ᠥᠪᠥᠷ ᠮᠣᠩᠭᠤᠯ ᠱᠠᠩᠬᠠᠶ ᠶᠢᠨ ᠡᠮ ᠡᠮᠨᠡᠯᠬᠡ ᠰᠤᠷᠭᠠᠨ ᠬᠥᠮᠦᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯᠯᠠᠭ᠎ᠠ ᠮᠠᠨ ᠤ ᠠᠶᠢᠮᠠᠭ ᠲᠤ ᠡᠬᠢᠯᠡᠵᠡᠢ
ᠨᠡᠶᠢᠲᠡᠯᠡᠭᠰᠡᠨ ᠴᠠᠭ᠄
2024/9/13
    9 ᠰᠠᠷ᠎ᠠ ᠶᠢᠨ 11 ᠤ ᠡᠳᠦᠷ᠂ ︽ᠡᠮ ᠡᠮᠨᠡᠯᠭᠡ ᠰᠤᠷᠭᠠᠨ ᠬᠥᠮᠦᠵᠢᠯ ᠤᠨ ᠠᠵᠢᠯ ᠨᠢᠭᠡᠲᠡᠨ · ᠡᠷᠡᠭᠦᠯ ᠮᠡᠨᠳᠦ ᠶᠢᠨ ᠥᠷ ᠤᠨ ᠭᠡᠭᠡ︾ ᠥᠪᠥᠷ ᠮᠣᠩᠭᠤᠯ ᠱᠠᠩᠬᠠᠶ ᠶᠢᠨ ᠡᠮ ᠡᠮᠨᠡᠯᠬᠡ ᠰᠤᠷᠭᠠᠨ ᠬᠥᠮᠦᠵᠢᠯ ᠤᠨ ᠴᠢᠳᠠᠪᠤᠷᠢᠲᠠᠨ ᠤ ᠠᠯᠠᠱᠠ ᠶᠢᠨ ᠰᠣᠯᠢᠯᠴᠠᠭᠠᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠠᠶᠠᠨᠬᠤᠲᠠ ᠳᠤ ᠶᠠᠪᠤᠭᠳᠠᠪᠠ᠃ ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᡁᠢ ᠭᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠤᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠪᠤᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠣᠯᠤᠨ ᠠᠯᠠᠱᠠ ᠠᠶᠢᠮᠠᠭ ᠬᠠᠮᠲᠤᠷᠠᠨ 2024 ᠣᠨ ᠤ ᠱᠠᠩᠬᠠᠶ ᠥᠪᠥᠷ ᠮᠣᠩᠭᠤᠯ ᠤᠨ ᠬᠠᠮᠲᠤᠷᠠᠯᠴᠠᠭᠠᠨ ᠤ ᠠᠵᠢᠯ ᠤᠨ ᠴᠢᠬᠤᠯᠠ ᠵᠦᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠠ ᠡᠬᠢᠯᠡᠯᠲᠡ ᠶᠢᠨ ᠴᠡᠭ ᠮᠦᠨ᠂ ᠭᠠᠵᠠᠷ ᠣᠷᠣᠨ ᠤ ᠡᠮ ᠡᠮᠨᠡᠯᠭᠡ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ᠂ ᠠᠯᠠᠱᠠ ᠬᠢᠭᠡᠳ ᠱᠠᠩᠬᠠᠶ ᠶᠢᠨ ᠡᠮ ᠡᠮᠨᠡᠯᠬᠡ ᠰᠤᠷᠭᠠᠨ ᠬᠥᠮᠦᠵᠢᠯ ᠤᠨ ᠴᠢᠳᠠᠪᠤᠷᠢᠲᠠᠨ ᠤ ᠰᠣᠯᠢᠯᠴᠠᠭ᠎ᠠ ᠵᠢᠴᠢ ᠴᠢᠨᠠᠷ ᠰᠠᠶᠢᠲᠠᠶ ᠡᠮ ᠡᠮᠨᠡᠯᠭᠡ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠢᠳᠡᠪᠬᠢᠲᠡᠶ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠥᠪᠥᠷ ᠮᠣᠩᠭᠤᠯ ᠤᠨ ᠴᠢᠳᠠᠪᠤᠷᠢᠲᠠᠨ ᠤ ᠠᠵᠢᠯ ᠤᠨ ᠥᠷᠲᠡᠭᠡ ᠶᠢᠨ ᠬᠤᠶᠠᠷ ᠭᠠᠵᠠᠷ ᠤᠨ ᠴᠢᠳᠠᠪᠤᠷᠢᠲᠠᠨ᠂ ᠡᠮ ᠡᠮᠨᠡᠯᠭᠡ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠶᠠᠯᠳᠤᠭᠤᠯᠬᠤ ᠪᠤᠳᠠᠲᠦ ᠢᠯᠡᠷᠡᠯ ᠪᠣᠯᠤᠨ᠎ᠠ᠃ ᠲᠣᠰ ᠤᠳᠠᠭ᠎ᠠ ᠡᠮ ᠡᠮᠨᠡᠯᠬᠡ ᠰᠤᠷᠭᠠᠨ ᠬᠥᠮᠦᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ 20 ᠭᠠᠷᠤᠶ ᠬᠥᠮᠦᠨ 3 ᠡᠳᠦᠷ ᠤᠨ ᠴᠠᠭ ᠢ ᠠᠰᠢᠭᠯᠠᠨ ᠠᠯᠠᠱᠠ ᠶᠢᠨ ᠡᠯ᠎ᠡ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠵᠥᠪᠯᠡᠯᠭᠡ ᠥᠭᠬᠦ᠂ ᠡᠷᠡᠭᠦᠯ ᠮᠡᠨᠳᠦ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠬᠦ᠂ ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠵᠡᠷᠭᠡ ᠠᠵᠢᠯ ᠢ ᠬᠢᠬᠦ ᠶᠢᠨ ᠬᠠᠮᠲᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠡᠯ᠎ᠡ ᠲᠠᠯ᠎ᠠ ᠶᠢᠨ ᠨᠡᠪᠲᠡᠷᠡᠯᠴᠡᠭᠡ ᠰᠣᠯᠢᠯᠴᠠᠭ᠎ᠠ ᠶᠢ ᠥᠷᠨᠢᠭᠦᠯᠬᠦ ᠪᠣᠯᠤᠨ᠎ᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠲᠤᠰᠬᠠᠢ ᠮᠡᠷᠭᠡᠵᠢᠯᠲᠡᠨ ᠤ ᠪᠦᠯᠬᠦᠮ ᠠᠴᠠ ᠮᠠᠨ ᠤ ᠠᠶᠢᠮᠠᠭ ᠲᠤ ᠡᠮ ᠡᠮᠨᠡᠯᠬᠡ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠡᠳᠬᠦᠯ ᠪᠣᠯᠤᠨ ᠨᠣᠮ ᠪᠢᠴᠢᠭ ᠬᠦᠷᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号