ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠳᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠤᠯᠢᠯᠴᠠᠭᠠᠨ ᠤ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2024/9/19
    ᠤᠶᠢᠷ᠎ᠠ ᠳᠤ᠂ ᠱᠠᠩᠬᠠᠶ ᠶᠢᠨ ᠰᠤᠷᠭᠠᠨ ᠬᠥᠮᠦᠵᠢᠯ ᠤᠨ ᠰᠣᠨᠢᠨ ᠰᠡᠳᠬᠦᠯ ᠤᠨ ᠶᠡᠷᠦᠩᠬᠡᠶ ᠬᠤᠷᠢᠶ᠎ᠠ ᠶᠢᠨ ᠬᠠᠷᠢᠭᠤᠴᠠᠯᠭᠠᠳᠠᠨ᠂ ᠱᠠᠩᠬᠠᠶ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠠᠷᠢᠭᠤᠴᠠᠯᠭᠠᠳᠠᠨ ᠪᠠ ᠠᠵᠢᠯᠳᠠᠨ᠂ ᠱᠠᠩᠬᠠᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠦᠽᠧᠶ ᠶᠢᠨ ᠠᠵᠢᠯᠳᠠᠨ ᠢᠶᠠᠷ ᠪᠦᠷᠢᠯᠳᠦᠭᠰᠡᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠤᠯᠢᠯᠴᠠᠭᠠᠨ ᠤ ᠲᠤᠭᠤᠶᠢᠯᠠᠩ ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠳᠤ ᠢᠷᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠰᠤᠯᠢᠯᠴᠠᠭᠠᠨ ᠤ ᠠᠵᠢᠯᠯᠠᠭ᠎ᠠ ᠦᠷᠨᠢᠬᠦᠯᠦᠯ᠎ᠡ᠃    ᠱᠠᠩᠬᠠᠶ᠂ ᠥᠪᠥᠷ ᠮᠣᠩᠭᠤᠯ ᠬᠤᠶᠠᠷ ᠭᠠᠵᠠᠷ ᠤᠷᠤᠨ ᠤ ᠵᠠᠰᠠᠭ ᠤᠨ ᠣᠷᠳᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠵᠦ᠂ ᠬᠤᠶᠠᠷ ᠭᠠᠵᠠᠷ ᠤᠷᠤᠨ ᠤ ᠴᠢᠳᠠᠪᠤᠷᠢᠲᠠᠨ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠡᠬᠢ ᠪᠠᠶᠠᠯᠢᠭ ᠤᠨ ᠢᠳᠡᠪᠬᠢ ᠤᠶᠢᠯᠡᠳᠦᠯ ᠢ ᠪᠠᠳᠠᠷᠠᠭᠤᠯᠤᠨ᠂ ᠡᠮ ᠡᠮᠨᠡᠯᠭᠡ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠰᠣᠯᠢᠯᠴᠠᠭ᠎ᠠ ᠬᠢᠬᠦ ᠵᠤᠷᠢᠯᠭ᠎ᠠ ᠲᠠᠢ ᠲᠤᠰ ᠤᠳᠠᠭᠠᠨ ᠤ ᠰᠤᠯᠢᠯᠴᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠶ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠠ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠡᠢ᠃    ᠰᠤᠯᠢᠯᠴᠠᠭᠠᠨ ᠤ ᠲᠤᠭᠤᠶᠢᠯᠠᠩ ᠨᠢ ᠠᠯᠠᠱᠠ ᠵᠡᠬᠦᠨ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠪᠠ ᠠᠯᠠᠱᠠ ᠵᠡᠬᠦᠨ ᠬᠤᠰᠢᠭᠤᠨ ᠤ ᠶᠢᠰᠦᠳᠦᠭᠡᠷ ᠲᠤᠮᠳᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ᠂ ᠰᠤᠷᠭᠠᠭᠤᠯᠢ ᠶᠢᠨ ᠬᠦᠭᠵᠢᠯᠳᠡ ᠬᠤᠪᠢᠷᠠᠯᠳᠠ ᠶᠢᠨ ᠲᠡᠤᠭᠡ᠂ ᠵᠢᠭᠠᠨ ᠰᠤᠷᠭᠠᠬᠤ ᠶᠠᠰᠤ ᠴᠢᠨᠠᠷ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠤᠯᠠᠨ ᠲᠠᠯ᠎ᠠ ᠪᠠᠷ ᠤᠶᠢᠯᠠᠭᠠᠵᠦ᠂ ᠱᠠᠩᠬᠠᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠦᠽᠧᠶ ᠶᠢᠨ ᠠᠵᠢᠯᠳᠠᠨ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠱᠢ ᠵᠦᠩ ᠶᠧ ᠳ᠋ᠣᠺᠲ᠋ᠣᠷ ᠠᠴᠠ ᠰᠤᠷᠤᠭᠴᠢᠳ ᠲᠤ ᠡᠷᠲᠡᠨ ᠤ ᠠᠮᠢᠳᠤ ᠪᠣᠳᠠᠰ ᠤᠨ ᠭᠠᠵᠠᠷ ᠤᠨ ᠳᠠᠪᠬᠤᠷᠭ᠎ᠠ ᠶᠢᠨ ᠰᠤᠳᠤᠯᠤᠯ᠂ ᠳᠡᠯᠡᠬᠡᠶ ᠶᠢᠨ ᠪᠥᠮᠪᠥᠷᠴᠡᠭ ᠤᠨ ᠣᠷᠴᠢᠨ ᠲᠣᠭᠤᠷᠢᠨ ᠪᠠ ᠠᠮᠢ ᠨᠠᠰᠤᠨ ᠤ ᠤᠯᠠᠷᠢᠯᠲᠠ ᠶᠢᠨ ᠲᠤᠭᠤᠷᠢᠨ ᠳᠤ ᠬᠢᠴᠢᠶᠡᠯ ᠲᠠᠶᠢᠯᠤᠮᠵᠢ ᠬᠢᠯ᠎ᠡ᠃    ᠰᠤᠯᠢᠯᠴᠠᠭᠠᠨ ᠤ ᠲᠤᠭᠤᠶᠢᠯᠠᠩ ᠨᠢ ᠳᠤᠰ ᠰᠤᠷᠭᠠᠭᠤᠯᠢ ᠳᠤ ︽ᠰᠤᠷᠤᠭᠴᠢᠳ ᠤᠨ ᠡᠷᠡᠬᠦᠯ ᠴᠢᠬᠢᠷᠠᠭ ᠤᠨ ᠮᠡᠳᠡᠯᠭᠡ ᠶᠢᠨ ᠭᠠᠷ ᠠᠪᠤᠯᠭ᠎ᠠ︾᠂ ︽ᠡᠷᠡᠬᠦᠯᠵᠢᠯ︾ ᠵᠡᠷᠭᠡ ᠨᠤᠮ ᠰᠡᠳᠬᠦᠯ ᠤᠨ ᠬᠠᠨᠳᠢᠪ ᠡᠷᠬᠦᠵᠡᠢ᠃    ᠰᠤᠯᠢᠯᠴᠠᠭᠠᠨ ᠤ ᠲᠤᠭᠤᠶᠢᠯᠠᠩ ᠨᠢ ᠠᠯᠠᠱᠠ ᠠᠶᠢᠮᠠᠭ ᠲᠤ ᠭᠤᠷᠪᠠᠨ ᠡᠳᠦᠷ ᠤᠨ ᠰᠤᠯᠢᠯᠴᠠᠭ᠎ᠠ ᠬᠢᠵᠦ᠂ ᠱᠠᠩᠬᠠᠢ ᠶᠢᠨ ᠠᠨᠠᠭᠠᠬᠤ ᠤᠬᠠᠭᠠᠨ᠂ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠰᠤᠷᠭᠠᠭᠤᠯᠢ ᠳᠤ ᠣᠷᠣᠬᠤ᠂ ᠡᠮᠨᠡᠯᠭᠡ ᠳᠤ ᠣᠷᠣᠬᠤ᠂ ᠮᠠᠯᠵᠢᠬᠤ ᠣᠷᠣᠨ ᠳᠤ ᠣᠷᠣᠬᠤ᠂ ᠴᠡᠷᠢᠭ ᠠᠩᠭᠢ ᠳᠤ ᠣᠷᠣᠬᠤ ᠵᠡᠷᠭᠡ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠨ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠤᠶᠢᠯᠠᠭᠠᠭᠤᠯᠵᠦ᠂ ᠬᠤᠶᠠᠷ ᠭᠠᠵᠠᠷ ᠤᠨ ᠡᠮᠴᠢᠯᠡᠭᠡ ᠪᠠ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠬᠤᠭᠤᠷᠣᠨᠳᠣᠬᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠳᠤᠷᠠᠯᠴᠠᠭ᠎ᠠ ᠳᠤ ᠰᠠᠭᠤᠷᠢ ᠳᠠᠯᠪᠢᠵᠡᠢ᠃ 
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号