ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠲᠡᠭᠡᠷᠡᠬᠢ ᠪᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠬᠢᠬᠡᠳ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠲᠡᠭᠡᠷᠡᠬᠢ ᠪᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠬᠡᠳ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨᠴᠢ ᠰᠢᠨᠵᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠰᠢᠨᠵᠢ ᠴᠢᠨᠠᠷ ᠢ ᠪᠦᠬᠦ ᠲᠠᠯ᠎ᠠ ᠪᠠᠷ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠤᠬᠴᠠᠵᠢᠭᠤᠯᠤᠨ ᠥᠭᠡᠷᠡᠴᠢᠯᠡᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠪᠠ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠠᠩᠬᠠᠷᠴᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠲᠣᠬᠢᠷᠠᠭᠤᠯᠤᠯᠲᠠ ᠶᠢ ᠲᠤᠬᠢᠷᠠᠭᠤᠯᠬᠤ ᠲᠣᠭᠲᠡᠴᠡ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠮᠦᠨ ᠠᠮᠠ ᠶᠢᠨ ᠬᠤᠪᠢᠷᠠᠯᠲᠠ ᠲᠠᠢ ᠬᠠᠷᠢᠯᠴᠠᠨ ᠵᠣᠬᠢᠴᠠᠯᠳᠤᠭᠰᠠᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠲᠣᠭᠲᠡᠴᠡ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠴᠠᠯᠢᠩ ᠤᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠭᠡᠬᠦ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠦᠢᠯᠡᠰ ᠪᠠ ᠰᠤᠷᠭᠠᠨ ᠬᠥᠮᠦᠵᠢᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠬᠢᠬᠡᠳ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯᠳᠠᠯᠭ᠎ᠠ ᠨᠢ ᠬᠠᠮᠠᠭᠠᠯᠠᠬᠤ ᠳᠤ ᠪᠠᠶᠢᠬᠤ᠂ ᠭᠤᠤᠯᠳᠠᠯᠭ᠎ᠠ ᠨᠢ ᠵᠠᠰᠠᠬᠤ ᠳᠤ ᠪᠠᠶᠢᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠡᠯ᠎ᠡ ᠵᠦᠢᠯ ᠤᠨ ᠡᠭᠦᠷᠭᠡ ᠶᠢ ᠢᠮᠠᠭᠲᠠ ᠪᠣᠳᠠᠲᠠᠶ ᠨᠠᠷᠢᠯᠢᠭ ᠠᠳᠬᠤᠬᠤ ᠬᠡᠷᠡᠭᠲᠡᠶ᠃ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠡᠯ᠎ᠡ ᠲᠦᠷᠦᠯ ᠤᠨ ᠠᠰᠠᠭᠤᠳᠠᠯ ᠢ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠬᠠᠳᠤᠨ ᠭᠤᠣᠯ ᠤᠨ ︽ᠶᠡᠭᠡ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠠᠷ ᠰᠠᠶᠢᠲᠤᠷ ᠬᠡᠷᠡᠭᠯᠡᠬᠦ ᠬᠡᠷᠡᠭᠲᠡᠢ᠃ ᠠᠷᠪᠠᠨ ᠶᠡᠭᠡ ᠬᠥᠨᠳᠡᠶ ᠶᠢ ᠶᠡᠷᠦᠩᠬᠡᠶᠢᠯᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠶ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠯᠬᠤᠴᠠ ᠶᠢ ᠲᠦᠷᠭᠡᠳᠭᠡᠵᠦ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯᠴᠢ ᠴᠡᠨᠡᠭ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠠ ᠶᠢ ᠭᠦᠨᠵᠡᠭᠡᠶᠢᠷᠡᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠲᠤᠰ ᠪᠡᠶ᠎ᠡ ᠶᠢᠨ ᠠᠰᠠᠭᠤᠳᠠᠯ ᠠᠴᠠ ᠪᠠᠨ ᠡᠬᠢᠯᠡᠨ ᠥᠭᠡᠷᠡᠴᠢᠯᠡᠵᠦ ᠬᠤᠷᠳᠤᠴᠠ ᠪᠠᠨ ᠲᠦᠷᠭᠡᠳᠭᠡᠵᠦ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠭᠠᠳᠠᠭᠠᠳᠤ ᠠᠷᠠᠯᠵᠢᠶᠠᠨ ᠤ ᠪᠠᠭᠲᠠᠭᠠᠮᠵᠢ ᠶᠢ ᠥᠷᠭᠡᠳᠭᠡᠬᠦ ᠬᠡᠷᠡᠭᠲᠡᠢ᠃ ︽ᠤᠰᠤ ᠪᠠᠷ ᠳᠥᠷᠪᠡ ᠶᠢ ᠲᠤᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠤᠯ ᠳᠠᠭᠠᠤ ᠭᠠᠵᠠᠷ ᠣᠷᠣᠨ ᠤ ᠬᠥᠮᠦᠨ ᠠᠮᠠ᠂ ᠠᠵᠤ ᠦᠢᠯᠡᠰ᠂ ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠦᠭᠦᠭᠡᠷᠦᠮᠵᠢ ᠵᠡᠷᠭᠡ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠬᠦ ᠬᠡᠷᠡᠭᠲᠡᠢ᠃ ᠰᠣᠶᠣᠯ ᠤᠨ ᠲᠤᠮᠤ ᠣᠷᠣᠨ ᠤ ᠳᠠᠪᠠᠭᠤᠯᠢᠭ ᠢ ᠪᠠᠳᠠᠷᠠᠭᠤᠯᠵᠤ᠂ ︽ᠬᠠᠳᠤᠨ ᠭᠤᠤᠯ ᠤᠨ ᠦᠯᠢᠭᠡᠷ︾ ᠤᠨ ᠥᠪᠥᠷ ᠮᠣᠩᠭᠤᠯ ᠤᠨ ᠬᠠᠭᠤᠳᠠᠰᠤ ᠶᠢ ᠰᠠᠶᠢᠲᠤᠷ ᠬᠦᠤᠷᠨᠢᠬᠦ ᠬᠡᠷᠡᠭᠲᠡᠢ᠃ ᠠᠵᠤ ᠠᠬᠤᠶ ᠶᠢᠨ ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠵᠢᠯ ᠢᠯᠠᠩᠭᠤᠶ᠎ᠠ ᠲᠤᠯᠠᠭᠠᠯᠠᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠠᠨᠰᠦ ᠪᠣᠯᠤᠨ ᠱᠠᠨᠰᠢ ᠶᠢᠨ ᠪᠤᠤ ᠵᠶᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠡᠨᠧᠷᠭᠢ᠂ ᠨᠡᠭᠦᠷᠡᠰᠦ᠂ ᠬᠤᠪᠣᠷ ᠰᠢᠷᠣᠶ᠂ ᠲᠠᠷᠢᠶᠠᠯᠠᠩ ᠮᠠᠯ ᠠᠵᠤ ᠠᠬᠤᠶ᠂ ᠲᠣᠮᠣ ᠳ᠋ᠠᠶᠢᠲ᠋ᠠ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠪᠦᠲᠦᠴᠡ ᠶᠢᠨ ︽ᠳᠥᠷᠪᠡᠨ ᠣᠯᠠᠨ ᠳᠥᠷᠪᠡᠨ ᠴᠥᠭᠡᠨ︾ ᠪᠠᠶᠢᠳᠠᠯ ᠢ ᠲᠦᠷᠭᠡᠳᠭᠡᠨ ᠬᠤᠪᠢᠷᠠᠭᠤᠯᠬᠤ ᠬᠡᠷᠡᠭᠲᠡᠢ᠃ ᠰᠣᠶᠣᠯ ᠤᠨ ᠥᠪ ᠢ ᠪᠦᠬᠦᠯᠢ ᠴᠣᠭᠴᠠᠲᠤ ᠴᠢᠨᠠᠷᠲᠠᠢ᠂ ᠰᠢᠰᠲ᠋ᠧᠮᠲᠦ ᠴᠢᠨᠠᠷᠲᠠᠢ ᠪᠠᠷ ᠬᠠᠮᠠᠭᠠᠯᠠᠬᠤ ᠶᠢ ᠴᠢᠩᠭᠠᠳᠬᠠᠵᠤ᠂ ᠲᠡᠭᠦᠨ ᠤ ᠲᠡᠦᠬᠡ ᠶᠢᠨ ᠦᠨ᠎ᠡ ᠥᠷᠲᠡᠭ ᠪᠣᠯᠤᠨ ᠰᠣᠶᠣᠯ ᠤᠨ ᠠᠭᠤᠯᠤᠬᠳᠠᠬᠤᠨ ᠢ ᠭᠦᠨᠵᠡᠭᠡᠶ ᠠᠭᠤᠳᠠᠯᠤᠨ ᠲᠣᠳᠣᠷᠬᠠᠶᠢᠯᠠᠨ ᠥᠭᠦᠯᠡᠵᠦ᠂ ᠡᠪᠦᠭᠡ ᠳᠡᠭᠡᠳᠦᠰ ᠤᠨ ᠣᠶᠤᠨ ᠤᠬᠠᠭᠠᠨ ᠪᠣᠯᠤᠨ ᠡᠭᠦᠳᠦᠨ ᠪᠦᠲᠦᠭᠡᠯᠲᠡ ᠪᠠᠷ ᠦᠷ᠎ᠡ ᠬᠤᠶᠢᠴᠢᠰ ᠢᠶᠠᠨ ᠨᠡᠩ ᠰᠠᠶᠢᠲᠤᠷ ᠤᠷᠮᠠᠰᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠣᠷᠣᠨ ᠤ ᠭᠠᠳᠠᠭᠠᠳᠤ ᠰᠣᠯᠢᠯᠴᠠᠭ᠎ᠠ ᠶᠢ ᠥᠷᠭᠡᠳᠭᠡᠬᠦ᠂ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号