ᠥᠭᠡᠷᠡᠴᠢᠯᠡᠯᠲᠡ ᠶᠢᠨ ᠠᠵᠢᠯ ᠳᠤ ᠨᠢᠭᠡᠳᠦᠯᠲᠡᠶ ᠲᠥᠯᠥᠪᠵᠢᠬᠦᠯᠬᠦ ᠶᠢ ᠣᠨᠴᠠᠭᠠᠶᠢᠯᠠᠨ ᠴᠢᠬᠤᠯᠠᠴᠢᠯᠠᠬᠤ ᠬᠡᠷᠡᠭᠲᠡᠶ
ᠨᠡᠶᠢᠲᠡᠯᠡᠭᠰᠡᠨ ᠴᠠᠭ᠄
2024/9/14
     ᠪᠦᠬᠦ ᠲᠠᠯ᠎ᠠ ᠶᠢ ᠦᠯᠤ ᠪᠤᠳᠤᠯᠬᠢᠯᠠᠬᠴᠢᠳ ᠬᠡᠰᠡᠭ ᠲᠠᠯ᠎ᠠ ᠶᠢ ᠪᠣᠳᠣᠯᠬᠢᠯᠠᠵᠤ ᠦᠯᠤ ᠴᠢᠳᠠᠮᠤᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠨᠢᠭᠡᠨ ᠤᠳᠠᠭ᠎ᠠ ᠶᠢᠨ ᠭᠦᠨ ᠭᠦᠨᠵᠡᠭᠡᠢ ᠪᠥᠭᠡᠳ ᠪᠦᠬᠦ ᠲᠠᠯ᠎ᠠ ᠶᠢᠨ ᠨᠡᠶᠢᠭᠡᠮ ᠤᠨ ᠬᠤᠪᠢᠰᠤᠯᠲᠠ ᠮᠥᠨ᠂ ᠪᠠᠰᠠ ᠴᠤ ᠨᠢᠭᠡᠨ ᠲᠦᠪᠡᠭ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ︽ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ︾ ᠂ ︽ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ︾ ᠭᠡᠵᠦ ᠣᠨᠴᠠᠭᠠᠶᠢᠯᠠᠨ ᠴᠢᠬᠤᠯᠠᠴᠢᠯᠠᠭᠰᠠᠨ ᠨᠢ ᠳᠠᠷᠤᠢ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠬᠦᠯᠬᠦ ᠶᠢ ᠴᠢᠬᠤᠯᠠᠴᠢᠯᠠᠬᠤ ᠶᠢ ᠶᠠᠷᠢᠭᠰᠠᠨ ᠶᠤᠮ᠃    ᠥᠭᠡᠷᠡᠴᠢᠯᠡᠯᠲᠡ ᠶᠢ ᠰᠦᠪᠡᠭᠴᠢᠯᠡᠵᠤ ᠥᠭᠡᠷᠡᠴᠢᠯᠡᠯᠲᠡ ᠶᠢ ᠠᠳᠬᠤᠬᠤ ᠳᠤ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ ᠦᠨᠳᠦᠷᠴᠡ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠬᠤ ᠬᠡᠷᠡᠭᠲᠡᠢ᠃ ᠡᠨᠡ ᠬᠤᠶᠠᠷ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠤ ᠳᠤᠮᠳᠠ ᠲᠦᠪᠰᠢᠨ ᠳᠤ ᠣᠷᠣᠬᠤ ᠶᠢ ᠬᠢᠵᠠᠭᠠᠷᠯᠠᠵᠤ ᠪᠠᠶᠢᠭ᠎ᠠ ᠬᠠᠭᠤᠴᠢᠨ ᠲᠦᠷᠢᠮ ᠲᠣᠭᠲᠠᠭᠠᠯ ᠢ ᠡᠪᠳᠡᠵᠤ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠤᠨ ᠤ ᠴᠠᠬᠢᠯᠭᠠᠨ ᠬᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠠᠷᠪᠠᠨ ᠶᠡᠭᠡ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠭᠡᠷᠡᠭᠵᠢᠬᠦᠯᠬᠦ ᠳᠤ ᠴᠥᠮ ︽ᠨᠢᠭᠡᠳᠦᠯᠲᠡᠶ ᠲᠥᠯᠥᠪᠵᠢᠬᠦᠯᠬᠦ︾ ᠡᠨᠡ ᠬᠦ ᠴᠢᠬᠤᠯᠠ ᠠᠷᠭ᠎ᠠ ᠶᠢ ᠬᠡᠷᠡᠭᠯᠡᠭᠰᠡᠨ ᠶᠤᠮ᠂ ᠲᠠᠷᠠᠭᠠᠴᠢ ᠶᠢᠨ ᠠᠯᠬᠤᠮ ᠳᠤ ᠨᠠᠩ ᠭᠦᠢᠴᠡᠳ ᠰᠠᠶᠢᠲᠤᠷ ᠬᠡᠷᠡᠭᠯᠡᠬᠦ ᠬᠡᠷᠡᠭᠲᠡᠶ᠃    ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠬᠤᠯᠪᠤᠯᠳᠤᠭᠤᠯᠤᠨ ᠨᠡᠪᠳᠡᠷᠡᠯᠴᠡᠬᠦᠯᠬᠦ ᠬᠡᠷᠡᠭᠲᠡᠢ᠃ ᠠᠳᠠᠯᠢ ᠨᠢᠭᠡᠨ ᠬᠦᠷᠢᠶ᠎ᠡ᠂ ᠠᠳᠠᠯᠢ ᠨᠢᠭᠡᠨ ᠲᠦᠪᠰᠢᠨ ᠲᠡᠭᠡᠷᠡᠬᠢ ᠠᠵᠢᠯ ᠢ ᠵᠡᠷᠭᠡ ᠪᠠᠷ ᠠᠳᠬᠤᠵᠤ᠂ ᠠᠵᠢᠯ ᠤᠨ ᠪᠦᠬᠦ ᠬᠡᠯᠬᠢᠶᠡᠨ ᠤ ᠡᠯ᠎ᠡ ᠭᠤᠭᠴᠤᠭ᠎ᠠ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠰᠢᠰᠲ᠋ᠧᠮ ᠲᠠᠢ ᠠᠬᠢᠭᠤᠯᠵᠤ ᠂ ᠠᠳᠠᠯᠢ ᠨᠢᠭᠡᠨ ᠬᠦᠷᠢᠶᠡᠨ ᠳᠠᠬᠢ ᠥᠭᠡᠷᠡᠴᠢᠯᠡᠯᠲᠡ ᠶᠢ ᠵᠣᠯᠭᠠᠭᠤᠯᠤᠨ ᠬᠤᠯᠪᠣᠯᠳᠤᠭᠤᠯᠬᠤ᠂ ᠠᠳᠠᠯᠢ ᠪᠤᠰᠤ ᠬᠦᠷᠢᠶᠡᠨ ᠤ ᠥᠭᠡᠷᠡᠴᠢᠯᠡᠯᠲᠡ ᠶᠢ ᠵᠣᠬᠢᠴᠠᠭᠤᠯᠤᠨ ᠲᠥᠬᠦᠷᠵᠢᠭᠦᠯᠬᠦ ᠶᠢ ᠠᠬᠢᠭᠤᠯᠵᠤ᠂ ᠥᠭᠡᠷᠡᠴᠢᠯᠡᠯᠲᠡ ᠶᠢᠨ ᠳᠣᠲᠣᠭᠠᠳᠤ ᠳᠠᠬᠢ ᠡᠯ᠎ᠡ ᠭᠤᠭᠴᠤᠭ᠎ᠠ ᠶᠢ ᠰᠢᠯᠢᠳᠡᠭᠵᠢᠬᠦᠯᠤᠨ   ᠵᠣᠬᠢᠴᠠᠭᠤᠯᠬᠤ ᠬᠡᠷᠡᠭᠲᠡᠢ᠃ ᠠᠯᠢ ᠤᠯᠠᠨ ᠲᠥᠷᠥ ᠶᠢᠨ ᠪᠣᠳᠣᠯᠭ᠎ᠠ ᠶᠢ ᠪᠤᠭᠤᠳᠠᠯᠯᠠᠵᠤ᠂ ᠲᠤᠭᠤᠰᠢᠳᠠᠢ ᠭᠡᠷᠡᠭᠵᠢᠬᠦᠯᠬᠦ ᠠᠷᠭ᠎ᠠ ᠬᠡᠮᠵᠢᠶ᠎ᠡ ᠶᠢ ᠨᠢᠭᠡᠳᠭᠡᠨ᠂ ︽ᠨᠢᠭᠡ ᠥᠷᠲᠡᠭᠡᠴᠢᠯᠡᠭᠰᠡᠨ ᠮᠠᠶ᠋ᠢᠭ︾ ᠢᠶᠠᠷ ᠬᠠᠮᠵᠢᠯᠴᠠᠨ ᠠᠬᠢᠭᠤᠯᠬᠤ ᠶᠢ ᠪᠡᠶᠡᠯᠡᠭᠦᠯᠬᠦ ᠬᠡᠷᠡᠭᠲᠡᠶ᠃ ᠤᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠠᠵᠢᠯ ᠳᠤ᠂ ᠠᠵᠢᠯ ᠢᠶᠠᠨ ᠬᠤᠪᠢᠶᠠᠨ ᠪᠣᠭᠤᠮᠲᠠ ᠰᠠᠬᠢᠵᠤ᠂ ᠬᠠᠷᠢᠭᠤᠴᠠᠯᠭ᠎ᠠ  ᠶᠢ ᠪᠣᠳᠠᠲᠠᠶᠢᠵᠢᠭᠤᠯᠬᠤ ᠪᠦᠭᠡᠳ ᠪᠠᠰᠠ ᠨᠢᠭᠲᠠ ᠬᠠᠮᠵᠢᠯᠴᠠᠵᠤ᠂ ᠥᠭᠡᠷᠡᠴᠢᠯᠡᠯᠲᠡ  ᠶᠢ ᠬᠦᠴᠦ  ᠪᠠᠨ ᠬᠠᠮᠲᠤᠳᠬᠠᠨ ᠠᠬᠢᠭᠤᠯᠵᠤ ᠪᠦᠬᠦᠯᠢ ᠴᠣᠭᠴᠠ  ᠶᠢᠨ ᠴᠢᠨᠠᠷᠲᠠᠢ᠂ ᠮᠥᠨ ᠴᠢᠨᠠᠷ  ᠤᠨ ᠴᠢᠨᠠᠷᠲᠠᠢ ᠦᠷ᠎ᠡ ᠪᠦᠲᠦᠮᠵᠢ ᠤᠯᠬᠤ ᠬᠡᠷᠡᠭᠲᠡᠢ᠃    ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠴᠢᠩᠭᠠᠳᠬᠠᠬᠤ ᠳᠤ ᠬᠠᠨᠳᠤᠰᠢ ᠶᠢ ᠨᠢᠭᠡᠳᠦᠯᠲᠡᠶ ᠪᠠᠶᠢᠯᠭᠠᠵᠤ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠬᠡᠷᠡᠭᠲᠡᠶ᠃ ᠠᠯᠢ ᠨᠢᠭᠡ ᠬᠦᠷᠢᠶᠡᠨ ᠳᠤ ᠲᠦᠷᠦ ᠶᠢᠨ ᠪᠤᠳᠤᠯᠭ᠎ᠠ ᠲᠣᠭᠲᠠᠭᠠᠬᠤ᠂ ᠪᠢᠴᠢᠭ ᠮᠠᠲ᠋ᠧᠷᠢᠶᠠᠯ ᠭᠠᠷᠭᠠᠬᠤ᠂ ᠲᠦᠷᠢᠮ ᠲᠣᠭᠲᠠᠭᠠᠬᠤ ᠳᠤ ᠴᠥᠮ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠶᠢᠬᠤ ᠲᠡᠶᠢᠰᠢ ᠬᠠᠮᠲᠤ ᠪᠠᠷ ᠬᠦᠴᠦᠯᠡᠵᠦ᠂ ᠬᠠᠮᠵᠢᠯᠴᠠᠭᠠᠨ ᠤ ᠪᠠᠶᠢᠳᠠᠯ ᠢ ᠲᠠᠰᠤᠷᠠᠯᠳᠠ ᠦᠭᠡᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠢᠶᠠᠨ ᠠᠬᠢᠭᠤᠯᠬᠤ ᠳᠤ ︽ᠡᠭᠦᠳᠡᠨ ᠡᠮᠦᠨᠡᠬᠢ ᠴᠠᠰᠤ ᠪᠠᠨ ᠠᠷᠢᠯᠭᠠᠭᠠᠳ︾ ᠯᠡ ᠪᠠᠶᠢᠵᠦ ᠪᠣᠯᠬᠤ ᠦᠭᠡᠢ᠂ ᠨᠡᠩ ᠴᠤ ᠰᠠᠯᠠᠭ᠎ᠠ ᠮᠥᠴᠢᠷ ᠤᠨ ᠠᠰᠢᠭ ᠲᠤᠰᠠ ᠶᠢᠨ ᠲᠥᠯᠥᠭᠡ ᠬᠠᠷᠢᠯᠴᠠᠨ ᠬᠠᠷᠰᠢᠯᠠᠵᠤ ᠪᠣᠯᠬᠤ ᠦᠭᠡᠢ᠃ ᠪᠦᠬᠦᠯᠢ ᠴᠣᠭᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ︽ᠨᠢᠭᠡᠳ ᠨᠢᠭᠡ ᠪᠠᠷ ᠬᠤᠪᠢᠶᠠᠬᠤ︾ ᠶᠢ ᠰᠡᠷᠭᠡᠶᠢᠯᠡᠬᠦ ᠪᠦᠭᠡᠳ ᠬᠡᠰᠡᠭ ᠲᠠᠯ᠎ᠠ ᠶᠢᠨ ᠵᠦᠢ ᠵᠣᠬᠢᠰᠲᠠᠢ ᠥᠭᠡᠷᠡᠴᠢᠯᠡᠯᠲᠡ ᠶᠢᠨ ᠳᠠᠪᠬᠤᠴᠠᠵᠤ ᠮᠡᠳᠡᠬᠦ ᠨᠠᠵᠠᠭᠠᠢ ᠲᠠᠯ᠎ᠠ ᠶᠢᠨ ᠦᠢᠯᠡᠴᠢᠯᠡᠭᠡ ᠶᠢᠨ ᠲᠤᠬᠠᠢ ᠵᠢᠱᠢᠯᠳᠠ ᠬᠦᠢᠴᠡᠳ ᠪᠤᠰᠤ ᠪᠤᠯᠬᠤ ᠠᠴᠠ ᠰᠡᠷᠭᠡᠶᠢᠯᠡᠬᠦ ᠬᠡᠷᠡᠭᠲᠡᠢ᠃ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠶᠤᠯ ᠲᠦᠭᠰᠢᠭᠦᠷᠢ ᠶᠢᠨ ᠦᠨᠡᠯᠡᠯᠲᠡ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠴᠠᠭ ᠲᠣᠬᠢᠶᠠᠯ᠂ ᠠᠷᠭ᠎ᠠ ᠮᠠᠶ᠋ᠢᠭ ᠪᠠ ᠠᠶᠢᠵᠠᠮ ᠢ ᠰᠠᠶᠢᠲᠤᠷ ᠡᠵᠡᠮᠳᠡᠬᠦ ᠬᠡᠷᠡᠭᠲᠡᠢ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ︽ᠨᠢᠭᠡᠳᠦᠯᠲᠡᠢ ᠲᠥᠯᠥᠪᠵᠢᠭᠦᠯᠬᠦ︾ ᠠᠷᠭ᠎ᠠ ᠶᠢ ᠰᠠᠶᠢᠲᠤᠷ ᠬᠡᠷᠡᠭᠯᠡᠵᠦ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠬᠤᠷᠢᠭ᠎ᠠ ᠴᠡᠭ ᠲᠦᠭᠵᠢᠷᠡᠯ ᠤᠨ ᠴᠡᠭ ᠢ ᠬᠦᠴᠦᠯᠡᠨ ᠰᠢᠢᠳᠪᠦᠷᠢᠯᠡᠵᠦ᠂ ᠰᠢᠰᠲ᠋ᠧᠮᠲᠦ ᠰᠡᠳᠭᠢᠬᠦᠢ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠠᠯᠢ ᠲᠦᠷᠭᠡᠨ ᠢᠶᠠᠷ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号