ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠳᠤ ᠵᠠᠰᠠᠪᠤᠷᠢ ᠣᠷᠣᠭᠤᠯᠵᠤ ᠲᠠᠭᠤᠰᠬᠠᠨ 9 ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2024/9/19
    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠠᠴᠠ 9 ᠰᠠᠷ᠎ᠠ ᠶᠢᠨ 13 ᠤ ᠡᠳᠦᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠶᠢ ᠪᠠᠳᠤᠯᠠᠯᠳᠠ ᠬᠢᠬᠦ ᠪᠠᠷ ᠲᠠᠮᠵᠢᠨ ᠪᠠᠲᠤᠯᠠᠵᠤ᠂ 2024 ᠣᠨ ᠤ 9 ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ ᠪᠠ ᠪᠠᠬᠢᠵᠢᠭᠦᠯᠬᠦ ᠶᠢᠨ ᠰᠠᠭᠤᠷᠢ ᠮᠥᠨ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠨᠢ ᠨᠡᠶᠢᠳᠡ ᠵᠢᠷᠭᠤᠭᠠᠨ ᠪᠦᠯᠦᠭ ᠲᠠᠢ᠂ ᠡᠭᠦᠨ ᠳᠤ ᠶᠡᠷᠦᠩᠬᠡᠢ ᠲᠦᠷᠢᠮ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠠᠲᠤᠯᠠᠭ᠎ᠠ᠂ ᠬᠠᠤᠯᠢ ᠶᠢᠨ ᠬᠠᠷᠢᠭᠤᠴᠠᠯᠭ᠎ᠠ ᠵᠢᠴᠢ ᠳᠠᠭᠠᠯᠳᠤᠭᠤᠯᠤᠭᠰᠠᠨ ᠲᠦᠷᠢᠮ ᠪᠠᠭᠲᠠᠨ᠎ᠠ᠃    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠭᠤᠯᠤᠭᠳᠠᠬᠤᠨ ᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠯᠣᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠡᠪᠴᠢᠶ᠎ᠠ ᠪᠠ ᠠᠷᠭ᠎ᠠ ᠵᠠᠮ ᠢ ᠥᠷᠭᠡᠳᠭᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠪᠣᠯᠤᠨ᠎ᠠ᠃    ᠲᠤᠰ ᠬᠠᠤᠯᠢ ᠳᠤ ᠤᠯᠤᠰ ᠠᠴᠠ ᠪᠦᠬᠦ ᠠᠷᠠᠳ ᠢᠷᠭᠡᠳ ᠤᠨ ᠳᠣᠲᠣᠷ᠎ᠠ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠭᠦᠢᠴᠡᠳᠭᠡᠬᠦ ᠪᠠᠷ ᠵᠣᠷᠢᠯᠭ᠎ᠠ ᠪᠣᠯᠭᠠᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠠ ᠪᠠᠶᠢᠭᠤᠯᠤᠯᠲᠠ ᠳᠤ ᠬᠤᠯᠪᠣᠭᠳᠠᠬᠤ ᠤᠨᠦᠯ᠂ ᠮᠡᠳᠡᠯᠭᠡ᠂ ᠤᠷ᠎ᠠ ᠴᠢᠳᠠᠪᠤᠷᠢ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠤᠯᠢ ᠴᠠᠭᠠᠵᠠ᠂ ᠰᠡᠳᠭᠢᠴᠡ ᠵᠡᠷᠭᠡ ᠲᠠᠯ᠎ᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠦᠨ᠎ᠡ ᠭᠡᠵᠦ ᠲᠣᠭᠲᠠᠭᠠᠪᠠ᠃    ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠯ᠎ᠠ ᠪᠠᠷ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠬᠥᠮᠦᠵᠢᠯ ᠤᠨ ᠰᠠᠭᠤᠷᠢ ᠮᠥᠨ᠂ ᠬᠡᠪ ᠴᠢᠨᠠᠷ ᠤᠨ ᠬᠥᠮᠦᠵᠢᠯ ᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠮᠥᠨ ᠭᠡᠳᠡᠭ ᠢ ᠲᠣᠳᠣᠷᠬᠠᠶᠢᠯᠠᠪᠠ᠃ ᠲᠤᠰ ᠬᠠᠤᠯᠢ ᠳᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢ ᠬᠠᠷᠢᠯᠴᠠᠨ ᠵᠤᠯᠭᠠᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠶᠢ ᠪᠣᠳᠣᠯᠬᠢᠯᠠᠵᠤ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠷᠠᠯᠲᠠ᠂ ᠠᠭᠤᠯᠭ᠎ᠠ ᠪᠠ ᠠᠷᠭ᠎ᠠ ᠵᠠᠮ ᠵᠡᠷᠭᠡ ᠶᠢ ᠨᠥᠬᠦᠪᠥᠷᠢᠯᠡᠨ ᠲᠡᠭᠦᠯᠳᠡᠷᠵᠢᠭᠦᠯᠪᠡ᠃    ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠯ᠎ᠠ ᠪᠠᠷ᠂ ᠲᠤᠰ ᠬᠠᠤᠯᠢ ᠶᠢ ᠪᠡᠯᠡᠳᠭᠡᠯ ᠠᠯᠪᠠᠨ ᠤ ᠬᠥᠮᠦᠰ ᠤᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠲᠠᠢ ᠵᠣᠯᠭᠠᠭᠤᠯᠵᠤ᠂ ᠪᠡᠯᠡᠳᠭᠡᠯ ᠠᠯᠪᠠᠨ ᠤ ᠬᠥᠮᠦᠰ ᠤᠨ ᠪᠠᠶᠢᠭ᠎ᠠ ᠨᠢᠭᠡᠴᠡ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡᠳᠭᠡᠯ ᠠᠯᠪᠠᠨ ᠤ ᠬᠥᠮᠦᠰ ᠲᠤ ᠬᠥᠮᠦᠵᠢᠯ ᠪᠤᠯᠪᠠᠰᠤᠷᠠᠯ ᠬᠢᠪᠡᠯ ᠵᠤᠬᠢᠨ᠎ᠠ᠃ ᠲᠦᠷᠤ ᠶᠢᠨ ᠪᠠᠶᠢᠭᠤᠯᠭ᠎ᠠ ᠶᠢᠨ ᠠᠵᠢᠯᠳᠡᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠡᠯᠢᠶᠡᠳ ᠥᠨᠳᠥᠷ ᠬᠡᠪ ᠪᠣᠯᠪᠠᠰᠤᠷᠠᠯ ᠲᠠᠢ ᠪᠠᠶᠢᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠳᠠᠬᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠪᠡᠯ ᠵᠤᠬᠢᠨ᠎ᠠ ᠭᠡᠵᠤ ᠲᠤᠳᠤᠷᠬᠠᠶᠢᠯᠠᠪᠠ᠃    ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠳᠤ ᠪᠠᠰᠠ ᠵᠠᠭᠤᠴᠢᠯᠠᠭᠤᠷ ᠰᠦᠯᠵᠢᠶ᠎ᠡ ᠪᠠ ᠰᠣᠶᠣᠯ ᠤᠨ ᠳᠠᠮᠵᠢᠭᠤᠯᠭ᠎ᠠ᠂ ᠤᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠯᠠᠪᠤᠷ ᠭᠠᠵᠠᠷ ᠵᠡᠷᠭᠡ ᠶᠢ ᠵᠢᠷᠤᠮᠵᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号