᠷᠢ | ᠲᠥᠪ ᠪᠠᠶᠢᠭᠤᠯᠬᠤ ᠪᠤᠶᠤ ᠠᠶᠢᠮᠠᠭ ᠤᠨ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠯᠤᠭ᠎ᠠ ᠬᠠᠮᠲᠤᠷᠠᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢᠨ ᠬᠠᠮᠲᠤ ᠠᠵᠢᠯ ᠢᠶᠠᠨ | ᠥᠷᠨᠢᠭᠦᠯᠬᠦ ᠶᠢ ᠳᠡᠮᠵᠢᠨ᠎ᠡ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ | ᠭᠤᠤᠯᠯᠠᠬᠤ ᠮᠡᠷᠭᠡᠵᠢᠯ ᠪᠠ ᠠᠵᠤ ᠦᠢᠯᠡᠰ ᠤᠨ ᠪᠣᠭᠤᠮᠢ ᠶᠢᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ | ᠲᠥᠷᠥᠯ ᠵᠦᠢᠯ ᠳᠤ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ | ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ | ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠨᠴᠠᠯᠢᠬᠳᠤ ᠠᠵᠤ ᠦᠢᠯᠡᠰ ᠢ | ᠬᠦᠭᠵᠢᠬᠦᠯᠬᠦ ᠲᠥᠪ︶ | ᠲᠠᠪᠤ᠂ ᠴᠢᠳᠠᠪᠤᠷᠢᠲᠠᠨ ᠢ ᠣᠷᠣᠭᠤᠯᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠣᠨ᠎ᠠ | ︵ᠠᠷᠪᠠᠨ ᠨᠠᠢᠮᠠ︶ ᠳᠡᠭᠡᠳᠦ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ | ᠣᠷᠣᠭᠤᠯᠵᠤ ᠬᠥᠮᠦᠵᠢᠭᠦᠯᠦᠨ᠎ᠡ᠃ ︽ᠠᠯᠠᠱᠠ ᠠᠶᠢᠮᠠᠭ ᠤᠨ ᠴᠢᠳᠠᠪᠤᠷᠢᠲᠠᠨ ᠢ ᠣᠷᠣᠭᠤᠯᠬᠤ ᠬᠥᠮᠦᠵᠢᠭᠦᠯᠬᠦ ᠪᠠ | ᠦᠢᠯᠡᠴᠢᠯᠡᠬᠦ ᠪᠠᠳᠣᠯᠠᠬᠤ ᠬᠠᠮᠢᠶᠠᠷᠬᠤ ᠳᠣᠬᠠᠢ ᠠᠷᠭ᠎ᠠ︾ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠪᠠ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠳᠡᠯᠡᠨ᠎ᠡ᠃ ᠪᠦᠬᠦ ᠲᠤᠰᠢᠶᠠᠯ ᠢᠶᠠᠷ ᠮᠠᠨ ᠤ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠳᠣᠲᠣᠷᠠᠬᠢ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ︵ᠠᠯᠪᠠᠲᠠᠨ ᠤ ᠬᠠᠤᠯᠢ ᠪᠠᠷ ᠯᠠᠪᠯᠠᠯᠲᠠ | ᠪᠣᠯᠭᠠᠵᠤ ᠬᠠᠮᠢᠶᠠᠷᠬᠤ ᠠᠵᠢᠯ ᠦᠢᠯᠡᠰ ᠤᠨ ᠨᠢᠬᠡᠴᠡ ᠪᠠᠭᠲᠠᠬᠤ ᠦᠭᠡᠢ︶ ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠣᠷᠭᠠᠭᠤᠯᠢ ᠳᠤ ᠣᠷᠢᠭᠳᠠᠭᠰᠠᠨ ᠳᠡᠭᠡᠳᠦ ᠵᠡᠷᠭᠡ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠳ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠲᠦᠷᠦᠭᠦᠯᠡᠨ ᠮᠡᠳᠡᠭᠦᠯᠦᠭᠰᠡᠨ ᠪᠠᠶᠢᠪᠠᠯ᠂ ᠠᠶᠢᠮᠠᠭ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠰᠤᠳᠤᠯᠤᠭᠰᠠᠨ ᠤ ᠳᠠᠷᠠᠭ᠎ᠠ᠂ ᠠᠳᠠᠯᠢ ᠨᠥᠬᠦᠴᠡᠯ ᠤᠨ | ᠳᠣᠤᠷ᠎ᠠ ᠤᠷᠢᠳᠠᠪᠠᠷ ᠲᠥᠷᠥᠯ ᠵᠦᠢᠯ ᠲᠣᠭᠲᠠᠭᠠᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠬᠤᠰᠢᠭᠤ ᠣᠷᠣᠨ︶ | ︵ᠠᠷᠪᠠ ᠶᠢᠰᠦ︶ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠢᠳᠠᠪᠤᠷᠢᠲᠠᠨ ᠤ | ᠡᠩᠨᠡᠭᠡ ᠶᠢ ᠪᠤᠶᠢᠵᠢᠭᠤᠯᠤᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠬᠦᠴᠦᠨ ᠵᠦᠢᠯ ᠢ ᠠᠵᠤ ᠠᠬᠤᠶᠢᠯᠠᠯ ᠲᠡᠰᠢ | ᠲᠥᠪᠯᠡᠷᠡᠭᠦᠯᠬᠦ ᠶᠢ ᠬᠥᠲᠥᠯᠥᠨ ᠵᠢᠯᠣᠭᠤᠳᠴᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠨᠣᠪᠴᠢᠲᠠᠢ ᠰᠣᠩᠭᠤᠨ ᠤᠷᠢᠵᠤ᠂ ᠠᠵᠤ | ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠵᠠᠰᠠᠭ ᠠᠵᠤ | ᠠᠬᠤᠶᠢᠯᠠᠯ ᠬᠠᠷᠢᠯᠴᠠᠨ ᠨᠡᠪᠲᠡᠷᠡᠯᠴᠡᠬᠦ ︽ᠬᠤᠯᠪᠣᠭᠠᠰᠣ︾ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ | ᠶᠢ ᠪᠠᠶᠢᠭᠤᠯᠬᠤ ᠪᠠᠷ ᠳᠠᠩᠰᠠᠯᠠᠭᠤᠯᠣᠭᠰᠠᠨ ᠭᠤᠤᠯ ᠴᠣᠭᠴᠠ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ | ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠥᠬᠦ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠣᠷᠣᠨ︾ ᠤ ᠴᠢᠳᠠᠪᠤᠷᠢᠲᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠲᠠᠷᠢᠶᠠᠯᠠᠩ ᠮᠠᠯ ᠠᠵᠤ ᠠᠬᠤᠶ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠯᠠᠷᠢᠭᠤᠯᠬᠤ ᠶᠢ ᠠᠬᠢᠭᠤᠯᠬᠤ᠂ ᠮᠠᠯᠵᠢᠬᠤ ᠲᠠᠷᠢᠶᠠᠯᠠᠬᠤ | ᠣᠷᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠵᠡᠷᠭᠡ ᠲᠠᠯ᠎ᠠ ᠪᠠᠷ ᠬᠢ ᠵᠢᠱᠢᠶ᠎ᠡ | ᠦᠵᠡᠭᠦᠯᠦᠨ ᠠᠬᠢᠭᠤᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ ᠶᠢ ᠪᠠᠶᠢᠭᠤᠯᠬᠤ ᠪᠠᠷ ᠳᠠᠩᠰᠠᠯᠠᠭᠤᠯᠣᠭᠰᠠᠨ ᠭᠤᠤᠯ | ᠴᠣᠭᠴᠠ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ | ᠦᠵᠡᠭᠦᠯᠦᠨ᠎ᠡ᠃ ᠳᠡᠭᠡᠷᠡᠬᠢ ᠪᠡᠯᠡ ᠮᠥᠩᠭᠦ ᠶᠢ ᠠᠵᠢᠯᠯᠠᠬᠤ ᠥᠷᠲᠡᠭᠡ ᠶᠢᠨ ᠰᠣᠩᠭᠤᠨ ᠤᠷᠢᠬᠤ ᠬᠥᠮᠦᠰ ᠢ | ᠪᠣᠯᠪᠠᠰᠤᠷᠠᠭᠤᠯᠬᠤ᠂ ᠬᠠᠮᠢᠶᠠᠷᠬᠤ ᠪᠠ ᠠᠵᠢᠯᠯᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠶᠢᠮᠠᠭ ᠤᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠣᠷᠣᠨ︶ | ᠵᠢᠷᠭᠤᠭ᠎ᠠ᠂ ᠰᠢᠨᠵᠢᠯᠡᠬᠦ ᠤᠬᠠᠭᠠᠨ ᠤ ᠰᠣᠳᠣᠯᠭᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ | ︵ᠬᠤᠷᠢ︶ ᠰᠢᠨᠵᠢᠯᠡᠬᠦ ᠣᠬᠠᠭᠠᠨ ᠤ ᠰᠣᠳᠣᠯᠭᠠᠨ ᠤ ᠠᠵᠢᠯᠲᠠᠨ ᠳᠤ ᠨᠠᠩ ᠶᠡᠭᠡ ᠡᠵᠡᠨ ᠮᠡᠳᠡᠬᠦ ᠡᠷᠬᠡ | ᠣᠯᠭᠤᠨ᠎ᠠ᠃ ᠲᠥᠷᠥᠯ ᠵᠦᠢᠯ ᠤᠨ ᠬᠠᠷᠢᠭᠤᠴᠠᠯᠭᠠᠲᠠᠨ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨ ᠤ | ᠰᠤᠳᠤᠯᠭᠠᠨ ᠤ ᠪᠦᠯᠬᠦᠮ ᠢᠶᠠᠨ ᠡᠵᠡᠨ ᠮᠡᠳᠡᠨ ᠲᠣᠬᠢᠷᠠᠭᠤᠯᠵᠤ᠂ ᠰᠤᠳᠤᠯᠭᠠᠨ ᠤ ᠬᠠᠷᠠᠯᠲᠠ ᠪᠠᠨ ᠪᠠᠭᠤᠷᠠᠭᠤᠯᠬᠤ | ᠦᠭᠡᠢ ᠤᠷᠢᠲᠠᠯ ᠳᠣᠣᠷ᠎ᠠ ᠰᠤᠳᠤᠯᠭᠠᠨ ᠤ ᠲᠥᠰᠦᠯ ᠪᠠ ᠮᠡᠷᠭᠡᠵᠢᠯ ᠤᠨ ᠱᠤᠭᠤᠮ ᠢᠶᠠᠨ ᠲᠣᠬᠢᠷᠠᠭᠤᠯᠵᠤ᠂ ᠲᠥᠷᠥᠯ | ᠵᠦᠢᠯ ᠤᠨ ᠭᠤᠣᠯᠴᠢᠯᠠᠨ ᠬᠠᠮᠢᠶᠠᠷᠬᠤ ᠨᠢᠬᠡᠴᠡ ᠪᠠ ᠰᠢᠰᠲ᠋ᠧᠮᠵᠢᠭᠦᠯᠦᠨ ᠬᠠᠮᠢᠶᠠᠷᠬᠤ ᠨᠢᠭᠡᠴᠡ ᠳᠤ ᠮᠡᠳᠡᠭᠦᠯᠦᠨ | ᠳᠠᠩᠰᠠᠯᠠᠭᠤᠯᠵᠤ ᠪᠣᠯᠣᠨ᠎ᠠ᠃ ᠲᠥᠷᠥᠯ ᠵᠦᠢᠯ ᠤᠨ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ | ᠳᠥᠭᠦᠮᠴᠢᠯᠡᠵᠦ᠂ ᠲᠥᠷᠥᠯ ᠵᠦᠢᠯ ᠤᠨ ᠰᠢᠭᠤᠳ ᠵᠠᠷᠤᠳᠠᠯ ᠤᠨ ᠳᠣᠲᠣᠷᠠᠬᠢ ᠲᠥᠬᠦᠭᠡᠷᠦᠮᠵᠢ ᠶᠢᠨ ᠵᠠᠷᠤᠳᠠᠯ ᠠᠴᠠ | ᠪᠤᠰᠤᠳ ᠵᠠᠷᠤᠳᠠᠯ ᠢ ᠵᠥᠪᠬᠡᠨ ᠦᠨᠳᠦᠰᠦᠨ ᠲᠥᠰᠦᠭᠡᠯᠡᠨ ᠪᠣᠳᠣᠭᠰᠠᠨ ᠲᠣᠳᠣᠷᠬᠠᠶᠢᠯᠠᠯ ᠬᠠᠩᠭᠠᠵᠤ ᠪᠣᠯᠤᠨ᠎ᠠ᠃ | ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠡᠵᠡᠨ | ᠮᠡᠳᠡᠬᠦ ᠡᠷᠬᠡ ᠶᠢ ᠥᠷᠭᠡᠳᠬᠡᠵᠦ᠂ ᠲᠥᠷᠥᠯ ᠵᠦᠢᠯ ᠤᠨ ᠰᠢᠭᠤᠳ ᠵᠠᠷᠤᠳᠠᠯ ᠤᠨ ᠳᠣᠲᠣᠷ᠎ᠠ ᠠᠴᠠ ᠲᠥᠬᠦᠭᠡᠷᠦᠮᠵᠢ ᠶᠢᠨ | ᠵᠠᠷᠤᠳᠠᠯ ᠢ ᠭᠠᠷᠭᠠᠪᠠᠯ᠂ ᠪᠤᠰᠤᠳ ᠲᠥᠷᠥᠯ ᠤᠨ ᠵᠠᠷᠤᠳᠠᠯ ᠢ ᠲᠣᠬᠢᠷᠠᠭᠤᠯᠬᠤ ᠡᠷᠬᠡ ᠶᠢ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠪᠦᠬᠦᠨ ᠢ ᠲᠥᠷᠥᠯ ᠵᠦᠢᠯ ᠤᠨ ᠬᠠᠷᠢᠭᠤᠴᠠᠯᠭᠠᠲᠠᠨ ᠳᠤ ᠳᠠᠭᠠᠭᠠᠯᠭᠠᠨ᠎ᠠ᠃ ᠲᠥᠷᠥᠯ | ᠵᠦᠢᠯ ᠤᠨ ᠵᠠᠷᠤᠳᠠᠯ ᠢ ︽ᠳᠠᠭᠠᠭᠠᠴᠢᠯᠠᠬᠤ ᠳᠦᠷᠢᠮ︾ ᠤᠨ ᠲᠤᠷᠰᠢᠯᠲᠠ ᠶᠢᠨ ᠠᠵᠢᠯ ᠢ ᠥᠷᠨᠢᠭᠦᠯᠵᠦ᠂ | ᠰᠣᠳᠣᠯᠭᠠᠨ ᠤ ᠲᠥᠷᠥᠯ ᠤᠨ ᠬᠠᠷᠢᠴᠠᠯ ᠢ ᠬᠢᠵᠠᠭᠠᠷᠯᠠᠬᠤ ᠦᠭᠡᠶ ᠪᠠᠶᠢᠵᠤ᠂ ᠰᠢᠨᠵᠢᠯᠡᠬᠦ ᠤᠬᠠᠭᠠᠨ ᠤ ᠰᠣᠳᠣᠯᠭᠠᠨ ᠤ | ᠪᠦᠯᠬᠦᠮ ᠥᠪᠡᠷ ᠢᠶᠠᠨ ᠡᠵᠡᠨ ᠮᠡᠳᠡᠵᠦ ᠲᠣᠭᠲᠠᠭᠠᠨ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ | ᠲᠣᠪᠴᠢᠶ᠎ᠠ︶ | ︵ᠬᠤᠷᠢᠨ ᠨᠢᠭᠡ︶ ᠲᠥᠷᠥᠯ ᠵᠦᠢᠯ ᠤᠨ ᠪᠡᠯᠡ ᠮᠥᠩᠭᠦ ᠰᠠᠯᠭᠠᠨ ᠥᠭᠬᠦ ᠠᠷᠭ᠎ᠠ ᠮᠠᠶ᠋ᠢᠭ ᠢ ᠰᠠᠶᠢᠵᠢᠷᠠᠭᠤᠯᠤᠨ᠎ᠠ᠃ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠵᠦᠢᠯ ᠢᠶᠠᠷ | ᠰᠢᠯᠵᠢᠭᠦᠯᠦᠨ ᠣᠯᠭᠤᠬᠤ ᠭᠦᠢᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠪᠡᠯᠡ | ᠮᠥᠩᠭᠦ ᠪᠠᠨ ᠲᠥᠷᠥᠯ ᠵᠦᠢᠯ ᠤᠨ ᠨᠢᠬᠡᠴᠡ ᠳᠤ 30 ᠠᠵᠢᠯᠯᠠᠬᠤ ᠡᠳᠦᠷ ᠤᠨ ᠳᠣᠲᠣᠷ᠎ᠠ ᠪᠠᠭᠤᠯᠭᠠᠨ ᠦᠭᠴᠦ᠂ | ᠦᠯᠡᠳᠡᠭᠡᠨ ᠠᠪᠴᠤ᠂ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃ ᠲᠥᠰᠦᠪ ᠤᠨ ᠨᠢᠬᠡᠴᠡ ᠶᠢᠨ ᠡᠭᠦᠷᠭᠡᠯᠡᠵᠦ | ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠪᠠᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠲᠤᠰ ᠨᠢᠬᠡᠴᠡ ᠶᠢᠨ ᠰᠤᠯᠠ ᠦᠯᠡᠳᠡᠪᠦᠷᠢ ᠦᠬᠡᠢ ᠳᠠᠩᠰᠠᠨ ᠡᠷᠦᠬᠡ ᠠᠴᠠ ᠲᠤᠰ ᠨᠢᠬᠡᠴᠡ ᠶᠢᠨ | ᠪᠡᠯᠡ ᠮᠥᠩᠭᠦ ᠪᠦᠬᠦᠢ ᠳᠠᠩᠰᠠᠨ ᠡᠷᠦᠬᠡ ᠳᠤ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠨ᠎ᠡ᠃ ᠲᠥᠷᠥᠯ ᠵᠦᠢᠯ ᠢ | ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠰᠢᠨᠵᠢᠯᠡᠬᠦ ᠤᠬᠠᠭᠠᠨ ᠤ ᠰᠣᠳᠣᠯᠭᠠᠨ ᠤ ᠪᠡᠯᠡ ᠮᠥᠩᠭᠦ ᠶᠢ ᠬᠠᠮᠢᠶᠠᠷᠴᠤ | ᠬᠡᠷᠡᠭᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠨ᠂ | ᠲᠤᠰᠠᠭᠠᠷ ᠲᠣᠭᠠᠴᠠᠭ᠎ᠠ ᠬᠢᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠣᠷᠣᠨ︶ | ︵ᠬᠤᠷᠢᠨ ᠬᠤᠶᠠᠷ︶ ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠢᠯ ᠤᠨ ᠵᠠᠷᠤᠳᠠᠯ ᠤᠨ | ᠬᠠᠮᠢᠶᠠᠷᠤᠯᠲᠠ ᠶᠢ ᠰᠠᠶᠢᠵᠢᠷᠠᠭᠤᠯᠣᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠤᠨ ᠤᠷᠢᠵᠤ ᠬᠡᠷᠡᠭᠯᠡᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ | ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠪᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠲᠥᠷᠥᠯ | ᠵᠦᠢᠯ ᠤᠨ ᠵᠠᠷᠤᠳᠠᠯ ᠠᠴᠠ ᠭᠠᠷᠭᠠᠵᠤ ᠪᠣᠯᠤᠨ᠎ᠠ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠶᠢᠨ | ᠤᠯᠤᠰ ᠤᠨ ᠳᠣᠲᠣᠭᠠᠳᠤ ᠶᠢᠨ ᠵᠠᠮ ᠤᠨ ᠵᠠᠷᠤᠳᠠᠯ ᠳᠣᠲᠣᠷᠠᠬᠢ ᠬᠤᠭᠤᠯᠠᠨ ᠤ ᠲᠤᠰᠠᠯᠠᠮᠵᠢ ᠶᠢᠨ ᠵᠠᠷᠤᠳᠠᠯ᠂ | ᠬᠤᠲᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ ᠪᠣᠯᠤᠨ ᠪᠠᠷᠢᠮᠲᠠ ᠬᠢᠬᠦ ᠳᠤ ᠬᠦᠴᠢᠷᠲᠡᠶ ᠬᠤᠨᠤᠭ ᠤᠨ | ᠰᠦᠢᠳᠬᠡᠯ ᠳᠤ ᠳᠠᠭᠠᠭᠠᠴᠢᠯᠠᠯᠲᠠ ᠶᠢᠨ ᠳᠦᠷᠢᠮ ᠬᠡᠷᠡᠭᠵᠢᠭᠦᠯᠬᠦ ᠶᠢ ᠵᠥᠪᠰᠢᠶᠡᠷᠡᠨ᠎ᠡ᠃ ᠲᠥᠷᠥᠯ ᠵᠦᠢᠯ ᠢ ᠳᠠᠭᠠᠭᠠᠨ | ᠡᠭᠦᠷᠭᠡᠯᠡᠭᠰᠡᠨ ᠨᠢᠭᠡᠴᠡ ᠨᠦᠭᠦᠳ ᠰᠢᠭᠤᠳ ᠵᠠᠷᠤᠳᠠᠯ ᠠᠴᠠ ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ ᠢ | ᠰᠠᠭᠤᠯᠭᠠᠨ ᠠᠪᠤᠭᠰᠠᠨ ᠤ ᠳᠠᠷᠠᠭᠠᠬᠢ ᠵᠣᠬᠢᠬᠤ ᠬᠠᠷᠢᠴᠠᠯ ᠢᠶᠠᠷ ᠳᠠᠮ ᠵᠠᠷᠤᠳᠠᠯ ᠢ ᠬᠢᠨᠠᠨ ᠲᠣᠭᠲᠠᠭᠠᠵᠤ᠂ ᠲᠥᠷᠥᠯ | ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠬᠡᠷᠡᠭᠯᠡᠨ᠎ᠡ᠂ ᠡᠭᠦᠨ ᠳᠤ | ᠂ 100 ᠲᠦᠮᠡᠨ ᠲᠥᠭᠦᠷᠢᠭ ᠠᠴᠠ ᠳᠣᠷᠣᠭᠰᠢ ︵100 ᠲᠦᠮᠡᠨ ᠲᠥᠭᠦᠷᠢᠭ ᠢ ᠪᠠᠭᠲᠠᠭᠠᠨ᠎ᠠ︶ ᠶᠢᠨ ᠬᠡᠰᠡᠭ ᠤᠨ | ᠳᠠᠮ ᠵᠠᠷᠤᠳᠠᠯ ᠢ ᠬᠠᠮᠤᠭ ᠤᠨ ᠥᠨᠳᠥᠷ ᠲᠡᠭᠡᠨ 20% ᠳᠤ ᠬᠦᠷᠲᠡᠯ᠎ᠡ ᠳᠡᠭᠡᠭᠰᠢᠯᠡᠭᠦᠯᠵᠦ᠂ 100 ᠲᠦᠮᠡᠨ | ᠲᠥᠭᠦᠷᠢᠭ ᠠᠴᠠ 200 ᠲᠦᠮᠡᠨ ᠲᠥᠭᠦᠷᠢᠭ ︵200 ᠲᠦᠮᠡᠨ ᠲᠥᠭᠦᠷᠢᠭ ᠢ ᠪᠠᠭᠲᠠᠭᠠᠨ᠎ᠠ︶ ᠤᠨ ᠬᠡᠰᠡᠭ ᠢ | ᠬᠠᠮᠤᠭ ᠤᠨ ᠥᠨᠳᠥᠷ ᠲᠡᠭᠡᠨ 15% ᠪᠣᠯᠭᠠᠨ ᠳᠡᠭᠡᠭᠰᠢᠯᠡᠭᠦᠯᠵᠦ᠂ 200 ᠲᠦᠮᠡᠨ ᠲᠥᠭᠦᠷᠢᠭ ᠠᠴᠠ ᠳᠡᠭᠡᠭᠰᠢ | ᠬᠡᠰᠡᠭ ᠢ ᠬᠠᠮᠤᠭ ᠤᠨ ᠥᠨᠳᠥᠷ ᠲᠡᠭᠡᠨ 10% ᠪᠣᠯᠭᠠᠨ ᠳᠡᠭᠡᠭᠰᠢᠯᠡᠭᠦᠯᠵᠦ ᠪᠣᠯᠤᠨ᠎ᠠ︔ ᠲᠣᠭᠠᠨ ᠤ ᠤᠬᠠᠭᠠᠨ ᠵᠡᠷᠭᠡ | ᠴᠣᠯᠣ ᠣᠨᠣᠯ ᠤᠨ ᠰᠤᠳᠤᠯᠭᠠᠨ ᠤ ᠲᠥᠷᠥᠯ ᠵᠦᠢᠯ ᠤᠨ ᠳᠠᠮ ᠵᠠᠷᠤᠳᠠᠯ ᠤᠨ ᠬᠠᠷᠢᠴᠠᠯ ᠢ 30 % ᠠᠴᠠ | ᠳᠠᠪᠠᠭᠤᠯᠬᠤ ᠦᠭᠡᠢ ᠪᠣᠯᠲᠠᠯ᠎ᠠ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ | ᠳᠡᠮ ᠵᠠᠷᠤᠳᠠᠯ ᠢ ᠪᠦᠬᠦᠨ ᠢ ᠠᠮᠵᠢᠯᠲᠠ ᠪᠦᠲᠦᠮᠵᠢ ᠶᠢᠨ ᠵᠠᠷᠤᠯᠭ᠎ᠠ ᠳᠤ ᠬᠡᠷᠡᠭᠯᠡᠵᠦ᠂ ᠲᠥᠷᠥᠯ ᠵᠦᠢᠯ ᠢ ᠬᠡᠷᠡᠭᠵᠢᠭᠦᠯᠬᠦ | ᠠᠬᠢᠴᠠ ᠪᠠᠷ ᠣᠯᠭᠤᠬᠤ ᠶᠢᠨ ᠬᠠᠮᠲᠤ᠂ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠪᠠᠷ ᠲᠣᠪᠤᠶᠢᠮ᠎ᠠ ᠪᠦᠯᠬᠦᠮ | ᠨᠡᠶᠢᠲᠡ ᠪᠣᠯᠤᠨ ᠬᠤᠪᠢ ᠬᠥᠮᠦᠨ ᠶᠢ ᠬᠠᠷᠠᠭᠠᠯᠵᠠᠵᠦ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠳᠤ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠤᠨ ᠣᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠵᠠᠷᠤᠳᠠᠯ ᠢ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ | ᠦᠢᠯᠡᠰ ᠤᠨ ᠨᠢᠭᠡᠴᠡ ᠶᠢᠨ ︽ᠠᠯᠪᠠᠨ ᠤ ᠭᠤᠷᠪᠠᠨ ᠵᠠᠷᠤᠳᠠᠯ︾ ᠤᠨ ᠳᠣᠳᠣᠷᠠᠬᠢ ᠠᠯᠪᠠᠨ ᠶᠠᠪᠣᠳᠠᠯ ᠢᠶᠠᠷ ᠣᠯᠣᠰ ︵ | ᠬᠢᠯᠢ︶ ᠠᠴᠠ ᠭᠠᠷᠣᠭᠰᠠᠨ ᠵᠠᠷᠤᠳᠠᠯ ᠢ ᠪᠦᠷᠢᠳᠬᠡᠬᠦ ᠬᠡᠪᠴᠢᠶ᠎ᠡ ᠳᠤ ᠣᠷᠣᠭᠤᠯᠬᠤ ᠦᠭᠡᠢ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠢᠨᠠᠨ ᠪᠤᠳᠤᠬᠤ ᠲᠣᠪᠴᠢᠶ᠎ᠠ︶ | ︵ᠬᠤᠷᠢᠨ ᠭᠤᠷᠪᠠ︶ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ | ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠤ ᠳᠣᠲᠣᠷ᠎ᠠ᠂ ᠠᠮᠵᠢᠯᠲᠠ | ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠡᠵᠡᠨ ᠮᠡᠳᠡᠨ ᠲᠣᠭᠲᠠᠭᠠᠬᠤ ᠶᠢᠨ ᠬᠠᠮᠲᠤ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨ᠎ᠡ ᠶᠢ ᠡᠭᠦᠳᠬᠦ ᠪᠦᠯᠬᠦᠮ ᠨᠡᠶᠢᠲᠡ ᠪᠠ ᠰᠢᠯᠢᠳᠡᠭ ᠵᠠᠯᠠᠭᠤ | ᠴᠢᠳᠠᠪᠤᠷᠢᠲᠠᠨ ᠢ ᠬᠠᠷᠠᠭᠠᠯᠵᠠᠵᠦ ᠪᠣᠯᠤᠨ᠎ᠠ᠃ ᠪᠦᠬᠦ ᠬᠤᠭᠤᠴᠠᠭᠠᠨ ᠤ ᠤᠯᠤᠰ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠲᠡᠰ ᠤᠨ ᠵᠠᠩᠭᠢᠯᠠᠭ᠎ᠠ ᠶᠢᠨ ᠬᠦᠷᠢᠶᠡᠨ ᠤ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠡᠭᠦᠷᠭᠡ ᠶᠢ ᠡᠭᠦᠷᠭᠡᠯᠡᠭᠰᠡᠨ ᠪᠦᠯᠬᠦᠮ ᠨᠡᠶᠢᠲᠡ ᠶᠢᠨ ᠬᠠᠷᠢᠭᠤᠴᠠᠯᠭᠠᠲᠠᠨ ᠵᠢᠴᠢ ᠨᠢᠭᠡᠴᠡ ᠶᠢᠨ ᠣᠷᠣᠭᠤᠯᠤᠨ | ᠠᠪᠴᠢᠷᠠᠭᠰᠠᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠳᠤ ᠵᠢᠯ ᠤᠨ | ᠴᠠᠯᠢᠩ ᠤᠨ ᠳᠦᠷᠢᠮ᠂ ᠵᠥᠪᠯᠡᠯᠴᠡᠭᠡᠷ ᠤᠨ ᠴᠠᠯᠢᠩ᠂ ᠲᠥᠷᠥᠯ ᠵᠦᠢᠯ ᠤᠨ ᠴᠠᠯᠢᠩ ᠵᠡᠷᠭᠡ ᠬᠤᠪᠢᠶᠠᠷᠢᠯᠠᠬᠤ ᠠᠷᠭ᠎ᠠ | ᠮᠠᠶ᠋ᠢᠭ ᠢ ᠬᠡᠷᠡᠭᠵᠢᠭᠦᠯᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠲᠥᠷᠥᠯ ᠵᠦᠢᠯ ᠤᠨ ᠵᠠᠷᠤᠳᠠᠯ ᠳᠣᠲᠣᠷ᠎ᠠ ᠲᠤᠰᠠᠭᠠᠷ | ᠬᠢᠨᠠᠨ ᠲᠣᠭᠲᠠᠭᠠᠵᠤ ᠪᠣᠯᠤᠨ᠎ᠠ᠂ ᠲᠡᠭᠦᠨ ᠤ ᠴᠠᠯᠢᠩ ᠬᠥᠯᠥᠰᠥ ᠨᠢ ᠪᠠᠶᠢᠭ᠎ᠠ ᠨᠢᠭᠡᠴᠡ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠳᠤ ᠳᠣᠰᠠᠭᠠᠷ ᠪᠠᠶᠢᠷᠢᠯᠠᠭᠤᠯᠵᠦ᠂ ᠨᠢᠬᠡᠴᠡ ᠶᠢᠨ ᠳᠣᠬᠠᠢ ᠶᠢᠨ | ᠵᠢᠯ ᠤᠨ ᠠᠮᠵᠢᠯᠳᠠ ᠪᠦᠳᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠠᠷᠠᠭᠠᠯᠵᠠᠭᠤᠯᠣᠨ ᠨᠡᠮᠡᠭᠳᠡᠬᠦᠯᠦᠨ᠎ᠡ᠃ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠤᠰᠢᠶᠠᠯ ᠬᠠᠪᠰᠤᠷᠭᠠᠬᠤ ᠪᠤᠶᠤ ᠠᠵᠢᠯ ᠤᠨ ᠪᠠᠶᠢᠷᠢ ᠠᠴᠠ ᠪᠠᠨ | ᠰᠠᠯᠵᠤ ᠠᠳᠠᠯ ᠦᠢᠯᠡᠰ ᠴᠣᠭᠴᠠᠯᠠᠭᠰᠠᠨ ᠣᠷᠣᠯᠭ᠎ᠠ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠶᠡᠷᠦᠩᠬᠡᠢ ᠬᠡᠮᠵᠢᠶ᠎ᠡ ᠳᠤ ᠬᠢᠵᠠᠭᠠᠷᠯᠠᠭᠳᠠᠬᠤ ᠦᠭᠡᠢ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠣᠷᠣᠭᠤᠯᠬᠤ | ᠦᠭᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠢᠨᠠᠨ ᠪᠤᠳᠤᠬᠤ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠬᠤᠷᠢᠨ ᠳᠦᠷᠪᠡ︶ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠶᠢ ᠪᠠᠶᠢᠭᠤᠯᠣᠨ᠎ᠠ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠤᠨ ᠵᠣᠷᠢᠭᠲᠠᠢ ᠪᠠᠷ ᠦᠢᠯᠡᠳᠦᠯᠭᠡᠵᠢᠭᠦᠯᠬᠦ᠂ ᠵᠣᠷᠢᠭᠲᠠᠢ ᠪᠠᠷ ᠰᠢᠨ᠎ᠡ ᠶᠢ | ᠡᠭᠦᠳᠬᠦ ᠶᠢ ᠵᠣᠷᠢᠭᠵᠢᠭᠤᠯᠵᠤ᠂ ᠠᠯᠳᠠᠭ᠎ᠠ ᠪᠤᠷᠤᠭᠤ᠂ ᠢᠯᠠᠭᠳᠠᠯ ᠢ ᠠᠭᠤᠴᠢᠯᠠᠨᠡ᠃ ᠡᠰᠡᠷᠭᠦᠴᠡᠰᠢ ᠦᠭᠡᠢ ᠬᠦᠴᠦᠨ | ᠵᠦᠢᠯ ᠪᠤᠶᠤ ᠲᠥᠰᠦᠭᠡᠯᠡᠵᠦ ᠳᠡᠶᠢᠯᠬᠦ ᠦᠭᠡᠢ ᠬᠦᠴᠦᠨ ᠵᠦᠢᠯ ᠠᠴᠠ ᠪᠣᠯᠵᠤ ᠵᠢᠱᠢᠭᠰᠡᠨ ᠬᠠᠷᠠᠯᠲᠠ ᠪᠠᠨ | ᠪᠡᠶᠡᠯᠡᠭᠦᠯᠦᠭᠰᠡᠨ ᠦᠭᠡᠢ ᠪᠤᠶᠤ ᠢᠯᠠᠭᠳᠠᠭᠰᠠᠨ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ ᠳᠤ᠂ ᠲᠤᠰᠬᠠᠶ ᠮᠡᠷᠭᠡᠵᠢᠯᠲᠡᠨ ᠤ ᠦᠨᠡᠯᠡᠯᠲᠡ ᠪᠠᠷ ᠳᠠᠮᠵᠢᠨ ᠦᠨᠡᠨ ᠬᠦ ᠴᠢᠬᠤᠯᠠ ᠶᠡᠭᠡ ᠬᠠᠶᠢᠨ | ᠰᠦᠪᠡᠭᠴᠢᠯᠡᠯᠲᠡ ᠶᠢᠨ ᠦᠨ᠎ᠡ ᠥᠷᠲᠡᠭ ᠲᠠᠢ ᠮᠥᠷᠲᠡᠭᠡᠨ ᠲᠥᠷᠥᠯ ᠵᠦᠢᠯ ᠢ ᠡᠭᠦᠷᠭᠡᠯᠡᠵᠦ ᠪᠠᠶᠢᠭ᠎ᠠ ᠬᠥᠮᠦᠰ | ᠴᠢᠷᠮᠠᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠪᠠᠯ᠂ ᠲᠡᠳᠡᠨ ᠤ ᠰᠤᠳᠤᠯᠭᠠᠨ ᠥᠷᠨᠢᠭᠦᠯᠬᠦ ᠶᠢ ᠦᠷᠭᠦᠯᠵᠢᠯᠡᠨ | ᠳᠠᠮᠵᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠭᠰᠠᠨ᠂ | ᠰᠠᠨᠠᠭᠠᠨ ᠳᠤ ᠦᠭᠡᠶ ᠠᠳᠡᠯ ᠠᠯᠳᠠᠭ᠎ᠠ ᠠᠯᠳᠠᠰᠢ ᠠᠴᠠ ᠪᠣᠯᠤᠭᠰᠠᠨ ᠰᠢᠨᠵᠢᠯᠡᠬᠦ ᠤᠬᠠᠭᠠᠨ ᠤ ᠰᠣᠳᠣᠯᠭᠠᠨ ᠤ | ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠭᠰᠡᠨ ᠪᠠᠶᠢᠪᠠᠯ᠂ ᠨᠠᠵᠠᠭᠠᠶ ᠲᠠᠯ᠎ᠠ ᠶᠢᠨ ᠦᠨᠡᠯᠡᠯᠲᠡ | ᠬᠢᠬᠦ ᠦᠭᠡᠶ ᠪᠠᠶᠢᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠡᠯᠲᠦᠷᠢᠭᠦᠯᠦᠨ᠎ᠡ᠃ ᠠᠵᠢᠯ ᠦᠢᠯᠡᠰ ᠢ ᠡᠷᠬᠢᠮᠯᠡᠬᠦ᠂ | ᠦᠨᠡᠨ ᠠᠴᠠ ᠵᠥᠪ ᠢ ᠡᠷᠢᠬᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ᠂ ᠠᠭᠤᠴᠢᠯᠠᠬᠤ ᠪᠠ | ᠵᠠᠯᠠᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠵᠠᠭᠠᠭ | ᠬᠢᠵᠠᠭᠠᠷ ᠢ ᠣᠨᠣᠪᠴᠢᠲᠠᠢ ᠡᠵᠡᠮᠳᠡᠵᠦ᠂ ᠠᠭᠤᠴᠢᠯᠠᠨ ᠪᠠᠭᠲᠠᠭᠠᠬᠤ ᠶᠣᠰᠣᠲᠠᠢ ᠶᠢ ᠨᠢ ᠵᠣᠷᠢᠭᠲᠠᠢ ᠪᠠᠷ ᠠᠯᠳᠠᠭ᠎ᠠ | ᠪᠤᠷᠤᠭᠤ ᠶᠢ ᠨᠢ ᠠᠭᠤᠴᠢᠯᠠᠨ ᠪᠠᠭᠲᠠᠭᠠᠵᠤ᠂ ᠥᠷᠭᠡᠨ ᠤᠯᠠᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ᠂ | ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ ᠬᠡᠷᠡᠭᠲᠡᠢ︔ ᠠᠭᠤᠴᠢᠯᠠᠬᠤ ᠦᠭᠡᠢ ᠵᠦᠢᠯ ᠢ | ᠶᠠᠭᠠᠬᠢᠭᠰᠠᠨ ᠴᠤ ᠠᠭᠤᠴᠢᠯᠠᠬᠤ ᠦᠭᠡᠢ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠳᠠᠭᠠᠬᠤ ᠶᠢ ᠰᠠᠬᠢᠯᠭ᠎ᠠ ᠪᠠᠲᠤ ᠶᠢᠨ | ᠤᠯᠠᠭᠠᠨ ᠱᠤᠭᠤᠮ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠤᠨ ᠳᠣᠲᠣᠷ᠎ᠠ ᠶᠠᠪᠤᠭᠳᠠᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠢᠨᠠᠨ ᠪᠤᠳᠤᠬᠤ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠣᠷᠣᠨ︶ | ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠬᠤᠷᠢᠨ ᠳᠠᠪᠤ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠬᠡᠨ ᠠᠬᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠵᠤ᠂ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ | ᠰᠢᠢᠳᠪᠤᠷᠢᠯᠡᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠵᠤ᠂ ᠪᠥᠬᠦ ᠨᠡᠶᠢᠭᠡᠮ ᠢᠶᠠᠷ ᠢᠶᠠᠨ | ᠬᠠᠮᠲᠤ ᠪᠠᠷ ᠣᠷᠣᠯᠴᠠᠭᠰᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠴᠤᠭᠭᠠᠷ ᠠᠳᠬᠤᠵᠤ ᠬᠠᠮᠲᠤ ᠪᠠᠷ | ᠬᠠᠮᠢᠶᠠᠷᠤᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠪᠠ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠢᠯ ᠤᠨ ᠰᠡᠭᠦᠯᠴᠢ ᠠᠴᠠ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | ︵ᠬᠤᠷᠢᠨ ᠵᠢᠷᠭᠤᠭ᠎ᠠ︶ ᠪᠡᠯᠡ ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠠᠶᠢᠮᠠᠭ᠂ ᠬᠤᠰᠢᠭᠤ | ᠣᠷᠣᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ ᠶᠢ ᠬᠠᠲᠠᠭᠤ ᠡᠭᠦᠷᠭᠡ ᠪᠣᠯᠭᠠᠵᠤ᠂ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ᠃ | ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ | ᠮᠥᠩᠭᠦᠨ ᠭᠦᠢᠯᠭᠡᠭᠡᠨ ᠤ ᠬᠥᠷᠥᠩᠭᠡ ᠪᠠ ᠠᠷᠠᠳ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠣᠷᠣᠭᠤᠯᠤᠨ᠎ᠠ᠃ ᠲᠤᠰ ᠪᠢᠴᠢᠭ | ᠮᠠᠲ᠋ᠧᠷᠢᠶᠠᠯ ᠳᠤ ᠳᠤᠷᠠᠳᠤᠭᠰᠠᠨ ᠬᠤᠯᠪᠣᠭᠳᠠᠯ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠲᠣᠭᠲᠠᠭᠠᠯ ᠶᠣᠰᠣᠭᠠᠷ | ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ ᠪᠠᠲᠤᠯᠠᠨ᠎ᠠ᠃ | ︵ᠬᠤᠷᠢᠨ ᠳᠣᠯᠤᠭ᠎ᠠ︶ ᠰᠢᠮᠳᠠᠭᠤᠯᠣᠨ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠶᠢ ᠠᠬᠢᠭᠤᠯᠣᠭᠰᠠᠨ ᠪᠠᠶᠢᠳᠠᠯ ᠢ ᠰᠢᠮᠳᠠᠭᠤᠯᠣᠨ ᠪᠠᠶᠢᠴᠠᠭᠠᠬᠤ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠣᠷᠣᠨ | ᠨᠤᠲᠤᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ᠂ ᠪᠦᠬᠦ ᠨᠡᠶᠢᠭᠡᠮ ᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠰᠢᠨ᠎ᠡ ᠪᠠᠷ ᠨᠡᠮᠡᠭᠳᠡᠭᠰᠡᠨ ᠲᠤᠭ᠎ᠠ ᠬᠡᠮᠵᠢᠶ᠎ᠡ ᠶᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠤᠨ᠂ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠳᠡᠭᠡᠷ᠎ᠡ ᠳᠤᠷᠠᠳᠤᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠢᠴᠢᠭ ᠮᠠᠲ᠋ᠧᠷᠢᠶᠠᠯ ᠢ ᠳᠠᠷᠤᠮᠠᠯᠯᠠᠨ | ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠮᠠᠨ ᠤ ᠠᠶᠢᠮᠠᠭ ᠤᠨ ᠣᠲᠣ ᠶᠢᠨ ᠬᠡᠷᠡᠭᠵᠢᠭᠦᠯᠵᠦ | ᠪᠠᠶᠢᠭ᠎ᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠢ ᠲᠣᠰ ︽ᠠᠷᠭ᠎ᠠ ᠬᠡᠮᠵᠢᠶ᠎ᠡ︾ ᠲᠠᠢ ᠨᠢᠭᠡᠳᠦᠯ ᠥᠬᠡᠶ ᠪᠠᠶᠢᠪᠠᠯ᠂ | ᠲᠣᠰ ︽ᠠᠷᠭ᠎ᠠ ᠬᠡᠮᠵᠢᠶ᠎ᠡ︾ ᠶᠢᠨ ᠶᠣᠰᠣᠭᠠᠷ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ | ᠦᠷᠭᠦᠯᠵᠢᠯᠡᠨ ᠰᠢᠨ᠎ᠡ ᠲᠥᠷᠥ ᠶᠢᠨ ᠪᠣᠳᠣᠯᠭ᠎ᠠ ᠲᠣᠭᠲᠠᠭᠠᠭᠰᠠᠨ ᠪᠣᠯ ᠤᠯᠤᠰ᠂ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠠᠯᠠᠱᠠ ᠠᠶᠢᠮᠠᠭ ᠤᠨ ᠠᠷᠭ᠎ᠠ ᠬᠡᠮᠵᠢᠶ᠎ᠡ ᠨᠦᠭᠦᠳ︾ ︵ | ᠠᠯᠠᠱᠠ ᠨᠠᠮ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |