ᠠᠯᠠᠱᠠ ᠵᠡᠭᠦᠨ ᠬᠤᠰᠢᠭᠤᠨ ᠤ ᠢᠩᠭᠡᠨ ᠰᠣᠮᠣᠨ ᠤ ᠴᠠᠭᠠᠨᠵᠠᠳᠠᠭᠠᠢ ᠭᠠᠴᠠᠭᠠᠨ ᠤ ᠮᠣᠩᠭᠤᠯ ᠭᠡᠷ ᠲᠤ ᠬᠠᠴᠢᠨ | ᠴᠢᠯᠠᠭᠤ ᠪᠣᠷᠣᠯᠠᠭᠤᠯᠬᠤ ᠰᠢᠭᠤᠳ ᠨᠡᠪᠲᠡᠷᠡᠭᠦᠯᠭᠡ ᠮᠠᠰᠢ ᠬᠦᠷ ᠬᠥᠭᠵᠢᠶᠡᠨ ᠲᠠᠢ ᠶᠠᠪᠤᠭᠳᠠᠵᠤ ᠪᠠᠶᠢᠯ᠎ᠠ᠃ ᠮᠠᠨᠤ᠂ | ᠬᠠᠰ ᠵᠡᠷᠭᠡ ᠦᠩᠭᠡ ᠢᠯᠭᠠᠷᠠᠭᠰᠠᠨ ᠬᠠᠴᠢᠨ ᠴᠢᠯᠠᠭᠤᠳ ᠨᠢ ᠪᠥᠬᠦ ᠤᠯᠤᠰ ᠤᠨ ᠡᠯ᠎ᠡ ᠭᠠᠵᠠᠷ ᠤᠨ ᠴᠢᠯᠠᠭᠤᠨ ᠳᠤ | ᠪᠠᠭ᠋ᠠᠳᠠᠢ ᠬᠥᠮᠥᠰ ᠤᠨ ᠠᠩᠬᠠᠷᠤᠯ ᠳᠤ ᠬᠦᠷᠴᠣ᠂ ᠳᠡᠳᠡ ᠰᠢᠭᠤᠳ ᠨᠡᠪᠲᠡᠷᠡᠭᠦᠯᠭᠡ ᠪᠠᠷ ᠳᠠᠮᠵᠢᠨ ᠦᠵᠡᠵᠣ | ᠳᠣᠭᠤᠭᠰᠠᠨ ᠬᠠᠴᠢᠨ ᠴᠢᠯᠠᠭᠤ ᠪᠠᠨ ᠬᠤᠳᠠᠯᠳᠤᠨ ᠠᠪᠴᠠᠭᠠᠨᠠ᠃ ︽ᠥᠨᠥᠳᠥᠷ ᠤᠨ ᠰᠢᠭᠤᠳ ᠨᠡᠪᠲᠡᠷᠡᠭᠦᠯᠭᠡ ᠶᠢᠨ | ᠪᠣᠷᠤᠯᠠᠭᠤᠯᠭ᠎ᠠ ᠮᠠᠰᠢ ᠰᠠᠶᠢᠨ᠂ ᠨᠢᠭᠡ ᠲᠦᠮᠡ ᠭᠠᠷᠤᠢ ᠲᠥᠭᠦᠷᠢᠭ ᠤᠨ ᠬᠠᠴᠢᠨ ᠴᠢᠯᠠᠭᠤ ᠶᠢ ᠬᠤᠳᠠᠯᠳᠤᠵᠠᠢ᠂ | ᠰᠢᠭᠤᠳ ᠨᠡᠪᠲᠡᠷᠡᠭᠦᠯᠭᠡ ᠨᠢ ᠭᠠᠴᠠᠭᠠᠨ ᠤ ᠮᠠᠯᠴᠢᠳ ᠲᠤ ᠪᠣᠷᠤᠯᠠᠭᠤᠯᠭ᠎ᠠ ᠶᠢᠨ ᠰᠢᠨ᠎ᠡ ᠵᠠᠮ ᠢ ᠣᠯᠭᠤᠭᠰᠠᠨ ᠢᠶᠠᠷ | ᠪᠠᠷᠠᠬᠤ ᠦᠭᠡᠢ ᠬᠢᠯᠢ ᠬᠢᠵᠠᠭᠠᠷ ᠣᠷᠣᠨ ᠳᠤ ᠠᠮᠢᠳᠤᠷᠠᠵᠤ ᠪᠠᠶᠢᠭ᠎ᠠ ᠮᠠᠯᠴᠢᠳ ᠢ ᠴᠠᠭ ᠦᠶ᠎ᠡ ᠲᠠᠢ ᠵᠡᠷᠭᠡ ᠪᠠᠷ | ᠬᠦᠭᠵᠢᠬᠦ ᠶᠢ ᠳᠠᠭᠠᠭᠤᠯᠵᠣ ᠴᠢᠳᠠᠵᠡᠢ︾ ᠭᠡᠵᠣ ᠴᠠᠭᠠᠨᠵᠠᠳᠠᠭᠠᠢ ᠭᠠᠴᠠᠭᠠᠨ ᠤ ᠨᠠᠮ ᠤᠨ ᠡᠭᠦᠷ ᠤᠨ ᠱᠦᠵᠢ ᠬᠡᠷᠡᠯᠳᠦ | ᠶᠠᠷᠢᠨ᠎ᠠ᠃ | ᠬᠠᠴᠢᠨ ᠴᠢᠯᠠᠭᠤ ᠶᠢ ᠪᠣᠷᠣᠯᠠᠭᠤᠯᠬᠤ ᠨᠢ ᠴᠠᠭᠠᠨᠵᠠᠳᠠᠭᠠᠢ ᠭᠠᠴᠠᠭᠠᠨ ᠤ ᠮᠠᠯᠴᠢᠳ ᠤᠨ ᠴᠢᠬᠤᠯᠠ ᠣᠷᠣᠯᠭ᠎ᠠ ᠶᠢᠨ | ᠢᠷᠡᠯᠲᠡ ᠪᠣᠯᠣᠭᠰᠠᠭᠠᠷ ᠢᠷᠡᠭᠰᠡᠨ ᠪᠣᠯᠪᠠᠴᠤ ᠪᠤᠶᠢᠳᠠ ᠪᠥᠭᠯᠡᠭᠦᠦ᠂ ᠪᠣᠷᠤᠯᠠᠭᠤᠯᠭ᠎ᠠ ᠶᠢᠨ ᠠᠷᠭ᠎ᠠ ᠵᠠᠮ ᠳᠤᠲᠠᠮᠠᠭ ᠠᠴᠠ | ᠪᠣᠯᠵᠣ ᠲᠤᠬᠠᠢ ᠶᠢᠨ ᠭᠠᠵᠠᠷ ᠤᠨ ᠬᠠᠴᠢᠨ ᠴᠢᠯᠠᠭᠤᠨ ᠤ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠪᠠ᠃ | ᠣᠨᠴᠠᠯᠢᠭᠲᠤ ᠪᠦᠲᠦᠭᠡᠭᠳᠡᠬᠦᠨ ᠤ ᠪᠣᠷᠤᠯᠠᠭᠤᠯᠭ᠎ᠠ ᠶᠢ ᠲᠠᠶᠢᠴᠢᠯᠠᠵᠦ᠂ ᠮᠠᠯᠴᠢᠨ ᠲᠦᠮᠡᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠶᠢᠨ ᠲᠥᠯᠥᠭᠡ᠂ ᠴᠠᠭᠠᠨᠵᠠᠳᠠᠭᠠᠢ ᠭᠠᠴᠠᠭ᠎ᠠ ᠶᠢᠨ ︽ᠬᠤᠶᠠᠷ ᠵᠥᠪᠯᠡᠯ︾ | ᠨᠢ ᠰᠤᠮᠤᠨ ᠤ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂ ᠮᠠᠯᠴᠢᠨ ᠲᠦᠮᠡᠨ ᠢ ᠵᠣᠬᠢᠶᠠᠨ ᠪᠠᠶᠢᠭᠤᠯᠤᠨ | ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠣᠯᠴᠠᠭᠤᠯᠵᠤ᠂ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠤᠷ᠎ᠠ ᠮᠡᠷᠭᠡᠵᠢᠯ ᠢ ᠰᠤᠷᠤᠯᠴᠠᠬᠤ ᠶᠢᠨ ᠬᠠᠮᠲᠤ ᠬᠠᠴᠢᠨ ᠴᠢᠯᠠᠭᠤ | ᠪᠣᠷᠣᠯᠠᠭᠤᠯᠬᠤ ᠰᠢᠭᠤᠳ ᠨᠡᠪᠳᠡᠷᠡᠬᠦᠯᠭᠡ ᠶᠢᠨ ᠦᠷᠦᠭᠡ ᠶᠢ ᠪᠠᠶᠢᠭᠤᠯᠵᠤ᠂ ︽ᠰᠦᠯᠵᠢᠶᠡᠨ ᠳᠡᠭᠡᠷᠡᠬᠢ ᠬᠠᠴᠢᠨ | ᠴᠢᠯᠠᠭᠤ ᠶᠢᠨ ᠰᠢᠭᠤᠳ ᠨᠡᠪᠲᠡᠷᠡᠭᠦᠯᠬᠡ︾ + ︽ᠰᠦᠯᠵᠢᠶᠡᠨ ᠭᠠᠳᠠᠨᠠᠬᠢ ᠬᠠᠴᠢᠨ ᠴᠢᠯᠠᠭᠤ ᠶᠢᠨ ᠰᠢᠭᠤᠳ | ᠨᠡᠪᠲᠡᠷᠡᠭᠦᠯᠬᠡ︾ ᠠᠷᠭ᠎ᠠ ᠬᠡᠯᠪᠡᠷᠢ ᠪᠠᠷ ᠮᠠᠯᠴᠢᠳ ᠤᠨ ᠪᠣᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠭᠡᠵᠡᠢ᠃ ︽ | ᠣᠳᠣ ᠮᠠᠨ ᠤ ᠭᠠᠴᠠᠭᠠᠨ ᠤ 30 ᠭᠠᠷᠤᠢ ᠡᠷᠦᠬᠡ ᠮᠠᠯᠴᠢᠳ ᠬᠠᠴᠢᠨ ᠴᠢᠯᠠᠭᠤᠨ ᠤ ᠡᠯᠧᠺᠲᠷᠣᠨ ᠬᠤᠳᠠᠯᠳᠤᠭᠠᠨ ᠤ | ᠰᠢᠭᠤᠳ ᠨᠡᠪᠲᠡᠷᠡᠭᠦᠯᠭᠡ ᠬᠢᠵᠦ ᠪᠠᠶᠢᠨ᠎ᠠ᠂ ᠰᠢᠭᠤᠳ ᠨᠡᠪᠲᠡᠷᠡᠭᠦᠯᠭᠡ ᠪᠠᠷ ᠮᠠᠯᠴᠢᠳ ᠰᠠᠷ᠎ᠠ ᠳᠠᠭᠠᠨ ᠬᠥᠮᠥᠨ ᠪᠦᠷᠢ | ᠶᠢᠨ ᠳᠤᠮᠳᠠᠴᠢ ᠣᠷᠣᠯᠭ᠎ᠠ 8000 ᠲᠥᠭᠦᠷᠢᠭ ᠣᠷᠴᠢᠮ ᠳᠤ ᠬᠦᠷᠴᠦ ᠪᠠᠶᠢᠨ᠎ᠠ︾ ᠭᠡᠵᠦ ᠭᠡᠷᠡᠯᠳᠣ ᠶᠠᠷᠢᠨ᠎ᠠ᠃ | ᠬᠠᠴᠢᠨ ᠴᠢᠯᠠᠭᠤᠨ ᠤ ᠰᠣᠶᠣᠯ ᠤᠨ ᠠᠵᠤ ᠦᠢᠯᠡᠰ ᠲᠤ ᠲᠦᠰᠢᠭᠯᠡᠨ᠂ ᠠᠯᠠᠱᠠ ᠵᠡᠭᠦᠨ ᠬᠤᠰᠢᠭᠤᠨ ᠤ ᠬᠢᠨ ︽ | ᠨᠠᠮ ᠤᠨ ᠪᠠᠶᠢᠭᠤᠯᠤᠯᠲᠠ +︾ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ︽ᠨᠠᠮ ᠤᠨ ᠡᠭᠦᠷ + | ᠨᠡᠶᠢᠭᠡᠮᠯᠢᠭ + ᠮᠠᠯᠴᠢᠨ ᠲᠠᠷᠢᠶᠠᠴᠢᠨ︾ ᠵᠠᠭᠪᠤᠷ ᠢ ᠬᠡᠷᠡᠭᠵᠢᠭᠦᠯᠵᠦ᠂ ᠦᠵᠡᠮᠦᠷᠢ ᠶᠢᠨ ᠴᠢᠯᠠᠭᠤ᠂ ᠡᠷᠳᠡᠨᠢ ᠶᠢᠨ ᠬᠠᠰ | ᠵᠡᠷᠭᠡ ᠬᠠᠴᠢᠨ ᠴᠢᠯᠠᠭᠤᠨ ᠤ ᠠᠵᠢᠯ ᠲᠥᠷᠥᠯ ᠤᠨ ᠨᠡᠶᠢᠭᠡᠮᠯᠢᠭ ᠲᠤ ᠨᠠᠮ ᠤᠨ ᠡᠭᠦᠷ ᠪᠠᠶᠢᠭᠤᠯᠵᠤ᠂ ᠬᠠᠴᠢᠨ | ᠴᠢᠯᠠᠭᠤᠨ ᠤ ᠨᠡᠶᠢᠭᠡᠮᠯᠢᠭ ᠤᠨ ᠨᠠᠮ ᠤᠨ ᠡᠭᠦᠷ ᠠᠴᠠ ᠲᠦᠷᠦᠭᠦᠯᠡᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ | ᠤᠷᠢᠵᠤ᠂ ᠡᠵᠡᠩᠨᠡᠯᠲᠡ ᠶᠢᠨ ᠡᠷᠦᠬᠡ ᠶᠢ ᠵᠣᠬᠢᠶᠠᠨ ᠪᠠᠶᠢᠭᠤᠯᠤᠨ ᠠᠵᠢᠯ ᠲᠥᠷᠥᠯ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠵᠤ᠂ ᠡᠷᠳᠡᠨᠢ ᠶᠢᠨ ᠬᠠᠰ ᠰᠡᠶᠢᠯᠦᠮᠡᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠣᠷᠠᠯ ᠢ | ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠠᠴᠠ ᠲᠡᠳᠬᠦᠬᠦ᠂ ᠪᠡᠶ᠎ᠡ ᠪᠠᠨ | ᠳᠠᠭᠠᠭᠠᠵᠤ ᠪᠡᠯᠡ ᠣᠷᠣᠭᠤᠯᠬᠤ᠂ ᠵᠠᠰᠠᠭ ᠠᠵᠤ ᠠᠬᠤᠶᠢᠯᠠᠯ ᠬᠤᠯᠪᠣᠭᠠᠯᠠᠬᠤ ᠵᠡᠷᠭᠡ ᠬᠥᠭᠵᠢᠯᠲᠡ ᠶᠢᠨ ᠠᠷᠭ᠎ᠠ | ᠵᠠᠮ ᠢᠶᠠᠷ ᠳᠡᠮᠵᠢᠨ᠂ ᠠᠯᠠᠱᠠ ᠵᠡᠭᠦᠨ ᠬᠤᠰᠢᠭᠤᠨ ᠤ ᠬᠠᠴᠢᠨ ᠴᠢᠯᠠᠭᠤᠨ ᠤ ᠠᠵᠤ ᠦᠢᠯᠡᠰ ᠤᠨ ᠠᠩᠬᠠᠨ ᠤ ᠬᠠᠴᠢᠨ | ᠴᠢᠯᠠᠭᠤ ᠶᠢ ᠨᠡᠭᠡᠭᠡᠨ ᠮᠠᠯᠲᠠᠬᠤ — ᠪᠣᠷᠣᠯᠠᠭᠤᠯᠬᠤ ᠵᠠᠭᠪᠤᠷ ᠠᠴᠠ ᠬᠠᠴᠢᠨ ᠴᠢᠯᠠᠭᠤ ᠶᠢ ᠴᠤᠭᠯᠠᠭᠤᠯᠵᠤ ᠦᠷᠦᠬᠦ᠂ | ᠰᠡᠶᠢᠯᠬᠦ᠂ ᠪᠣᠷᠣᠯᠠᠭᠤᠯᠬᠤ ᠵᠡᠷᠭᠡ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠪᠣᠯᠭᠠᠨ ᠬᠦᠭᠵᠢᠬᠦᠯᠵᠣ ᠪᠠᠶᠢᠨ᠎ᠠ᠃ | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠬᠢᠨ ︽ᠲᠦᠷᠤᠬᠦᠴᠢ ᠭᠠᠯᠠᠭᠤ + ᠣᠨᠴᠠᠯᠢᠭᠲᠤ ᠠᠵᠤ | ᠦᠢᠯᠡᠰ︾ ᠢᠶᠠᠷ ᠠᠷᠠᠳ ᠲᠤ ᠠᠰᠢᠭ ᠬᠦᠷᠲᠡᠭᠡᠬᠦ ᠨᠠᠮ ᠤᠨ ᠪᠠᠶᠢᠭᠤᠯᠤᠯᠲᠠ ᠶᠢᠨ ᠪᠠᠶᠠᠵᠢᠯ ᠢ ᠳᠠᠶᠢᠴᠢᠯᠠᠬᠤ | ᠠᠵᠢᠯᠯᠠᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠮᠡᠳᠡᠭᠡ ᠵᠠᠩᠭᠢ ᠪᠠᠷ ᠦᠢᠯᠡᠰ ᠪᠣᠰᠬᠠᠬᠤ ᠲᠦᠷᠭᠡᠨ ᠬᠥᠭᠵᠢᠯᠲᠡ ᠳᠤ | ᠲᠦᠰᠢᠭᠯᠡᠨ᠂ ᠰᠤᠮᠤ ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠯᠴᠢᠨ ᠲᠠᠷᠢᠶᠠᠴᠢᠨ ᠢ | ᠳᠠᠶᠢᠴᠢᠯᠠᠨ ᠬᠠᠴᠢᠨ ᠴᠢᠯᠠᠭᠤᠨ ᠤ ᠠᠵᠤ ᠦᠢᠯᠡᠰ ᠲᠤ ᠣᠷᠣᠯᠴᠠᠭᠤᠯᠵᠤ᠂ ︽ᠭᠠᠴᠠᠭᠠᠨ ᠤ ᠨᠠᠮ ᠤᠨ ᠡᠭᠦᠷ + | ᠰᠦᠯᠵᠢᠶᠡᠨ ᠤ ᠰᠢᠭᠤᠳ ᠨᠡᠪᠲᠡᠷᠡᠭᠦᠯᠭᠡ + ᠬᠠᠴᠢᠨ ᠴᠢᠯᠠᠭᠤᠨ ᠤ ᠠᠵᠤ ᠦᠢᠯᠡᠰ︾ ᠤᠨ ᠰᠢᠨ᠎ᠡ ᠵᠠᠭᠪᠤᠷ ᠢ ᠬᠠᠶᠢᠨ | ᠰᠦᠪᠡᠭᠴᠢᠯᠡᠵᠦ᠂ ᠡᠯᠧᠺᠲᠷᠣᠨ ᠬᠤᠳᠠᠯᠳᠤᠭᠠᠨ ᠤ ᠳᠠᠭᠠᠭᠤᠯᠤᠭᠴᠢ ᠶᠢ ᠪᠤᠶᠢᠵᠢᠭᠤᠯᠵᠤ᠂ ᠮᠠᠯᠴᠢᠨ ᠲᠠᠷᠢᠶᠠᠴᠢᠳ ᠲᠤ | ᠰᠦᠢᠳᠭᠡᠯ ᠬᠤᠷᠢᠶᠠᠬᠤ ᠦᠭᠡᠢ ᠪᠠᠷ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠣᠯᠪᠠᠰᠣᠷᠠᠯ ᠢ | ᠥᠷᠨᠢᠭᠦᠯᠦᠨ᠂ ᠰᠤᠮᠤ ᠪᠠᠯᠭᠠᠰᠤ ᠶᠢᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠥᠷᠲᠡᠭᠡ | ᠴᠡᠭ ᠢ ᠨᠠᠪᠲᠠᠷᠡᠭᠦᠯᠵᠦ᠂ ︽ᠨᠠᠮ ᠤᠨ ᠭᠡᠰᠢᠭᠦᠨ ᠨᠡᠪᠲᠡᠷᠡᠭᠦᠯᠦᠭᠴᠢ ᠶᠢᠨ ᠳᠠᠭᠠᠭᠤᠯᠤᠭᠴᠢ︾ ᠶᠢ ᠢᠳᠡᠪᠬᠢᠲᠡᠢ ᠪᠣᠶ | ᠪᠣᠯᠭᠠᠵᠤ᠂ ︽ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ + ᠰᠦᠯᠵᠢᠶᠡᠨ ᠭᠠᠳᠠᠨᠠᠬᠢ ᠴᠤᠭᠯᠠᠭ᠎ᠠ ᠮᠠᠶᠢᠮᠠᠢ︾ | ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠳᠠᠷᠢᠶᠠᠴᠢᠳ ᠤᠨ ᠭᠠᠷ ᠲᠤ ᠪᠠᠶᠢᠭ᠎ᠠ ᠬᠠᠴᠢᠨ ᠴᠢᠯᠠᠭᠤ ᠶᠢ | ᠰᠦᠯᠵᠢᠶ᠎ᠡ ᠪᠠᠷ ᠲᠥᠪᠯᠡᠷᠡᠭᠦᠯᠦᠨ ᠪᠣᠷᠣᠯᠠᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠵᠣ ᠪᠠᠶᠢᠨ᠎ᠠ᠃ | ︽ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠬᠠᠴᠢᠨ ᠴᠢᠯᠠᠭᠤᠨ ᠤ ᠠᠵᠤ ᠦᠢᠯᠡᠰ ᠢ ᠡᠷᠭᠢᠯᠡᠵᠦ | ᠪᠠᠶᠢᠭ᠎ᠠ ᠭᠡᠷ ᠪᠦᠯᠢ ᠶᠢᠨ ᠡᠵᠡᠩᠨᠡᠯᠲᠡ ᠶᠢᠨ ᠡᠷᠦᠬᠡ 1600 ᠭᠠᠷᠤᠢ ᠪᠣᠯᠵᠣ᠂ ᠰᠢᠭᠤᠳ ᠪᠤᠶᠤ ᠳᠠᠮ ᠢᠶᠠᠷ ᠬᠠᠴᠢᠨ | ᠴᠢᠯᠠᠭᠤ ᠵᠢᠴᠢ ᠳᠠᠭᠠᠯᠲᠠ ᠠᠵᠤ ᠦᠢᠯᠡᠰ ᠢ ᠡᠷᠭᠢᠯᠡᠵᠦ ᠪᠠᠶᠢᠭ᠎ᠠ ᠬᠥᠮᠥᠨ 3 ᠲᠦᠮᠡ ᠰᠢᠬᠠᠮ ᠪᠠᠶᠢᠵᠤ᠂ ᠬᠥᠮᠥᠨ | ᠳᠤᠮᠳᠠᠴᠢ ᠶᠢᠨ ᠣᠷᠣᠯᠭ᠎ᠠ ᠶᠢᠨ ᠨᠡᠮᠡᠭᠳᠡᠯ ᠨᠢ 1 ᠲᠦᠮᠡ 5 ᠮᠢᠩᠭᠠᠨ ᠲᠥᠭᠦᠷᠢᠭ ᠠᠴᠠ ᠳᠡᠭᠡᠭᠰᠢ ᠪᠣᠯᠵᠡᠢ᠃ ᠪᠢᠳᠡ | ᠨᠠᠮ ᠤᠨ ᠡᠭᠦᠷ ᠤᠨ ᠳᠠᠶᠢᠴᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠮᠡᠳᠡᠭᠡ ᠵᠠᠩᠭᠢ ᠶᠢᠨ ᠨᠡᠪᠲᠡᠷᠡᠯᠴᠡᠭᠡ᠂ | ᠮᠡᠷᠭᠡᠵᠢᠯ ᠤᠨ ᠰᠣᠯᠢᠯᠴᠠᠭ᠎ᠠ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ︿ | ᠰᠦᠯᠵᠢᠶ᠎ᠡ + ᠬᠠᠴᠢᠨ ᠴᠢᠯᠠᠭᠤ﹀ ᠶᠢ ᠰᠠᠶᠢᠲᠤᠷ ᠪᠦᠲᠦᠭᠡᠵᠦ᠂ ᠨᠠᠩ ᠣᠯᠠᠨ ᠮᠠᠯᠴᠢᠨ ᠲᠠᠷᠢᠶᠠᠴᠢᠨ ᠳᠤ ᠴᠠᠭ | ᠦᠶ᠎ᠡ ᠶᠢᠨ ᠠᠰᠢᠭ ᠲᠤᠰᠠ ᠶᠢ ᠡᠳ᠋ᠯᠡᠬᠦᠯᠵᠣ᠂ ᠣᠷᠣᠯᠭ᠎ᠠ ᠶᠢ ᠨᠢ ᠨᠡᠮᠡᠭᠳᠡᠬᠦᠯᠬᠦ ᠶᠢ ᠪᠡᠶᠡᠯᠡᠬᠦᠯᠵᠣ ᠪᠠᠶᠢᠨ᠎ᠠ︾ ᠭᠡᠵᠦ | ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ | ᠷᠦᠢ ᠬᠤᠸᠠ ᠶᠠᠷᠢᠨ᠎ᠠ᠃ |