ᠮᠠᠨ ᠤ ᠠᠶᠢᠮᠠᠭ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ  ᠶᠢ ᠭᠦᠨᠵᠡᠭᠡᠶᠢᠷᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/19
    ᠤᠢᠢᠷ᠎ᠠ ᠶᠢᠨ ᠡᠳᠦᠷ ᠤᠳ ᠲᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠮᠠᠨ ᠤ ᠠᠶᠢᠮᠠᠭ ᠤᠨ ᠪᠦᠯᠬᠦᠮ ᠤᠨ ᠬᠢᠨ ᠠᠶᠢᠮᠠᠭ ᠤᠨ ᠬᠡᠰᠡᠭ ᠰᠢᠭᠤᠳ ᠬᠠᠷᠢᠶ᠎ᠠ ᠨᠢᠭᠡᠴᠡ ᠪᠣᠯᠤᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ ᠤᠷᠤᠨ ᠢᠶᠠᠷ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠪᠠ᠃ ᠨᠠᠮ ᠤᠨ ᠭᠡᠰᠢᠭᠦᠨ ᠺᠠᠳ᠋ᠷ ᠠᠵᠢᠯᠲᠠᠳ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠣᠳᠠᠲᠤ ᠠᠵᠢᠯ ᠲᠠᠢ ᠪᠠᠨ ᠤᠶᠠᠯᠳᠤᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠠᠯᠠᠱᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠵᠡᠭᠡᠪᠡ᠃    ᠠᠶᠢᠮᠠᠭ ᠤᠨ ᠤᠯᠤᠰ ᠤᠨ ᠡᠳ᠋ ᠬᠦᠷᠦᠩᠬᠡ ᠶᠢ ᠬᠢᠨᠠᠨ ᠬᠠᠮᠢᠶᠠᠷᠬᠤ ᠵᠥᠪᠯᠡᠯ ᠳᠤ᠂ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠠᠶᠢᠮᠠᠭ ᠤᠨ ᠲᠤᠭ᠎ᠠ ᠪᠦᠷᠢᠳᠭᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠵᠢᠩ ᠪᠥᠬᠦᠳᠡ ᠬᠤᠷᠠᠯ ᠤᠨ ᠠᠬᠤᠶ ᠪᠠᠶᠢᠳᠠᠯ᠂ ᠰᠢ ᠶᠢᠨ ᠫᠢᠩ ᠶᠡᠷᠦᠩᠬᠡᠶ ᠱᠦᠵᠢ ᠶᠢᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠳᠤᠷᠠᠳᠤᠭᠰᠠᠨ ᠴᠢᠬᠤᠯᠠ ᠶᠡᠭᠡ ᠠᠷᠭ᠎ᠠ ᠬᠡᠮᠵᠢᠶ᠎ᠡ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠠᠶᠢᠯᠤᠮᠵᠢ ᠬᠢᠬᠦ ᠶᠢᠨ ᠬᠠᠮᠲᠦ᠂ ᠮᠠᠨ ᠤ ᠠᠶᠢᠮᠠᠭ ᠤᠨ ᠠᠵᠤ ᠠᠬᠤᠶ ᠶᠢᠨ ᠪᠠᠶᠢᠳᠠᠯ ᠢ ᠨᠠᠷᠢᠨ ᠵᠠᠳᠠᠯᠤᠭᠰᠠᠨ ᠪᠠᠶᠢᠨ᠎ᠠ᠃ ᠠᠶᠢᠮᠠᠭ ᠤᠨ ᠠᠵᠦ ᠦᠢᠯᠡᠰ ᠡᠨᠤᠷᠬᠢ ᠶᠢᠨ ᠪᠡᠯᠡ ᠤᠷᠤᠭᠤᠯᠤᠯᠳᠠ ᠶᠢᠨ ᠺᠤᠮᠫᠠᠨᠢ ᠶᠢᠨ ᠠᠯᠪᠠᠨ ᠬᠡᠷ ᠤᠨ ᠡᠷᠬᠢᠯᠡᠭᠴᠢ ᠯᠢ ᠫᠸᠡᠭ᠂ ᠲᠠᠶᠢᠯᠤᠮᠵᠢ ᠶᠢᠨ ᠦᠬᠡ ᠶᠡᠷᠢᠶ᠎ᠠ ᠨᠢ ᠤᠬᠤᠷ ᠠᠪᠰᠠᠷᠬᠠᠨ ᠮᠦᠷᠳᠡᠬᠡᠨ ᠤᠶᠢᠯᠠᠭᠠᠮᠵᠢᠳᠡᠢ ᠪᠤᠯᠵᠦ᠂ ᠪᠢᠳᠠᠨ ᠤ ᠰᠤᠷᠤᠯᠴᠠᠵᠦ ᠲᠤᠭᠤᠰᠢᠯᠠᠭᠤᠯᠬᠤ ᠲᠠᠯ᠎ᠠ ᠪᠠᠷ ᠤᠨᠤᠯ ᠤᠨ ᠵᠢᠯᠤᠭᠤᠳᠤᠯᠭ᠎ᠠ ᠬᠠᠨᠭ᠍ᠭᠠᠵᠠᠢ᠂ ᠲᠠᠷᠠᠭᠠᠴᠢ ᠶᠢᠨ ᠠᠯᠬᠤᠮ ᠳᠤ ᠪᠢᠳᠠ ᠡᠨᠤᠷᠬᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠲᠠᠯ᠎ᠠ ᠶᠢᠨ ᠠᠵᠢᠯ ᠳᠤ ᠠᠩᠬᠠᠷᠤᠯ ᠢᠶᠠᠨ ᠲᠦᠪᠯᠡᠷᠡᠬᠦᠯᠵᠦ᠂ ᠤᠯᠤᠰ ᠤᠨ ᠦᠮᠴᠢᠯᠠᠯ ᠤᠨ ᠠᠵᠦ ᠠᠬᠤᠶᠢᠯᠠᠯ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠤᠨ᠎ᠠ ᠬᠡᠪᠡ᠃    ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠪᠴᠢᠶ᠎ᠠ ᠳᠤ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠽᠧᠩ ᠯᠢᠩ ᠭᠤᠸᠠᠩ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠬᠤ᠂ ᠰᠢ ᠶᠢᠨ ᠫᠢᠩ ᠶᠡᠷᠦᠩᠬᠡᠶ ᠱᠦᠵᠢ ᠶᠢᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠶ ᠡᠵᠡᠮᠰᠢᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠡᠷᠬᠡ 4 ᠲᠠᠯ᠎ᠠ ᠪᠠᠷ ᠨᠠᠷᠢᠯᠢᠭ ᠲᠠᠶᠢᠯᠤᠮᠵᠢ ᠬᠢᠵᠠᠢ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠵᠣᠣ ᠵᠢᠶᠦ᠋ᠨ ᠵᠢᠶᠦ᠋ᠨ᠂ ᠲᠠᠶᠢᠯᠤᠮᠵᠢ ᠶᠢᠨ ᠭᠤᠤᠯᠳᠠᠯᠭ᠎ᠠ ᠨᠢ ᠲᠣᠪᠤᠶᠢᠮ᠎ᠠ᠂ ᠬᠠᠨᠳᠤᠯᠭᠠᠲᠤ ᠴᠢᠨᠠᠷ ᠢᠶᠠᠷ ᠮᠠᠰᠢ ᠴᠢᠩᠭ᠎ᠠ ᠪᠤᠯᠵᠦ᠂ ᠪᠢᠳᠡᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠲᠠᠨᠢᠵᠤ ᠣᠶᠢᠯᠠᠭᠠᠬᠤ ᠳᠤ ᠮᠠᠰᠢ ᠶᠡᠭᠡ ᠬᠠᠪᠰᠤᠷᠤᠮᠵᠢ ᠪᠣᠯᠬᠤ ᠶᠤᠮ᠂ ᠪᠢᠳᠡ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ ᠬᠡᠵᠦ ᠢᠯᠡᠷᠬᠡᠶᠢᠯᠡᠪᠡ᠃    ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠠ ᠶᠢᠨ ᠤᠷᠤᠨ ᠳᠤ᠂ ᠠᠶᠢᠮᠠᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠢᠶᠠᠩ ᠴᠢᠩ ᠵᠢᠢ ︽ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠶ᠎ᠠ︾ ᠭᠡᠬᠦ ᠰᠡᠳᠦᠪ ᠢᠶᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠵᠠᠢ᠃ ᠲᠤᠰ ᠨᠡᠬᠡᠬᠡᠯᠳᠠ ᠶᠢᠨ ᠤᠷᠤᠨ ᠤ ᠠᠵᠤ ᠠᠬᠤᠢ ᠶᠢᠨ ᠬᠥᠭᠵᠢᠯᠲᠡ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠲᠠᠳ᠋ ᠳᠠᠷᠤᠭ᠎ᠠ ᠲᠠᠩ ᠱᠤᠸᠠᠢ᠂ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠪᠢᠳᠠ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠬᠤ᠂ ᠰᠢᠨ᠎ᠠ ᠠᠵᠤ ᠦᠢᠯᠡᠰ ᠢ ᠬᠦᠭᠵᠢᠬᠦᠯᠬᠦ ᠶᠢ ᠶᠡᠭᠡ ᠪᠠᠷ ᠠᠬᠢᠭᠤᠯᠵᠤ᠂ ᠴᠢᠬᠤᠯᠠ ᠬᠦᠷᠢᠶ᠎ᠡ ᠴᠠᠷᠠᠭ᠎ᠠ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠂ ᠨᠡᠬᠡᠬᠡᠯᠳᠠ ᠶᠢᠨ ᠤᠷᠤᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号