ᠡᠨᠡ ᠵᠢᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠪᠠᠳᠣᠯᠠᠬᠤ ᠲᠠᠯ᠎ᠠ ᠪᠠᠷ ᠶᠠᠮᠠᠷ ᠶᠠᠮᠠᠷ ᠪᠡᠯᠡᠳᠬᠡᠯ ᠠᠵᠢᠯ ᠬᠢᠭᠰᠡᠨ | ᠪᠣᠶ︖ ᠪᠠᠭᠰᠢ ᠶᠢᠨ ᠪᠠᠲᠤᠯᠠᠭ᠎ᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ | ᠶᠠᠮᠠᠷ ᠶᠠᠮᠠᠷ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠭᠠᠷᠭᠠᠭᠰᠠᠨ ᠪᠣᠶ︖ ᠠᠯᠠᠱᠠ ᠠᠶᠢᠮᠠᠭ ᠤᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠷᠦᠩ ᠡᠨᠡ ᠳᠣᠬᠠᠢ ᠶᠠᠷᠢᠯᠴᠠᠪᠠ᠃ | ᠰᠣᠷᠪᠣᠯᠵᠢᠯᠠᠭᠴᠢ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ | ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠲᠠᠯ᠎ᠠ ᠪᠠᠷ᠂ ᠶᠠᠮᠠᠷ ᠶᠠᠮᠠᠷ ᠪᠡᠯᠡᠳᠬᠡᠯ ᠠᠵᠢᠯ | ᠬᠢᠭᠰᠡᠨ ᠪᠣᠶ︖ | ᠶᠤᠸᠠᠢ ᠷᠦᠩ᠄ ᠰᠤᠷᠭᠠᠭᠤᠯᠢ ᠡᠬᠢᠯᠡᠬᠦ ᠶᠢ ᠪᠠᠳᠣᠯᠠᠬᠤ ᠲᠠᠯ᠎ᠠ ᠪᠠᠷ | ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠮᠡᠳᠡᠭᠳᠡᠯ ᠪᠠᠭᠤᠯᠭᠠᠵᠤ᠂ ᠡᠯ᠎ᠡ | ᠰᠤᠷᠭᠠᠭᠤᠯᠢ ᠶᠢ ᠰᠤᠷᠭᠠᠭᠤᠯᠢ ᠡᠬᠢᠯᠡᠬᠦ ᠠᠴᠠ ᠡᠮᠦᠨ᠎ᠡ ᠵᠢᠭᠠᠨ ᠰᠤᠷᠭᠠᠯᠲᠠ ᠶᠢ ᠳᠣᠬᠢᠷᠠᠭᠤᠯᠬᠤ᠂ ᠪᠠᠭᠰᠢ ᠶᠢ | ᠲᠣᠬᠢᠷᠠᠭᠤᠯᠬᠤ᠂ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠣᠬᠠᠭᠤᠯᠬᠤ᠂ ᠵᠢᠭᠠᠬᠤ | ᠮᠠᠲ᠋ᠧᠷᠢᠶᠠᠯ ᠵᠢᠭᠠᠨ ᠰᠤᠷᠭᠠᠯᠲᠠ ᠶᠢ ᠬᠠᠪᠰᠤᠷᠤᠨ ᠬᠠᠮᠢᠶᠠᠷᠬᠤ᠂ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠱᠠᠭᠠᠷᠳᠠᠭᠰᠠᠨ ᠪᠥᠭᠡᠳ ︽ | ᠬᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢᠶᠠᠷ ᠳᠠᠮᠵᠢᠭᠤᠯᠤᠨ᠂ ᠪᠠᠭᠰᠢ ᠰᠣᠷᠣᠭᠴᠢ ᠪᠠ | ᠬᠡᠷ ᠤᠨ ᠠᠬᠠᠮᠠᠳ ᠲᠤ ᠰᠤᠷᠭᠠᠭᠤᠯᠢ ᠡᠬᠢᠯᠡᠭᠰᠡᠨ ᠢ ᠰᠠᠨᠠᠭᠤᠯᠪᠠ᠃ ᠡᠭᠦᠨ ᠤ ᠬᠠᠮᠲᠤ᠂ ᠪᠠᠶᠢᠴᠠᠭᠠᠬᠤ | ᠳᠤᠭᠤᠶᠢᠯᠠᠩ ᠢ ᠵᠣᠬᠢᠶᠠᠨ ᠪᠠᠶᠢᠭᠤᠯᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠶᠡᠷᠦᠩᠬᠡᠶᠢᠯᠡᠭᠰᠡᠨ | ᠬᠢᠨᠠᠨ ᠵᠢᠯᠣᠭᠤᠳᠣᠯᠭ᠎ᠠ ᠥᠷᠨᠢᠭᠦᠯᠵᠦ᠂ 9 ᠰᠠᠷ᠎ᠠ ᠶᠢᠨ 1 ᠤ ᠡᠳᠦᠷ ᠪᠥᠬᠦ ᠠᠶᠢᠮᠠᠭ ᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ | ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠣᠷᠣᠵᠦ᠂ ᠰᠤᠷᠭᠠᠭᠤᠯᠢ ᠡᠬᠢᠯᠡᠬᠦ ᠠᠵᠢᠯ ᠤᠨ ᠠᠮᠤᠷ ᠲᠦᠪᠰᠢᠨ | ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠰᠤᠷᠤᠭᠴᠢ ᠡᠯᠰᠡᠬᠦ ᠲᠠᠯ᠎ᠠ ᠪᠠᠷ | ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠠᠶᠢᠮᠠᠭ ᠤᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠨ᠎ᠡ ᠰᠤᠷᠤᠭᠴᠢ ᠶᠢᠨ ᠨᠡᠷ᠎ᠡ ᠮᠡᠳᠡᠭᠦᠯᠬᠦ ︽ᠴᠡᠴᠡᠷᠯᠢᠭ ᠲᠤ ᠣᠷᠣᠵᠤ | ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠴᠢᠩᠭ᠎ᠠ ᠨᠠᠶᠢᠳᠠᠪᠣᠷᠢᠵᠢᠭᠤᠯᠵᠦ᠂ ᠢᠯᠡ ᠪᠠᠷ | ᠠᠩᠭᠢ ᠬᠤᠪᠢᠶᠠᠬᠤ᠂ ᠲᠡᠩᠴᠡᠭᠦᠷᠢᠲᠡᠢ ᠪᠠᠷ ᠠᠩᠭᠢ ᠳᠤ ᠬᠤᠪᠢᠶᠠᠷᠢᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠰᠤᠷᠤᠭᠴᠢ ᠡᠯᠰᠡᠬᠦ ᠶᠠᠪᠤᠴᠠ ᠶᠢ ᠰᠢᠯᠢᠳᠡᠭᠵᠢᠬᠦᠯᠦᠨ᠂ ᠰᠤᠷᠤᠭᠴᠢ ᠡᠯᠰᠡᠬᠦ ᠠᠵᠢᠯᠯᠠᠭ᠎ᠠ ᠶᠢ ᠵᠢᠷᠤᠮᠵᠢᠭᠤᠯᠵᠤ᠂ | ᠰᠤᠷᠤᠭᠴᠢ ᠡᠯᠰᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠦ᠂ ᠡᠷᠬᠡ ᠳᠡᠭᠰᠢ ᠰᠤᠷᠭᠠᠭᠤᠯᠢ ᠳᠤ | ᠣᠷᠣᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ | ᠬᠡᠦᠬᠡᠳ ᠨᠢᠭᠡᠪᠦᠷᠢ ᠳᠤ ᠴᠥᠮ ᠡᠷᠬᠡ ᠳᠡᠭᠰᠢ ᠴᠢᠨᠠᠷ ᠰᠠᠶᠢᠳᠠᠢ ᠰᠤᠷᠭᠠᠨ ᠬᠥᠮᠦᠵᠢᠯ ᠬᠦᠷᠲᠡᠭᠡᠨ᠎ᠡ᠃ ᠣᠳᠣᠬᠠᠨ ᠳᠤ᠂ | ᠡᠯ᠎ᠡ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠨᠡᠷ᠎ᠡ ᠮᠡᠳᠡᠭᠦᠯᠬᠦ ᠠᠵᠢᠯ ᠨᠢᠭᠡᠨᠲᠡ ᠪᠦᠬᠦᠨ ᠢᠶᠠᠷ ᠢᠶᠠᠨ | ᠳᠠᠭᠤᠰᠪᠠ᠃ | | | | | | | | | | | | | | | | ᠵᠢᠭᠠᠨ ᠰᠤᠷᠭᠠᠯᠲᠠ ᠶᠢ ᠵᠢᠯᠣᠭᠤᠳᠬᠤ ᠲᠠᠯ᠎ᠠ ᠪᠠᠷ | 8 ᠰᠠᠷ᠎ᠠ ᠶᠢᠨ 26 ᠤ ᠡᠳᠦᠷ ᠠᠴᠠ ᠡᠬᠢᠯᠡᠨ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠳᠤ ᠰᠠᠭᠤᠭ᠎ᠠ ᠵᠢᠭᠠᠨ | ᠰᠤᠳᠤᠯᠬᠤ ᠠᠵᠢᠯ ᠢ ᠵᠠᠯᠭᠠᠭ᠎ᠠ ᠪᠠᠷ ᠥᠷᠨᠢᠭᠦᠯᠵᠦ᠂ 9 ᠰᠠᠷ᠎ᠠ ᠳᠤ ᠡᠯ᠎ᠡ ᠣᠣᠯ ᠤᠨ ᠦᠨᠳᠦᠰᠦᠲᠡᠨ ᠤ ᠬᠡᠯᠡ ᠪᠠᠷ | ᠬᠢᠴᠢᠶᠡᠯᠯᠡᠵᠦ ᠪᠠᠶᠢᠭ᠎ᠠ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢ ᠬᠠᠪᠰᠤᠷᠤᠨ ᠲᠡᠳᠬᠦᠵᠦ | ᠵᠢᠭᠠᠨ ᠵᠢᠯᠣᠭᠤᠳᠬᠤ ᠪᠠᠷ ᠲᠥᠯᠥᠪᠯᠡᠵᠦ ᠪᠣᠶ᠃ ᠣᠶᠢᠷ᠎ᠠ ᠶᠢᠨ ᠬᠤᠭᠤᠴᠠᠭᠠᠨ ᠳᠤ ᠪᠠᠰᠠ ᠳᠤᠮᠳᠠᠳᠤ ᠰᠤᠷᠭᠠᠭᠤᠯᠢ | ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠠᠰᠤ ᠴᠢᠨᠠᠷ ᠢ ᠵᠠᠳᠠᠯᠬᠤ | ᠬᠤᠷᠠᠯ ᠬᠤᠷᠠᠯᠳᠤᠭᠤᠯᠵᠤ᠂ ᠨᠠᠷᠢᠯᠢᠭ ᠣᠨᠣᠪᠴᠢᠳᠠᠢ ᠪᠠᠷ ᠵᠠᠳᠠᠯᠵᠤ᠂ ᠨᠠᠷᠢᠯᠢᠭ ᠣᠨᠣᠪᠴᠢᠳᠠᠢ ᠪᠠᠷ ᠵᠢᠯᠣᠭᠤᠳᠤᠨ᠎ᠠ᠃ | ᠰᠣᠷᠪᠣᠯᠵᠢᠯᠠᠭᠴᠢ᠄ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ | ᠬᠡᠮᠵᠢᠶ᠎ᠡ ᠠᠪᠤᠭᠰᠠᠨ ᠪᠤᠢ︖ | ᠶᠤᠸᠠᠢ ᠷᠦᠩ᠄ ᠪᠠᠭᠰᠢ ᠶᠢᠨ ᠬᠦᠴᠦᠨ ᠢ ᠤᠯᠠᠨ ᠠᠷᠭ᠎ᠠ ᠵᠠᠮ ᠢᠶᠠᠷ ᠨᠦᠬᠦᠪᠦᠷᠢᠯᠡᠪᠡ | ᠡᠨᠡ ᠵᠢᠯ᠂ ᠤᠷᠢᠳᠴᠢᠯᠠᠨ ᠪᠣᠯᠵᠣᠵᠤ ᠴᠢᠳᠠᠪᠤᠷᠢᠲᠠᠨ ᠢ ᠲᠠᠲᠠᠬᠤ᠂ ᠠᠵᠢᠯ ᠦᠢᠯᠡᠰ ᠤᠨ ᠨᠢᠭᠡᠴᠡ ᠶᠢᠨ | ᠰᠢᠯᠭᠠᠨ ᠡᠯᠰᠡᠬᠦ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠵᠡᠷᠭᠡ ᠠᠷᠭ᠎ᠠ ᠮᠠᠶ᠋ᠢᠭ ᠢᠶᠠᠷ 116 ᠪᠠᠭᠰᠢ | ᠡᠯᠰᠡᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠬᠡᠷᠡᠭᠴᠡᠭᠡ ᠶᠢ ᠭᠦᠢᠴᠡᠳ ᠬᠠᠩᠭᠠᠪᠠ᠃ ᠪᠦᠬᠦ ᠠᠶᠢᠮᠠᠭ ᠤᠨ ᠨᠡᠷᠡᠲᠦ ᠰᠤᠷᠭᠠᠭᠤᠯᠢ ᠶᠢᠨ ᠳᠠᠷᠤᠭ᠎ᠠ 2᠂ ᠨᠡᠷᠡᠲᠦ | ᠰᠢᠯᠢᠳᠡᠭ ᠪᠠᠭᠰᠢ 4 ᠶᠢ ᠣᠷᠣᠭᠤᠯᠤᠨ ᠠᠪᠴᠢᠷᠠᠵᠤ᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠤ | ᠡᠩᠨᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠪᠤᠵᠠᠭᠠᠶᠢᠷᠠᠭᠤᠯᠪᠠ᠃ | ᠪᠠᠭᠰᠢ ᠶᠢᠨ ᠬᠦᠴᠦᠨ ᠢ ᠳᠣᠬᠢᠷᠠᠭᠤᠯᠬᠤ ᠶᠢ ᠰᠢᠯᠢᠳᠡᠭᠵᠢᠭᠦᠯᠪᠡ | ︽︿ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ﹀ ᠬᠠᠪᠰᠤᠷᠤᠨ ᠲᠡᠳᠬᠦᠬᠦ ᠠᠵᠢᠯᠯᠠᠭ᠎ᠠ ᠶᠢ | ᠨᠠᠶᠢᠳᠠᠪᠤᠷᠢᠵᠢᠭᠤᠯᠵᠤ ᠢᠳᠡᠷ ᠵᠠᠯᠠᠭᠤ ᠪᠠᠭᠰᠢ ᠨᠠᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠰᠠᠶᠢᠲᠤᠷ ᠬᠢᠬᠦ ᠵᠢᠴᠢ ᠪᠠᠭᠰᠢ ᠶᠢᠨ ᠠᠵᠢᠯ ᠤᠨ ᠪᠠᠶᠢᠷᠢ ᠳᠤ ᠡᠭᠡᠯᠵᠢᠯᠡᠨ ᠰᠤᠷᠭᠠᠨ ᠬᠥᠮᠦᠵᠢᠯ ᠢ ᠳᠡᠮᠵᠢᠬᠦ ᠠᠵᠢᠯ ᠢ | ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2024 ᠣᠨ ᠤ ᠰᠤᠷᠤᠯᠭ᠎ᠠ ᠶᠢᠨ | ᠬᠤᠭᠤᠴᠠᠭᠠᠨ ᠳᠤ᠂ 263 ᠪᠠᠭᠰᠢ ᠰᠣᠯᠢᠯᠴᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠬᠥᠳᠡᠭᠡ ᠲᠣᠰᠬᠤᠨ ᠤ ᠰᠤᠷᠭᠠᠭᠤᠯᠢ ᠪᠠ ᠪᠠᠭᠤᠷᠠᠶ ᠰᠤᠷᠭᠠᠭᠤᠯᠢ ᠲᠡᠰᠢ ᠰᠢᠯᠵᠢᠬᠦ ᠶᠢ ᠤᠯᠠᠮ ᠨᠢᠭᠡ ᠠᠯᠬᠤᠮ | ᠠᠬᠢᠭᠤᠯᠵᠤ᠂ ᠬᠤᠰᠢᠭᠤᠨ ᠤ ᠬᠡᠪᠴᠢᠶᠡᠨ ᠳᠠᠬᠢ ᠪᠠᠭᠰᠢ ᠶᠢᠨ ᠲᠡᠩᠴᠡᠭᠦᠷᠢᠲᠡᠶ ᠲᠣᠬᠢᠷᠠᠭᠤᠯᠤᠯᠲᠠ ᠶᠢ ᠲᠦᠷᠬᠡᠨ | ᠪᠡᠶᠡᠯᠡᠭᠦᠯᠬᠦ ᠶᠢᠨ ᠬᠠᠮᠲᠤ᠂ ᠪᠤᠭᠤᠲᠤ᠂ ᠣᠷᠳᠣᠰ ᠤᠨ 36 ᠰᠢᠯᠢᠳᠡᠭ ᠪᠠᠭᠰᠢ ᠶᠢ ᠢᠳᠡᠪᠬᠢᠲᠡᠶ ᠵᠣᠬᠢᠴᠠᠭᠤᠯᠵᠤ | ᠡᠵᠡᠨ᠎ᠡ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢ ᠳᠡᠮᠵᠢᠬᠦ ᠪᠠᠷ ᠪᠣᠶ᠃ | ᠪᠠᠭᠰᠢᠨᠠᠷ ᠢ ᠪᠣᠯᠪᠠᠰᠣᠷᠠᠭᠤᠯᠬᠤ ᠡᠷᠴᠢᠮ ᠢ ᠴᠢᠩᠭᠠᠷᠠᠭᠤᠯᠪᠡ | ᠡᠨᠡ ᠵᠢᠯ ᠠᠴᠠ ᠨᠠᠰᠢ᠂ ᠣᠯᠠᠨ ᠠᠷᠭ᠎ᠠ ᠵᠠᠮ ᠢᠶᠠᠷ 2000 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠵᠤ᠂ | 20 ᠰᠢᠯᠢᠳᠡᠭ ᠵᠠᠯᠠᠭᠤ ᠪᠠᠭᠰᠢ ᠶᠢ ᠪᠡᠭᠡᠵᠢᠩ ᠤᠨ ᠴᠢᠨᠠᠷ ᠰᠠᠶᠢᠳᠠᠢ ᠰᠤᠷᠭᠠᠭᠤᠯᠢ ᠳᠤ ᠲᠣᠮᠢᠯᠠᠵᠤ 3 ᠰᠠᠷ᠎ᠠ ᠳᠠᠭᠠᠵᠤ | ᠪᠣᠯᠪᠠᠰᠤᠷᠠᠯ ᠬᠢᠯᠭᠡᠵᠦ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠬᠦᠯᠪᠡ᠃ | ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 2000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ | ᠂ ᠨᠠᠭᠠᠳᠤ ᠵᠠᠬ᠎ᠠ ᠳᠠᠭᠠᠨ 30 ᠪᠠᠭᠰᠢ ᠶᠢ ᠲᠣᠮᠢᠯᠠᠨ ᠪᠡᠭᠡᠵᠢᠩ ᠤᠨ ᠰᠤᠷᠭᠠᠭᠤᠯᠢ ᠳᠤ ᠣᠴᠢᠭᠤᠯᠤᠨ ᠨᠢᠭᠡ | ᠬᠤᠭᠤᠴᠠᠭᠠᠨ ᠤ ᠳᠠᠭᠠᠵᠤ ᠪᠣᠯᠪᠠᠰᠤᠷᠠᠯ ᠬᠢᠯᠭᠡᠬᠦ ᠪᠠᠷ ᠲᠥᠯᠥᠪᠯᠡᠵᠦ ᠪᠠᠶᠢᠨ᠎ᠠ᠃ | | | | | | | | | | | | | | ᠪᠠᠭᠰᠢ ᠶᠢᠨ ᠣᠯᠭᠤᠮᠵᠢ ᠶᠢ ᠪᠠᠳᠣᠯᠠᠬᠤ ᠶᠢ ᠴᠢᠩᠭᠠᠳᠬᠠᠪᠡ | ᠡᠯ᠎ᠡ ᠰᠤᠷᠭᠠᠭᠤᠯᠢ ᠶᠢ ᠵᠢᠯᠣᠭᠤᠳᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠠᠵᠢᠯ ᠬᠢᠵᠦ ᠦᠢᠯᠡᠰ ᠴᠣᠭᠴᠠᠯᠠᠬᠤ ︽ | ᠴᠤᠭ ᠰᠦᠯᠳᠡ︾ ᠶᠢ ᠬᠥᠭᠵᠢᠭᠡᠪᠡ᠃ 8 ᠳ᠋ᠤᠭᠠᠷ ᠰᠠᠷ᠎ᠠ ᠳᠤ ︽ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠵᠦᠢᠯᠡᠰ ᠤᠨ ᠴᠠᠭᠠᠨ ᠨᠡᠷᠡᠰ︾ ᠢ ᠲᠣᠭᠲᠠᠭᠠᠨ ᠨᠡᠶᠢᠲᠡᠯᠡᠵᠦ᠂ ᠪᠠᠭᠰᠢ ᠶᠢᠨ | ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠪᠡ᠃ 40 ᠳ᠋ᠦ᠋ᠭᠡᠷ ᠪᠠᠭᠰᠢ ᠶᠢᠨ ᠪᠠᠶᠠᠷ ᠤᠨ ᠡᠳᠦᠷ ᠣᠶᠢᠷᠠᠳᠴᠤ᠂ | ᠪᠢᠳᠡ ᠪᠡᠯᠭᠡᠯᠡᠬᠦ ᠶᠡᠭᠡ ᠬᠤᠷᠠᠯ ᠬᠤᠷᠠᠯᠳᠤᠭᠤᠯᠬᠤ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠬᠤ ᠪᠠ | ᠪᠠᠶᠠᠷ ᠤᠨ ᠡᠳᠦᠷ ᠤᠨ ᠲᠣᠬᠤᠨᠢᠭᠤᠯᠤᠯ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠣᠭᠤᠷᠢᠨ ᠤᠬᠠᠭᠤᠯᠤᠨ | ᠲᠠᠶᠢᠯᠪᠤᠷᠢᠯᠠᠬᠤ ᠵᠡᠷᠭᠡ 10 ᠵᠦᠢᠯ ᠤᠨ ᠤᠬᠠᠭᠤᠯᠭ᠎ᠠ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠨ | ᠬᠤᠷᠠᠯᠳᠤᠭᠤᠯᠤᠨ᠎ᠠ᠃ | ᠰᠣᠷᠪᠣᠯᠵᠢᠯᠠᠭᠴᠢ᠄ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠠᠯ᠎ᠠ ᠪᠠᠷ ᠶᠠᠮᠠᠷ ᠶᠠᠮᠠᠷ ᠰᠢᠨ᠎ᠡ ᠠᠬᠢᠴᠠ ᠪᠠ ᠦᠷ᠎ᠡ ᠪᠦᠲᠦᠮᠵᠢ ᠪᠠᠶᠢᠬᠤ ᠪᠤᠢ︖ | ᠶᠤᠸᠠᠢ ᠷᠦᠩ᠄ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ ᠠᠬᠢᠭᠤᠯᠬᠤ ᠪᠣᠯ ᠮᠠᠨ ᠤ ᠠᠶᠢᠮᠠᠭ ᠤᠨ | ᠴᠢᠨᠠᠷ ᠰᠠᠶᠢᠲᠠᠶ ᠬᠥᠭᠵᠢᠯᠲᠡ ᠳᠤ ᠰᠠᠭᠤᠷᠢᠯᠠᠨ᠂ ᠬᠡᠷ ᠤᠨ ᠡᠭᠦᠳᠡᠨ ᠳᠠᠬᠢ ᠰᠤᠷᠭᠠᠭᠤᠯᠢ ᠶᠢ ᠴᠢᠷᠮᠠᠶᠢᠨ ᠰᠠᠶᠢᠲᠤᠷ | ᠡᠷᠭᠢᠯᠡᠵᠦ᠂ ᠣᠯᠠᠨ ᠲᠦᠮᠡᠨ ᠢ ᠣᠶᠢᠷ᠎ᠠ ᠬᠠᠪᠢ ᠳᠠᠭᠠᠨ ᠰᠠᠶᠢᠨ ᠰᠣᠷᠣᠯᠴᠠᠭᠤᠯᠬᠤ ᠴᠢᠬᠤᠯᠠ ᠶᠡᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠠᠶᠢᠮᠠᠭ ᠨᠢᠳᠤᠨᠤᠨ ᠫᠠᠶᠢᠰᠠ ᠡᠯᠭᠦᠨ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢ | ᠪᠠᠶᠢᠭᠤᠯᠤᠭᠰᠠᠨ ᠤ ᠳᠠᠷᠠᠭ᠎ᠠ᠂ ᠡᠨᠡ ᠵᠢᠯ ᠪᠠᠰᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ | ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠵᠤ᠂ | ᠰᠤᠷᠭᠠᠭᠤᠯᠢ ᠶᠢᠨ ᠵᠠᠬᠢᠷᠤᠯ᠂ ᠵᠢᠯᠣᠭᠤᠳᠬᠤ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠵᠤ᠂ ᠪᠡᠭᠡᠵᠢᠩ ᠤᠨ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ ᠪᠠᠭᠰᠢ ᠶᠢᠨ ᠠᠵᠢᠯ ᠤᠨ ᠪᠠᠶᠢᠷᠢ ᠶᠢ ᠳᠠᠭᠠᠬᠤ᠂ | ᠪᠠᠶᠢᠩᠭᠤ ᠶᠢᠨ ᠵᠢᠭᠠᠨ ᠰᠤᠳᠤᠯᠭᠠᠨ᠂ ᠬᠢᠴᠢᠶᠡᠯ ᠤᠨ ᠪᠠᠶᠢᠭᠤᠯᠤᠯᠲᠠ᠂ ᠰᠤᠷᠤᠭᠴᠢᠳ ᠤᠨ ᠰᠣᠯᠢᠯᠴᠠᠭ᠎ᠠ ᠵᠡᠷᠭᠡ | ᠣᠯᠠᠨ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠰᠤᠷᠭᠠᠨ | ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ | ᠬᠦᠷᠲᠡᠭᠡᠪᠡ᠃ | | | | | | | | | | | | | | | | ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠴᠢᠨᠠᠷ ᠰᠠᠶᠢᠲᠠᠶ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠥᠯᠥᠭᠡᠯᠡᠬᠦ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠨᠠᠶᠢᠳᠠᠨ ᠬᠠᠮᠢᠶᠠᠷᠣᠭᠤᠯᠬᠤ᠂ ᠣᠯᠠᠨ ᠬᠠᠤᠯᠢ ᠶᠢᠨ ᠡᠷᠬᠡᠲᠡᠨ ᠢ ᠵᠣᠬᠢᠶᠠᠨ ᠪᠠᠶᠢᠭᠤᠯᠬᠤ᠂ | ᠠᠳᠠᠯᠢ ᠰᠣᠷᠣᠯᠭ᠎ᠠ ᠶᠢᠨ ᠱᠠᠳᠣ᠂ ᠰᠤᠷᠤᠯᠭ᠎ᠠ ᠶᠢᠨ ᠱᠠᠲᠤ ᠠᠯᠣᠰᠯᠠᠬᠤ᠂ ᠣᠷᠣᠨ ᠪᠦᠰᠡ ᠠᠯᠣᠰᠯᠠᠬᠤ ᠵᠡᠷᠭᠡ | ᠰᠤᠷᠭᠠᠭᠤᠯᠢ ᠡᠷᠭᠢᠯᠡᠬᠦ ᠣᠯᠠᠨ ᠶᠠᠩᠵᠤ ᠶᠢᠨ ᠬᠡᠯᠪᠡᠷᠢ ᠶᠢ ᠠᠪᠴᠤ᠂ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠬᠠᠮᠤᠷᠬᠤ ᠬᠡᠪᠴᠢᠶ᠎ᠡ ᠪᠠ ᠠᠰᠢᠭ ᠭᠥᠷᠳᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ | 2025 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ | ᠬᠠᠮᠣᠷᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ | ᠰᠤᠷᠭᠠᠭᠤᠯᠢ᠂ ᠣᠣᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢ ᠬᠠᠮᠣᠷᠬᠤ | ᠨᠣᠷᠮ᠎ᠠ ᠶᠢ 100% ᠳᠤ ᠬᠦᠷᠦᠭᠦᠯᠬᠦ ᠪᠠᠷ ᠲᠥᠯᠥᠪᠯᠡᠵᠦ ᠪᠠᠶᠢᠨ᠎ᠠ᠃ |