G1817 ᠵᠠᠮ ᠤᠨ ᠦᠬᠠᠢ ᠠᠴᠠ ᠢᠷᠭᠠᠢ ᠬᠦᠷᠬᠦ ᠲᠦᠷᠭᠡᠨ ᠤ ᠵᠠᠮ ᠤᠨ ᠪᠠᠶᠠᠨᠬᠤᠳᠳᠤᠭ ᠠᠴᠠ ᠪᠠᠶᠠᠨᠬᠤᠲᠠ | ᠬᠦᠷᠬᠦ ᠵᠠᠮ ᠤᠶᠢᠷ᠎ᠠ ᠶᠢᠨ ᠡᠳᠦᠷ ᠠᠵᠢᠯ ᠲᠤᠰᠢᠶᠠᠬᠤ ᠪᠠ ᠰᠢᠯᠭᠠᠨ ᠬᠤᠷᠢᠶᠠᠯᠳᠠ ᠶᠢ ᠥᠩᠭᠡᠷᠡᠭᠡᠵᠦ ᠲᠡᠷᠭᠡ | ᠨᠡᠪᠲᠡᠷᠡᠭᠰᠡᠨ ᠪᠠᠶᠢᠨ᠎ᠠ᠃ | G1817 ᠵᠠᠮ ᠤᠨ ᠦᠬᠠᠢ ᠠᠴᠠ ᠢᠷᠭᠠᠢ ᠬᠦᠷᠬᠦ ᠲᠦᠷᠬᠡᠨ ᠤ ᠵᠠᠮ ᠤᠨ ᠪᠠᠶᠠᠨᠬᠤᠳᠲᠤᠭ ᠠᠴᠠ ᠪᠠᠶᠠᠨᠬᠤᠲᠠ | ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠪᠣᠯ ᠪᠠᠷᠠᠭᠤᠨ ᠤᠷᠤᠨ ᠳᠤ ᠨᠡᠪᠲᠡᠷᠡᠬᠦ | ᠵᠠᠮ ᠤᠨ ᠴᠢᠬᠤᠯᠠ ᠬᠡᠰᠡᠭ ᠪᠣᠯᠤᠨ᠎ᠠ᠃ ᠪᠥᠬᠦ ᠣᠷᠳᠣ ᠨᠢ 86.5 ᠺᠢᠯᠣᠮᠧᠲᠷ ᠲᠤ ᠬᠦᠷᠴᠦ᠂ ᠶᠡᠷᠦᠩᠬᠡᠶ ᠪᠠᠯᠠ | ᠣᠷᠣᠭᠤᠯᠤᠯᠲᠠ ᠨᠢ 31.5 ᠳ᠋ᠦᠩᠰᠢᠭᠤᠷ ᠲᠥᠭᠦᠷᠢᠭ ᠲᠤ ᠬᠦᠷᠴᠦ᠂ ᠬᠤᠤᠰ ᠴᠢᠭᠯᠡᠯ ᠤᠨ 4 ᠲᠡᠷᠭᠡᠨ ᠤ ᠵᠠᠮ ᠢᠶᠠᠷ | ᠠᠶᠠᠯᠠᠬᠤ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠠᠢ᠃ ᠭᠤᠤᠯ ᠱᠤᠭᠤᠮ ᠨᠢ ᠪᠠᠶᠠᠨᠬᠤᠳᠳᠤᠭ ᠰᠦᠢᠳᠭᠡᠯ ᠬᠤᠷᠢᠶᠠᠬᠤ | ᠥᠷᠲᠡᠭᠡ ᠠᠴᠠ ᠡᠬᠢᠯᠡᠵᠦ᠂ ᠤᠳᠠ ᠠᠴᠠ ᠰᠢ ᠲᠠᠨ ᠵᠢᠩ ᠬᠥᠷᠬᠦ ᠬᠡᠰᠡᠭ ᠢ ᠵᠠᠯᠭᠠᠨ᠂ ᠵᠡᠬᠦᠨ ᠪᠠᠯ᠂ ᠴᠢᠪᠠᠭᠠᠲᠤ᠂ | ᠮᠦᠷᠠᠨᠭᠤᠤᠯ ᠢᠶᠠᠷ ᠳᠡᠮᠵᠢᠨ ᠡᠴᠦᠰ ᠤᠨ ᠴᠡᠭ ᠨᠢ ᠪᠠᠶᠠᠨᠬᠤᠳᠠ ᠳᠤ ᠬᠦᠷᠴᠦ᠂ ᠪᠠᠶᠠᠨᠬᠤᠲᠠ ᠠᠴᠠ ᠢᠷᠭᠠᠶ ᠬᠥᠷᠬᠦ | ᠲᠦᠷᠬᠡᠨ ᠤ ᠵᠠᠮ ᠲᠠᠢ ᠵᠠᠯᠭᠠᠵᠦ ᠪᠤᠢ᠃ ᠪᠥᠬᠦ ᠱᠤᠭᠤᠮ ᠳᠤ 11 ᠡᠩ ᠤᠨ ᠬᠥᠭᠦᠷᠭᠡ᠂ 1 ᠦᠢᠯᠡᠴᠢᠯᠡᠭᠡᠨ ᠤ | ᠲᠣᠭᠤᠷᠢᠭ᠂ 1 ᠵᠦᠷᠢᠯᠢᠭ ᠬᠦᠬᠦᠷᠬᠡ ᠶᠢ ᠪᠠᠶᠢᠭᠤᠯᠵᠠᠢ᠃ | ᠲᠤᠰ ᠬᠡᠰᠡᠭ ᠵᠠᠮ ᠤᠨ ᠨᠡᠪᠲᠡᠷᠡᠭᠰᠡᠨ ᠨᠢ ᠠᠯᠠᠱᠠ ᠶᠢᠨ ᠵᠡᠭᠦᠨ ᠬᠡᠰᠡᠭ ᠤᠨ ᠵᠠᠰᠠᠮᠠᠯ ᠵᠠᠮ ᠤᠨ ᠲᠣᠣᠷᠵᠢᠯ ᠤᠨ | ᠦᠢᠯᠡᠴᠢᠯᠡᠭᠡ ᠪᠦᠷᠢᠯᠳᠦᠭᠰᠡᠨ ᠢ ᠬᠠᠷᠠᠭᠤᠯᠵᠤ᠂ ᠠᠯᠠᠱᠠ ᠠᠶᠢᠮᠠᠭ ᠠᠴᠠ ᠬᠥᠬᠡᠬᠤᠲᠠ ᠬᠦᠷᠬᠦ ᠲᠦᠷᠬᠡᠨ ᠤ ᠵᠠᠰᠠᠮᠠᠯ | ᠵᠠᠮ ᠨᠡᠪᠳᠡᠷᠡᠬᠦ ᠬᠠᠷᠠᠯᠲᠠ ᠶᠢ ᠪᠡᠶᠡᠯᠡᠭᠦᠯᠤᠨ᠂ ᠤᠯᠤᠰ ᠤᠨ ᠵᠠᠰᠠᠮᠠᠯ ᠵᠠᠮ ᠤᠨ ᠲᠣᠤᠷᠵᠢᠯ ᠤᠨ ᠲᠥᠯᠥᠪᠵᠢᠭᠦᠯᠭᠡ | ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ | ᠵᠠᠮ ᠤᠨ ᠲᠣᠤᠷᠵᠢᠯ ᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠭᠤᠤᠯ ᠱᠤᠭᠤᠮ ᠤᠨ ᠵᠠᠮ ᠤᠨ ᠲᠣᠤᠷ ᠤᠨ | ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠠᠲᠤᠨ ᠭᠤᠤᠯ ᠳᠠᠭᠠᠤ ᠶᠢᠨ | ᠰᠠᠪᠠ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ | ᠠᠴᠢ ᠬᠤᠯᠪᠣᠭᠳᠠᠯ ᠲᠠᠢ ᠶᠤᠮ᠃ |