ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠠᠶᠢᠩᠭᠤ ᠴᠢᠩᠭ᠎ᠠ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2024/9/19
    ᠣᠶᠢᠷ᠎ᠠ ᠳᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ︵ᠳᠣᠷᠣᠭᠰᠢ ︽ᠲᠣᠭᠲᠠᠭᠠᠯ ᠤᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ ᠪᠠᠶᠢᠨ᠎ᠠ᠃ ᠲᠥᠪ ᠬᠤᠷᠢᠶᠠᠨ ᠤ ᠠᠯᠪᠠᠨ ᠲᠢᠩᠬᠢᠮ ᠤᠨ ᠬᠠᠷᠢᠭᠤᠴᠠᠯᠭᠠᠲᠠᠨ ︽ᠲᠣᠭᠲᠠᠭᠠᠯ ᠤᠳ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠄ ︽ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠡᠮ ᠪᠣᠯ ᠤᠬᠤᠷ ᠬᠤᠭᠤᠴᠠᠭᠠᠨ ᠳᠤ ᠪᠦᠷᠢᠯᠳᠦᠭᠰᠡᠨ ᠵᠦᠢᠯ ᠪᠢᠰᠢ᠂ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠨᠢ ᠴᠦ ᠨᠢᠭᠡ ᠯᠡ ᠡᠳᠦᠷ ᠲᠤ ᠲᠠᠭᠤᠰᠬᠠᠴᠢᠬᠠᠬᠤ ᠣᠴᠢᠷ ᠪᠢᠰᠢ ᠶᠣᠮ᠃ ᠤᠷᠲᠤ ᠬᠤᠭᠤᠴᠠᠭ᠎ᠠ ᠪᠠᠷ ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ︾ ᠭᠡᠵᠦ ᠵᠢᠭᠠᠵᠦ ᠭᠠᠷᠭᠠᠪᠠ᠃    ᠡᠳᠡᠭᠡᠷ ᠵᠢᠯ ᠤᠳ ᠲᠤ᠂ ᠦᠨᠳᠦᠰᠦᠨ ᠱᠠᠲᠤᠨ ᠤ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ ᠢᠯᠡᠳᠲᠡ ᠦᠷ᠎ᠡ ᠪᠦᠲᠦᠮᠵᠢ ᠣᠯᠪᠠ᠂ ᠭᠡᠪᠡᠴᠦ ᠡᠭᠦᠨ ᠤ ᠵᠡᠷᠭᠡ ᠪᠠᠷ ᠬᠡᠯᠪᠡᠷᠢᠴᠢ ᠦᠵᠡᠯ᠂ ᠨᠣᠶᠠᠨᠴᠢ ᠰᠤᠷᠲᠠᠯ ᠲᠦᠢᠯᠪᠤᠷᠢᠲᠠᠢ ᠤᠰᠠᠳᠤᠬᠰᠠᠨ ᠦᠭᠡᠢ᠂ ᠵᠠᠷᠢᠮ ᠳᠠᠭᠠᠨ ᠪᠠᠰᠠ ︽ᠰᠢᠨ᠎ᠡ ᠬᠤᠶᠠᠭ ᠨᠦᠮᠦᠷᠴᠤ︾᠂ ︽ᠰᠢᠨ᠎ᠡ ᠬᠤᠪᠢᠯᠪᠤᠷᠢ︾ ᠶᠢᠨ ᠬᠡᠯᠪᠡᠷᠢ ᠪᠠᠷ ᠦᠨᠳᠦᠰᠦᠨ ᠱᠠᠲᠤᠨ ᠤ ᠡᠯ᠎ᠡ ᠥᠨᠴᠥᠭ ᠪᠤᠯᠤᠩ ᠳᠤ ᠢᠯᠡᠷᠡᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠵᠢᠱᠢᠶᠡᠯᠡᠪᠡᠯ ᠣᠨᠴᠠ ᠵᠠᠷᠢᠮ ᠺᠠᠳ᠋ᠷ ᠠᠵᠢᠯᠯᠠᠭ᠎ᠠ ᠨᠢ ᠬᠡᠳᠦᠢ ᠶᠡᠭᠡ ᠬᠡᠳᠦᠢ ᠬᠦᠷ ᠬᠥᠭᠵᠢᠶᠡᠨ ᠲᠠᠢ ᠪᠣᠯᠬᠤ ᠲᠤᠳᠤᠮ ᠤᠳᠤᠷᠢᠳᠤᠯᠭ᠎ᠠ ᠲᠡᠳᠦᠢ ᠴᠢᠬᠤᠯᠠᠴᠢᠯᠠᠨ ᠦᠵᠡᠵᠦ᠂ ᠦᠷ᠎ᠡ ᠪᠦᠲᠦᠮᠵᠢ ᠨᠢ ᠬᠢᠷᠢ ᠵᠡᠷᠭᠡ ᠪᠠᠶᠢᠬᠤ ᠶᠢ ᠬᠠᠮᠢᠶᠠᠷᠬᠤ ᠦᠭᠡᠢ ᠪᠠᠶᠢᠳᠠᠭ︔ ᠣᠨᠴᠠ ᠵᠠᠷᠢᠮ ᠺᠠᠳ᠋ᠷ ︽ᠨᠣᠶᠠᠨ︾ ᠪᠣᠯᠬᠤ ᠳᠤ ᠳᠠᠳᠴᠤ᠂ ᠲᠠᠷᠢᠬᠢ ᠲᠣᠯᠣᠭᠠᠢ ᠨᠢ ᠬᠥᠭᠡᠷᠦᠭᠰᠡᠭᠡᠷ ᠯᠡ ᠠᠷᠭ᠎ᠠ ᠤᠬᠠᠭᠠᠨ ᠭᠠᠷᠭᠠᠵᠤ᠂ ᠪᠠᠶᠢᠴᠠᠭᠠᠨ ᠰᠤᠳᠤᠯᠤᠯᠲᠠ ᠬᠢᠬᠦ ᠦᠭᠡᠢ ᠪᠠᠷ ︽ᠠᠷᠭ᠎ᠠ ᠤᠬᠠᠭᠠᠨ︾ ᠢᠶᠠᠨ ᠪᠠᠶᠢᠷᠢᠯᠠᠭᠤᠯᠳᠠᠭ︔ ᠣᠨᠴᠠ ᠵᠠᠷᠢᠮ ᠺᠠᠳ᠋ᠷ ᠬᠤᠷᠠᠯ ᠢᠶᠠᠷ ᠬᠤᠷᠠᠯ ᠢ ᠨᠠᠶᠢᠳᠠᠪᠤᠷᠢᠵᠢᠭᠤᠯᠬᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ᠂ ᠠᠷᠭ᠎ᠠ ᠬᠡᠮᠵᠢᠶ᠎ᠡ ᠪᠠᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠵᠠᠩᠰᠢᠵᠤ᠂ ᠲᠣᠰ ᠱᠠᠲᠤᠨ ᠤ ᠬᠤᠷᠠᠯ ᠬᠢᠬᠦ ᠪᠠᠷ ᠪᠠᠷᠠᠬᠤ ᠦᠭᠡᠢ ᠪᠠᠰᠠ ᠳᠣᠣᠷ᠎ᠠ ᠱᠠᠲᠤᠨ ᠤ ᠬᠠᠮᠢᠶ᠎ᠠ ᠦᠭᠡᠢ ᠬᠥᠮᠥᠰ ᠢ ᠱᠠᠲᠤ ᠱᠠᠲᠤ ᠪᠠᠷ ᠪᠠᠷ᠎ᠠ ᠪᠣᠯᠬᠤ ᠶᠢ ᠱᠠᠭᠠᠷᠳᠠᠳᠠᠭ ᠁ ᠳᠠᠷᠤᠭᠠᠰᠤ ᠬᠥᠩᠭᠡᠯᠡᠬᠦ ᠱᠠᠭᠠᠷᠳᠠᠯᠭ᠎ᠠ ᠶᠢᠨ ᠳᠣᠣᠷ᠎ᠠ ᠮᠥᠨ ᠯᠡ ᠬᠢᠳᠡᠭ ᠢᠶᠠᠷ ᠢᠶᠠᠨ ᠬᠢᠵᠦ ᠪᠠᠶᠢᠬᠤ ᠨᠢ ᠣᠨᠴᠠ ᠵᠠᠷᠢᠮ ᠺᠠᠳ᠋ᠷ ᠤᠨ ᠪᠤᠷᠤᠭᠤ ᠠᠵᠢᠯ ᠤᠨ ᠪᠦᠲᠦᠮᠵᠢ ᠶᠢᠨ ᠦᠵᠡᠯᠲᠡ᠂ ᠡᠷᠬᠡ ᠶᠢᠨ ᠦᠵᠡᠯᠲᠡ ᠶᠢ ᠲᠤᠰᠬᠠᠵᠦ ᠪᠠᠶᠢᠳᠠᠭ᠃    ᠦᠨᠳᠦᠰᠦᠨ ᠱᠠᠲᠤ ᠪᠣᠯ ᠨᠠᠮ ᠤᠨ ᠲᠥᠪ ᠬᠤᠷᠢᠶᠠᠨ ᠤ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠡᠴᠦᠰ ᠤᠨ ᠨᠢᠭᠡ  ᠺᠢᠯᠣᠮᠧᠲᠷ︾ ᠮᠥᠨ᠂ ᠦᠨᠳᠦᠰᠦᠨ ᠱᠠᠲᠤᠨ ᠤ ᠺᠠᠳ᠋ᠷ ᠢ ᠶᠠᠭᠠᠬᠢᠭᠰᠠᠨ ᠴᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠢᠶᠠᠷ ᠬᠦᠯᠢᠶᠡᠰᠦᠯᠡᠭᠦᠯᠵᠦ ᠪᠣᠯᠬᠤ ᠦᠭᠡᠢ᠃ ᠡᠯ᠎ᠡ ᠵᠦᠢᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠪᠤᠢ ᠪᠣᠯᠬᠤ ᠬᠥᠷᠥᠰᠥ ᠰᠢᠷᠣᠢ ᠶᠢ ᠦᠨᠡᠨ ᠬᠦ ᠠᠷᠢᠯᠭᠠᠪᠠᠯ ᠰᠠᠶ᠋ᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠨᠡ ᠬᠦ ᠰᠶᠢᠳᠪᠦᠷᠢᠯᠡᠬᠦ ᠳᠤ ᠬᠦᠴᠢᠷ ︽ᠬᠦᠴᠢᠷ ᠠᠰᠠᠭᠤᠳᠠᠯ︾ ᠢ ᠰᠶᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠰᠠᠶᠢᠨ  ᠶᠠᠪᠣᠭᠳᠠᠵᠦ ᠴᠢᠳᠠᠬᠤ ᠦᠬᠡᠢ ᠠᠴᠠ ᠵᠠᠶᠢᠯᠠᠰᠬᠢᠵᠦ ᠲᠠᠶᠢᠯᠦᠨ᠎ᠠ᠃    ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠣᠯ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠮᠥᠨ᠂ ᠦᠩᠭᠡᠨ ᠲᠠᠯ᠎ᠠ ᠠᠴᠠ ᠵᠠᠰᠠᠬᠤ ᠪᠠᠷ ᠪᠠᠷᠠᠬᠤ ᠦᠭᠡᠢ ᠨᠡᠩ ᠴᠤ ᠦᠨᠳᠦᠰᠦ ᠠᠴᠠ ᠨᠢ ᠵᠠᠰᠠᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠪᠣᠯ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢᠨ ᠴᠢᠬᠤᠯᠠ ᠪᠠᠲᠤᠯᠠᠭ᠎ᠠ ᠪᠣᠯᠣᠨ᠎ᠠ᠃ ᠡᠯ᠎ᠡ ᠱᠠᠲᠤᠨ ᠤ ᠬᠢᠨ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠪᠤᠷᠢ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠠᠵᠦ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠳᠥᠭᠦᠮᠴᠢᠯᠡᠨ ᠬᠤᠷᠠᠯ ᠢ ᠴᠣᠮᠬᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠯᠠᠨ ᠵᠢᠷᠤᠮᠵᠢᠭᠤᠯᠵᠤ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠥᠯᠥᠭᠡᠢ ᠳᠣᠲᠣᠷ᠎ᠠ ᠨᠢ ᠪᠣᠭᠤᠮᠢᠯᠠᠬᠤ ᠬᠡᠷᠡᠭᠲᠡᠢ᠃    ᠰᠤᠷᠲᠠᠯ ᠤᠨ ᠪᠠᠶᠢᠭᠤᠯᠤᠯᠲᠠ ᠶᠢ ᠠᠳᠬᠤᠬᠤ ᠳᠤ ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠭᠡᠵᠦ ᠪᠠᠶᠢᠬᠤ ᠦᠭᠡᠢ᠃ ᠡᠷᠬᠡᠪᠰᠢ ᠪᠠᠶᠢᠩᠭᠤ ᠶᠢᠨ ᠪᠠ ᠤᠷᠳᠤ ᠬᠤᠭᠤᠴᠠᠭ᠎ᠠ᠂ ᠴᠢᠩᠭ᠎ᠠ ᠪᠠ ᠪᠣᠳᠠᠲᠠᠢ᠂ ᠭᠦᠨᠵᠡᠭᠡᠢ ᠪᠠ ᠨᠠᠷᠢᠯᠢᠭ ᠪᠠᠶᠢᠬᠤ ᠳᠡᠭᠡᠷ᠎ᠡ ᠬᠦᠴᠦ ᠲᠠᠯᠪᠢᠵᠤ᠂ ᠬᠠᠮᠢᠶᠠᠷᠤᠯᠲᠠ ᠪᠠᠷ ᠳᠠᠳᠬᠠᠯ ᠪᠣᠯᠭᠠᠵᠤ᠂ ᠦᠷ᠎ᠡ ᠪᠦᠲᠦᠮᠵᠢ ᠭᠠᠷᠭᠠᠵᠤ᠂ ᠰᠤᠷᠲᠠᠯ ᠢ ᠳᠠᠳᠬᠠᠯ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷᠴᠤᠳ ᠤᠨ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠵᠤ᠂ ᠵᠣᠬᠢᠬᠤ ᠨᠡᠶᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠢᠯᠭᠠᠷᠠᠭᠤᠯᠤᠨ ᠲᠢᠭᠯᠡᠵᠦ᠂ ︽ᠨᠢᠭᠡ ᠠᠰᠠᠭᠤᠳᠠᠯ ᠢ ᠰᠶᠢᠳᠪᠦᠷᠢᠯᠡᠬᠦ︾ ᠠᠴᠠ ︽ᠨᠢᠭᠡ ᠲᠦᠷᠦᠯ ᠤᠨ ᠠᠰᠠᠭᠤᠳᠠᠯ ᠢ ᠰᠶᠢᠳᠪᠦᠷᠢᠯᠡᠬᠦ︾ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠳᠠᠷᠤᠭᠠᠰᠤ ᠶᠢ ᠬᠥᠩᠭᠡᠷᠡᠭᠦᠯᠬᠦ ᠠᠵᠢᠯ ᠳᠤᠮᠳᠠ ᠬᠠᠤᠯᠢᠵᠢᠯ ᠤᠨ ᠪᠠᠷᠢᠮᠵᠢᠶ᠎ᠠ ᠲᠣᠭᠲᠠᠭᠠᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠵᠦ᠂ ᠬᠡᠯᠪᠡᠷᠢᠴᠢ ᠦᠵᠡᠯ ᠳᠡᠯᠭᠡᠷᠡᠵᠦ ᠪᠠᠶᠢᠭ᠎ᠠ ᠨᠢᠭᠡᠴᠡ ᠶᠢ ᠠᠶᠤᠵᠤ ᠡᠮᠢᠶᠡᠬᠦ ᠪᠣᠯᠭᠠᠵᠤ᠂ ᠨᠣᠶᠠᠨᠴᠢ ᠰᠤᠷᠲᠠᠯ ᠳᠡᠯᠭᠡᠷᠡᠵᠦ ᠪᠠᠶᠢᠭ᠎ᠠ ᠬᠦᠷᠢᠶ᠎ᠡ ᠶᠢ ᠴᠡᠭᠡᠷᠯᠡᠯ ᠲᠠᠢ ᠪᠣᠯᠭᠠᠬᠤ ᠬᠡᠷᠡᠭᠲᠡᠢ᠂ ᠭᠠᠭᠴᠠ ᠬᠦ ᠢᠩᠭᠢᠮᠡᠨᠵᠢᠨ ᠰᠠᠶ᠋ᠢ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠳᠤᠮᠳᠠ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠦᠨᠡᠨ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠳᠠᠷᠤᠭᠠᠰᠤ ᠪᠠᠨ ᠲᠠᠶᠠᠭᠳᠠᠵᠤ᠂ ᠳᠠᠷᠤᠭᠠᠰᠤ ᠪᠠᠨ ᠬᠥᠩᠭᠡᠷᠡᠭᠦᠯᠵᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号