ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠭᠠᠨᠰᠦ᠂ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠵᠢᠴᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠭᠡᠵᠦ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠴᠡᠬᠡᠷᠯᠡᠯ ᠪᠣᠯᠭᠠᠵᠤ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠭᠤᠸᠠᠩᠳᠦ᠋ᠩ ᠵᠡᠷᠭᠡ ᠭᠠᠵᠠᠷ ᠤᠨ ᠲᠠᠶᠢᠹᠧᠩ ᠰᠠᠯᠬᠢᠨ ᠤ ᠭᠠᠮᠰᠢᠭ ᠤᠨ ᠲᠤᠬᠠᠶ ᠵᠢᠭᠠᠪᠤᠷᠢᠯᠠᠬᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠳᠤᠤᠷ᠎ᠠ ᠳᠤᠯᠠᠭᠠᠨ᠂ ᠬᠢᠷᠠᠭᠤ ᠬᠦᠯᠳᠡᠭᠦᠦ᠂ ᠪᠣᠷᠣᠭᠠᠨ ᠴᠠᠰᠤ᠂ ᠦᠶᠡᠷ ᠤᠰᠤᠲᠤᠯ ᠢ ᠰᠡᠷᠭᠡᠶᠢᠯᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ︽ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠬᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠪᠣᠯᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠲᠠᠢ ᠤᠶᠠᠯᠳᠤᠭᠤᠯᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ ᠲᠤᠬᠢᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠳ᠋ ᠤᠨ ᠵᠠᠰᠠᠭ ᠤᠨ ᠲᠠᠯ᠎ᠠ ᠶᠢᠨ ᠬᠢᠨᠠᠨ ᠪᠤᠳᠤᠯᠲᠠ ᠶᠢᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠰᠲ᠋ᠧᠮ ᠤᠨ ᠴᠢᠨᠠᠷᠲᠠᠶ ᠪᠠᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠣᠷᠣᠭᠤᠯᠵᠤ᠂ ︽ᠠᠯᠳᠠᠭ᠎ᠠ ᠪᠤᠷᠤᠭᠤ ᠶᠢ ᠵᠠᠯᠠᠷᠠᠭᠤᠯᠬᠤ︾ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢ ᠠᠬᠢᠭᠤᠯᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠲᠠᠮᠵᠢᠨ ᠨᠢᠭᠡ ᠬᠦᠷᠢᠶ᠎ᠡ ᠴᠠᠷᠠᠭ᠎ᠠ ᠶᠢ ᠵᠢᠷᠤᠮᠵᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠤᠯᠤᠰ ᠤᠨ ᠲᠤᠭ ᠤᠨ ᠬᠠᠮᠢᠶᠠᠷᠤᠯᠲᠠ ᠶᠢᠨ ᠲᠤᠬᠠᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠤᠯᠤᠰ ᠤᠨ ᠲᠤᠭ ᠢ ᠵᠣᠬᠢᠶᠠᠬᠤ᠂ ᠪᠣᠷᠣᠯᠠᠭᠤᠯᠬᠤ᠂ ᠬᠡᠷᠡᠭᠯᠡᠬᠦ᠂ ᠬᠤᠷᠢᠶᠠᠨ ᠠᠪᠬᠤ ᠡᠯ᠎ᠡ ᠭᠤᠭᠴᠤᠭ᠎ᠠ ᠶᠢ ᠴᠢᠩᠭ᠎ᠠ ᠵᠢᠷᠤᠮᠵᠢᠭᠤᠯᠵᠤ᠂ ᠨᠡᠶᠢᠭᠡᠮ ᠳᠠᠶᠠᠭᠠᠷ ᠲᠤ ᠤᠯᠤᠰ ᠤᠨ ᠲᠤᠭ ᠢ ᠬᠦᠨᠳᠦᠳᠭᠡᠬᠦ᠂ ᠤᠯᠤᠰ ᠤᠨ ᠲᠤᠭ ᠢ ᠬᠠᠶᠢᠷᠠᠯᠠᠬᠤ ᠬᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠲᠠᠮᠢᠷᠴᠢᠨ ᠳᠠᠰᠬᠠᠯᠵᠢᠭᠤᠯᠤᠭᠴᠢ ᠶᠢᠨ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠵᠤ ᠤᠯᠤᠭᠰᠠᠨ ᠬᠢᠷᠢ ᠪᠦᠲᠦᠮᠵᠢ ᠶᠢ ᠱᠠᠩᠨᠠᠬᠤ ᠲᠤᠬᠠᠢ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号