ᠥᠭᠡᠷᠡᠴᠢᠯᠡᠯᠲᠡ ᠶᠢᠨ ᠠᠵᠢᠯ ᠳᠤ ᠰᠢᠨ᠎ᠡ ᠶᠢ ᠡᠭᠦᠳᠬᠦ ᠶᠢ ᠣᠨᠴᠠᠭᠠᠶᠢᠯᠠᠨ ᠴᠢᠬᠤᠯᠠᠴᠢᠯᠠᠬᠤ ᠬᠡᠷᠡᠭᠲᠡᠶ
ᠨᠡᠶᠢᠲᠡᠯᠡᠭᠰᠡᠨ ᠴᠠᠭ᠄
2024/9/13
    ᠶᠡᠷᠦᠩᠬᠡᠢ ᠱᠦᠵᠢ ᠰᠢ ᠶᠢᠨ ᠫᠢᠩ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠶᠢ ᠡᠭᠦᠳᠬᠦ ᠶᠢ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠤ ᠳᠤᠪᠤᠶᠢᠮ᠎ᠠ ᠪᠠᠶᠢᠷᠢᠨ ᠳᠤ ᠲᠠᠯᠪᠢᠪᠠ᠃ ᠥᠭᠡᠷᠡᠴᠢᠯᠡᠯᠲᠡ ᠪᠣᠯ ᠮᠥᠨ ᠴᠢᠨᠠᠷ ᠳᠡᠭᠡᠷ᠎ᠡ ᠪᠠᠨ ᠰᠢᠨ᠎ᠡ ᠶᠢ ᠡᠭᠦᠳᠴᠦ ᠪᠦᠲᠦᠭᠡᠬᠦ ᠶᠠᠪᠤᠳᠠᠯ ᠮᠥᠨ᠃ ᠥᠭᠡᠷᠡᠴᠢᠯᠡᠯᠲᠡ ᠶᠢ ᠰᠦᠪᠡᠭᠴᠢᠯᠡᠵᠤ᠂ ᠥᠭᠡᠷᠡᠴᠢᠯᠡᠯᠲᠡ ᠶᠢ ᠠᠳᠬᠤᠬᠤ ᠳᠤ ᠡᠷᠬᠡᠪᠰᠢ ᠵᠣᠷᠢᠭᠲᠠᠢ ᠪᠠᠷ ᠰᠢᠨ᠎ᠡ ᠶᠢ ᠡᠭᠦᠳᠴᠦ᠂ ᠲᠦᠭᠵᠢᠮᠡᠯ ᠬᠡᠪᠰᠢᠮᠡᠯ ᠦᠵᠡᠯᠲᠡ ᠶᠢ ᠲᠦᠷᠭᠡᠨ ᠬᠤᠪᠢᠷᠠᠭᠤᠯᠵᠤ᠂ ᠬᠡᠪᠰᠢᠯ ᠵᠤᠷᠰᠢᠯ ᠠᠴᠠ ᠮᠤᠯᠲᠤᠷᠠᠨ ᠭᠠᠷᠴᠤ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠬᠢᠬᠦ ᠬᠡᠷᠡᠭᠲᠡᠢ᠃ ᠡᠩ ᠤᠨ ᠵᠤᠷᠰᠢᠯ ᠢ ᠡᠪᠳᠡᠬᠦ ᠰᠥᠰᠥ ᠵᠣᠷᠢᠭ ᠲᠠᠢ ᠪᠠᠶᠢᠵᠤ᠂ ᠪᠤᠰᠤᠳ ᠤᠨ ᠪᠣᠳᠣᠵᠤ ᠦᠵᠡᠭᠡ ᠦᠭᠡᠢ ᠵᠦᠢᠯ ᠢ ᠵᠣᠷᠢᠭᠲᠠᠢ ᠪᠣᠳᠣᠵᠤ᠂ ᠪᠤᠰᠤᠳ ᠤᠨ ᠬᠢᠵᠦ ᠦᠵᠡᠭᠡ ᠦᠭᠡᠢ ᠵᠦᠢᠯ ᠢ ᠵᠣᠷᠢᠭᠲᠠᠢ ᠬᠢᠬᠦ ᠬᠡᠷᠡᠭᠲᠡᠢ᠃ ᠨᠢᠭᠡ ᠤᠴᠢᠷ ᠢ ᠬᠢᠬᠦ ᠳᠤ ︽ᠬᠢᠵᠦ ᠳᠡᠶᠢᠯᠬᠦ︾ ᠲᠠᠯ᠎ᠠ ᠪᠠᠷ ᠢᠯᠡᠬᠦᠭᠡᠨ ᠠᠷᠭ᠎ᠠ ᠪᠤᠳᠤᠵᠤ᠂ ︽ᠬᠢᠵᠦ ᠳᠡᠶᠢᠯᠬᠦ ᠥᠬᠡᠶ︾ ᠭᠡᠵᠤ ᠰᠢᠯᠲᠠᠬᠯᠠᠬᠤ ᠦᠬᠡᠢ ᠪᠠᠶᠢᠬᠤ ᠭᠡᠷᠡᠭᠳᠠᠢ᠃ ᠬᠥᠭᠵᠢᠯᠲᠡ ᠶᠢ ᠶᠡᠭᠡ ᠪᠠᠷ ᠠᠳᠬᠤᠵᠤ ᠬᠥᠭᠵᠢᠯᠲᠡ ᠶᠢ ᠲᠦᠷᠭᠡᠳᠭᠡᠬᠦ᠂ ᠪᠦᠬᠦ ᠤᠯᠤᠰ ᠤᠨ ᠳᠤᠮᠳᠠ ᠲᠦᠪᠰᠢᠨ ᠳᠤ ᠤᠷᠤᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠬᠤ ᠳᠤ᠂ ᠡᠷᠬᠡᠪᠰᠢ ︽ᠵᠣᠷᠢᠭᠲᠠᠢ ᠪᠠᠷ ᠲᠦᠷᠦᠭᠦᠯᠡᠬᠦ︾ ᠢᠲᠡᠭᠡᠯ ᠢᠶᠠᠨ ᠨᠡᠮᠡᠭᠳᠡᠬᠦᠯᠵᠤ᠂ ︽ᠰᠶᠢᠳᠪᠤᠷᠢᠯᠡᠬᠦ ᠰᠡᠳᠭᠢᠬᠦᠢ︾ ᠶᠢ ᠴᠢᠩᠭᠠᠳᠬᠠᠵᠤ᠂ ᠬᠢᠨ᠎ᠠ ᠬᠡᠰᠡᠨ ᠶᠠᠪᠤᠳᠠᠯ ᠢ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠵᠥᠷᠢᠴᠡᠬᠦ ᠦᠭᠡᠢ ᠯᠡ ᠶᠤᠮ ᠪᠣᠯ ᠵᠣᠷᠢᠭᠲᠠᠢ ᠪᠠᠷ ᠬᠢᠵᠤ᠂ ᠵᠣᠷᠢᠬᠰᠡᠨ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠪᠠᠶᠢᠬᠤ ᠬᠡᠷᠡᠭᠲᠡᠢ᠃    ᠥᠭᠡᠷᠡᠴᠢᠯᠡᠯᠲᠡ ᠬᠢᠭᠰᠡᠳ ᠤᠷᠤᠭᠰᠢᠯᠠᠵᠤ᠂ ᠰᠢᠨ᠎ᠡ ᠶᠢ ᠡᠭᠦᠳᠦᠭᠴᠢᠳ ᠬᠦᠴᠦᠷᠬᠡᠭᠵᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠴᠢᠳ ᠢᠯᠠᠮᠤᠢ᠃ ᠥᠭᠡᠷᠡᠴᠢᠯᠡᠯᠲᠡ ᠬᠢᠬᠦ ᠳᠤ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ ᠨᠡᠩ ᠴᠢᠬᠤᠯᠠᠲᠠᠢ ᠶᠤᠮ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠠᠮ ᠨᠡᠭᠡᠭᠡᠭᠴᠢ ᠪᠣᠯᠬᠤ ᠪᠠᠷ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠭᠵᠢᠭᠡᠳᠦᠢ ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠᠲᠠᠢ︾ ᠭᠡᠬᠦ ᠰᠤᠷᠭᠠᠯ ᠢ ᠪᠠᠲᠤ ᠴᠡᠭᠡᠵᠢᠯᠡᠵᠦ᠂ ᠨᠡᠩ ᠶᠡᠭᠡ ᠰᠥᠰᠥ ᠵᠣᠷᠢᠭ ᠪᠣᠯᠤᠨ ᠡᠷᠴᠢ ᠵᠣᠷᠢᠭ ᠢᠶᠠᠷ ᠰᠢᠨ᠎ᠡ ᠶᠢ ᠡᠭᠦᠳᠬᠦ ᠶᠢ ᠰᠦᠪᠡᠭᠴᠢᠯᠡᠨ ᠰᠢᠨ᠎ᠡ ᠶᠢ ᠡᠭᠦᠳᠬᠦ ᠶᠢ ᠠᠳᠬᠤᠵᠤ᠂ ᠴᠠᠭ ᠦᠶ᠎ᠡ ᠳᠤ ᠦᠯᠦ ᠲᠤᠬᠢᠷᠠᠬᠤ ᠬᠢᠵᠠᠭᠠᠷᠯᠠᠬᠤ ᠴᠢᠨᠠᠷᠲᠠᠢ ᠲᠦᠷᠦ ᠶᠢᠨ ᠪᠤᠳᠤᠯᠭ᠎ᠠ ᠶᠢ ᠵᠣᠷᠢᠭᠲᠠᠢ ᠡᠪᠳᠡᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠠᠷᠭ᠎ᠠ ᠪᠠᠷ ᠬᠦᠴᠢᠷ ᠠᠰᠠᠭᠤᠳᠠᠯ ᠢ ᠦᠨᠳᠦᠰᠦ ᠠᠴᠠ ᠨᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠣᠭᠤᠷᠢᠨ ᠳᠤ ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ ᠢᠯᠡᠭᠦᠬᠡᠨ ᠲᠠᠷᠢᠬᠢ ᠲᠣᠯᠣᠭᠠᠢ ᠪᠠᠨ ᠬᠥᠳᠡᠯᠭᠡᠨ ᠠᠷᠭ᠎ᠠ ᠪᠤᠳᠤᠵᠤ᠂ ᠥᠭᠡᠷᠡᠴᠢᠯᠡᠯᠲᠡ ᠶᠢᠨ ᠠᠷᠭ᠎ᠠ ᠪᠠᠷ ᠲᠦᠭᠵᠢᠷᠡᠯ ᠴᠡᠭ ᠬᠤᠷᠢᠭ᠎ᠠ ᠴᠡᠭ ᠢ ᠠᠷᠢᠯᠭᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠢ ᠨᠡᠬᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃    ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠠᠭᠤᠷ ᠠᠮᠢᠰᠬᠤᠯ ᠪᠠᠶᠢᠬᠤ ᠴᠢᠬᠤᠯᠠᠲᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ ᠥᠭᠡᠷᠡᠴᠢᠯᠡᠯᠲᠡ ᠶᠢ ︽ᠴᠢᠯᠥᠭᠡᠲᠡᠢ ᠲᠠᠯᠪᠢᠵᠤ︾᠂ ᠰᠢᠨ᠎ᠡ ᠶᠢ ᠡᠭᠦᠳᠬᠦ ᠳᠤ ︽ᠪᠠᠲᠤᠯᠠᠭ᠎ᠠ ᠬᠠᠨᠭ᠍ᠭᠠᠵᠤ︾᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠤᠷᠢᠳᠠᠬ ᠬᠥᠮᠦᠰ ᠲᠤ ︽ᠳᠦᠭᠦᠮ ᠳᠦᠲᠡ ᠨᠦᠬᠦᠴᠡᠯ ᠬᠠᠩᠭᠠᠨ ᠥᠭᠴᠦ︾᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭᠲᠠᠢ ᠬᠥᠮᠦᠰ ᠲᠤ ︽ᠦᠨᠳᠦᠰᠦᠨ ᠵᠦᠢᠯ ᠢ ᠪᠠᠲᠤᠯᠠᠨ ᠥᠭᠴᠦ︾᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠴᠢᠳᠠᠮᠠᠭᠠᠢ ᠬᠥᠮᠦᠰ ᠲᠤ ︽ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ ᠥᠭᠬᠦ︾ ᠬᠡᠷᠡᠭᠲᠡᠢ᠃ ᠣᠷᠣᠨ ᠳᠠᠶᠠᠭᠠᠷ ᠢᠶᠠᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ ᠬᠦᠴᠦᠷᠬᠡᠭ ᠶᠡᠭᠡ ᠪᠠᠶᠢᠳᠠᠯ ᠢ ᠶᠡᠭᠡ ᠪᠠᠷ ᠪᠤᠢ ᠪᠣᠯᠭᠠᠵᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠤᠨ ᠪᠠᠳᠠᠷᠠᠭᠤᠯᠵᠤ ᠂ ᠺᠠᠳ᠋ᠷ ᠤᠯᠠᠨ ᠲᠦᠮᠡᠨ ᠤ ᠰᠠᠶᠢᠨ ᠠᠷᠭ᠎ᠠ ᠤᠬᠠᠭᠠᠨ ᠢᠯᠡᠭᠦᠬᠡᠨ ᠭᠠᠷᠭᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠰᠢᠪᠲᠤᠯᠤᠯᠲᠠ ᠶᠢᠨ ᠴᠢᠨᠠᠷᠲᠠᠢ ᠰᠦᠪᠡᠭᠴᠢᠯᠡᠯᠳᠡ ᠬᠢᠬᠦ ᠶᠢ ᠵᠥᠪᠰᠢᠶᠡᠷᠡᠬᠦ ᠬᠡᠷᠡᠭᠲᠡᠢ᠃ ᠬᠦᠯᠢᠴᠡᠩᠭᠦᠢ ᠪᠤᠰᠤ ᠪᠠᠶᠢᠬᠤ ᠶᠢ ᠶᠡᠭᠡ ᠪᠠᠷ ᠴᠡᠭᠡᠷᠯᠡᠵᠦ᠂ ᠬᠢᠷᠢ ᠬᠡᠮ ᠢᠶᠠᠷ ᠨᠢ ᠦᠶ᠎ᠡ ᠬᠤᠪᠢᠶᠠᠬᠤ ᠶᠢ ᠴᠢᠩᠭ᠎ᠠ ᠴᠡᠭᠡᠷᠯᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠡᠭᠡᠷᠯᠡᠵᠦ᠂ ᠬᠢᠷᠢ ᠠᠴᠠ ᠨᠢ ᠳᠡᠭᠡᠭᠦᠷ ᠭᠡᠳᠦᠷᠭᠡᠢ ᠱᠠᠭᠠᠷᠳᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃    ᠡᠭᠦᠳᠡ ᠪᠠᠨ ᠨᠡᠭᠡᠭᠡᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ︽ᠵᠢᠯᠤᠭᠤ︾ ᠶᠢ ᠴᠢᠩᠭ᠎ᠠ ᠠᠳᠬᠤᠵᠤ᠂ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠤᠬᠠᠮᠰᠠᠷ ᠴᠢᠩᠭ᠎ᠠ ᠪᠢᠰᠢ ᠪᠠᠶᠢᠬᠤ ᠠᠰᠠᠭᠤᠳᠠᠯ ᠢ ᠰᠢᠨ᠎ᠡ ᠶᠢ ᠡᠭᠦᠳᠦᠨ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠢ ᠴᠢᠬᠤᠯᠠᠴᠢᠯᠠᠵᠤ᠂ ᠨᠡᠩ ᠤᠯᠠᠨ ᠰᠢᠨ᠎ᠡ ᠶᠢ ᠡᠭᠦᠳᠬᠦ ᠲᠠᠪᠴᠠᠩ᠂ ᠠᠵᠤ ᠠᠬᠤᠶᠢᠯᠠᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠳᠠᠪᠠᠭᠤᠯᠢᠭ ᠡᠬᠢ ᠪᠠᠶᠠᠯᠢᠭ ᠢ ᠥᠪᠡᠷ ᠤᠨ ᠪᠡᠶ᠎ᠡ ᠳᠡᠭᠡᠨ ᠬᠡᠷᠡᠭᠯᠡᠭᠦᠯᠬᠦ ᠪᠠᠷ ᠲᠠᠲᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠱᠠᠯᠠᠮᠠᠭᠠᠶᠢᠯᠠᠨ ᠤᠷᠤᠭᠰᠢᠯᠠᠵᠤ᠂ ᠬᠥᠭᠡᠭᠡᠵᠦ ᠭᠦᠢᠴᠡᠬᠦ ᠬᠡᠷᠡᠭᠲᠡᠢ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠦᠨᠡᠨ ᠬᠦ ᠠᠳᠬᠤᠵᠤ ᠪᠣᠳᠠᠲᠠᠢ ᠠᠵᠢᠯᠯᠠᠬᠤ ᠬᠡᠷᠡᠭᠲᠡᠢ᠃ ᠦᠷ᠎ᠡ ᠳ᠋ᠦᠩ ᠪᠣᠯ ᠬᠠᠮᠤᠭ ᠤᠨ ᠰᠠᠶᠢᠨ ᠶᠠᠪᠤᠴᠠ ᠮᠥᠨ᠂ ᠰᠢᠨ᠎ᠡ ᠶᠢ ᠡᠭᠦᠳᠬᠦ ᠪᠣᠯ ᠬᠠᠮᠤᠭ ᠤᠨ ᠬᠦᠴᠦᠷᠬᠡᠭ ᠶᠡᠭᠡ ᠬᠦᠳᠡᠯᠭᠡᠭᠴᠢ ᠬᠦᠴᠦᠨ ᠮᠥᠨ᠃ ᠣᠷᠣᠨ ᠳᠠᠶᠠᠭᠠᠷ ᠢᠶᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠴᠢᠩᠭ᠎ᠠ ᠬᠦᠴᠦᠲᠡᠶ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠢ ᠪᠣᠳᠠᠲᠠᠶ ᠠᠳᠬᠤᠨ ᠨᠠᠷᠢᠯᠢᠭ ᠠᠳᠬᠤᠵᠤ᠂ ᠦᠭᠡᠷᠡᠴᠢᠯᠡᠯᠲᠡ ᠨᠢ ᠲᠠᠪᠰᠢᠯᠳᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠯ᠎ᠠ ᠪᠠᠷ ᠴᠢᠷᠮᠠᠶᠢᠨ ᠰᠢᠪᠲᠤᠯᠤᠯᠲᠠ ᠬᠢᠵᠦ᠂ ᠢᠳᠡᠪᠬᠢᠲᠡᠶ ᠪᠠᠷ ᠵᠠᠮ ᠬᠠᠶᠢᠨ ᠨᠡᠭᠡᠭᠡᠵᠦ᠂ ︽ᠮᠤᠬᠤᠷ ᠵᠠᠮ︾ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ︽ᠰᠢᠨ᠎ᠡ ᠵᠠᠮ ᠨᠡᠬᠡᠭᠡᠬᠦ︾ ᠲᠠᠯ᠎ᠠ ᠪᠠᠷ ᠦᠨᠡᠨ ᠬᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号