ᠪᠠᠶ ᠬᠠᠶ ᠯᠢᠨ ᠥᠪᠥᠷ ᠮᠣᠩᠭᠤᠯ ᠤᠨ ᠪᠥᠸᠧ ᠶᠤᠸᠠᠨ ᠢᠩᠭᠡᠨ ᠠᠭᠤᠷᠬᠠᠶ ᠶᠢᠨ ᠦᠢᠯᠡᠰ ᠤᠨ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠳᠠᠭᠠᠭᠠᠴᠢᠯᠠᠨ ᠬᠠᠷᠢᠯᠴᠠᠵᠦ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠯᠠᠱᠠ ᠪᠠᠷᠠᠭᠤᠨ ᠬᠤᠰᠢᠭᠤᠨ ᠤ ᠪᠥᠸᠧ ᠶᠤᠸᠠᠨ ᠢᠩᠭᠡᠨ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ᠂ ᠠᠶᠤᠯᠭᠦᠶ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ᠠᠵᠢᠯᠯᠠᠵᠤ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠳᠤ ᠣᠷᠣᠰᠢᠵᠤ ᠪᠠᠶᠢᠭ᠎ᠠ ᠬᠦᠴᠢᠷᠳᠡᠯ᠂ ᠠᠰᠠᠭᠤᠳᠠᠯ ᠢ ᠰᠢᠢᠳᠪᠦᠷᠢᠯᠡᠵᠦ᠂ ᠵᠠᠯᠭᠠᠮᠵᠢ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠠᠪᠤᠳᠠᠯ ᠢ ᠰᠤᠳᠤᠯᠪᠠ᠃
1.jpg
    ᠦᠢᠯᠡᠳᠪᠦᠷᠢᠯᠡᠯ ᠤᠨ ᠲᠠᠰᠤᠭ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠭᠠᠵᠠᠷ ᠪᠣᠯᠤᠨ ᠠᠵᠤ ᠠᠬᠤᠶᠢᠯᠠᠯ ᠤᠨ ᠤᠶᠤᠨᠴᠢᠯᠠᠭᠰᠠᠨ ᠡᠵᠡᠮᠳᠡᠯ ᠤᠨ ᠲᠥᠪ ᠲᠤ᠂ ᠪᠠᠢ ᠬᠠᠢ ᠯᠢᠨ ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠦᠨ ᠬᠠᠳᠠᠭᠠᠯᠠᠬᠤ ᠪᠠ ᠪᠣᠷᠣᠯᠠᠭᠤᠯᠬᠤ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠪᠣᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠳᠠᠨ ᠤ ᠦᠢᠯᠡᠳᠪᠦᠷᠢᠯᠡᠯ ᠠᠮᠢᠳᠤᠷᠠᠯ᠂  ᠦᠢᠯᠡᠴᠢᠯᠡᠭᠡ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠥᠸᠧ ᠶᠤᠸᠠᠨ ᠪᠠᠶᠢᠭᠠᠯᠢ ᠶᠢᠨ ᠬᠤᠵᠢᠷ ᠵᠢᠴᠢ ᠢᠵᠢ ᠪᠦᠷᠢᠳᠦᠭᠦᠯᠬᠦ ᠲᠦᠷᠦᠯ ᠵᠦᠢᠯ ᠨᠢ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠠᠯᠠᠱᠠ ᠪᠠᠷᠠᠭᠤᠨ ᠬᠤᠰᠢᠭᠤ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ‌ᠠᠵᠤ ᠠᠬᠤᠶᠢᠯᠠᠯ ᠳᠤ ᠬᠦᠨᠵᠡᠭᠡᠶᠢᠷᠡᠵᠦ᠂ ᠤᠷᠢᠳᠴᠢᠯᠠᠨ ᠦᠢᠯᠡᠴᠢᠯᠡᠵᠦ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ  ᠠᠴᠠ ᠡᠵᠡᠩᠨᠡᠭᠰᠡᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠬᠢᠨ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠪᠠᠳᠣᠯᠠᠬᠤ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠦᠳᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠶᠢ ᠲᠦᠷᠭᠡᠳᠬᠡᠬᠦ᠂ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠢ ᠡᠷᠲᠡᠬᠡᠨ ᠬᠡᠷᠡᠭᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ ᠬᠡᠪᠡ᠃
2.jpg
3.jpg
    ᠳᠠᠷᠠᠭ᠎ᠠ ᠨᠢ᠂ ᠪᠠᠢ ᠬᠠᠢ ᠯᠢᠨ ᠪᠥᠸᠧ ᠶᠤᠸᠠᠨ ᠪᠦᠯᠦᠭᠯᠡᠯ ᠤᠨ ᠡᠭᠦᠰᠭᠡᠨ ᠪᠠᠶᠢᠭᠤᠯᠤᠭᠴᠢ ᠳ᠋ᠠᠶ ᠯᠢᠶᠠᠨ ᠷᠦᠩ ᠲᠠᠢ ᠠᠵᠤ ᠠᠬᠤᠶᠢᠯᠠᠯ ᠤᠨ ᠬᠥᠭᠵᠢᠯᠲᠡ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠠᠯᠤᠰ ᠬᠡᠲᠦ ᠶᠢᠨ ᠲᠥᠯᠥᠪ ᠥᠷᠭᠡᠨ ᠠᠭᠤᠳᠠᠮ᠂ ᠠᠯᠠᠱᠠ ᠠᠶᠢᠮᠠᠭ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠡᠷᠡᠰ ᠳᠡᠮᠵᠢᠵᠦ᠂ ᠠᠵᠤ ᠦᠢᠯᠡᠰ ᠤᠨ ᠳᠡᠭᠡᠳᠦ ᠳᠣᠤᠷᠠᠳᠤ ᠬᠡᠯᠬᠢᠶ᠎ᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠨᠠᠷᠢᠯᠢᠭ ᠡᠳ᠋ᠰᠢᠭᠦᠯᠬᠦ ᠪᠠ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠢᠵᠢ ᠪᠥᠷᠢᠳᠦᠭᠰᠡᠨ ᠬᠥᠭᠵᠢᠯᠲᠡ ᠶᠢ ᠠᠬᠢᠭᠤᠯᠬᠤ ᠬᠡᠷᠡᠭᠳᠡᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠰᠢᠨ᠎ᠡ ᠬᠡᠯᠪᠡᠷᠢ ᠶᠢᠨ ᠪᠣᠬᠢᠷᠲᠤᠯ ᠥᠬᠡᠶ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠴᠡᠪᠡᠷ ᠡᠨᠧᠷᠭᠢ ᠶᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠶᠢ ᠬᠦᠴᠦᠯᠡᠨ ᠠᠬᠢᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠦᠷᠬᠡᠨ ᠪᠠᠶᠢᠭᠤᠯᠵᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠶ ᠭᠡᠪᠡ᠃
4.jpg
    ᠯᠢᠦ ᠴᠥᠩ ᠰᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号