G1817 ᠵᠠᠮ ᠤᠨ ᠪᠠᠶᠠᠨᠬᠤᠳᠲᠤᠭ ᠠᠴᠠ ᠪᠠᠶᠠᠨᠬᠤᠲᠠ ᠬᠥᠷᠬᠦ ᠲᠦᠷᠬᠡᠨ ᠤ ᠵᠠᠮ ᠨᠡᠪᠲᠡᠷᠡᠪᠡ
ᠨᠡᠶᠢᠲᠡᠯᠡᠭᠰᠡᠨ ᠴᠠᠭ᠄
2024/9/2
    G1817 ᠵᠠᠮ ᠤᠨ ᠦᠬᠠᠢ ᠠᠴᠠ ᠢᠷᠭᠠᠢ ᠬᠦᠷᠬᠦ ᠲᠦᠷᠭᠡᠨ ᠤ ᠵᠠᠮ ᠤᠨ ᠪᠠᠶᠠᠨᠬᠤᠳᠳᠤᠭ ᠠᠴᠠ ᠪᠠᠶᠠᠨᠬᠤᠲᠠ ᠬᠦᠷᠬᠦ ᠵᠠᠮ ᠤᠶᠢᠷ᠎ᠠ ᠶᠢᠨ ᠡᠳᠦᠷ ᠠᠵᠢᠯ ᠲᠤᠰᠢᠶᠠᠬᠤ ᠪᠠ ᠰᠢᠯᠭᠠᠨ ᠬᠤᠷᠢᠶᠠᠯᠳᠠ ᠶᠢ ᠥᠩᠭᠡᠷᠡᠭᠡᠵᠦ ᠲᠡᠷᠭᠡ ᠨᠡᠪᠲᠡᠷᠡᠭᠰᠡᠨ ᠪᠠᠶᠢᠨ᠎ᠠ᠃    G1817 ᠵᠠᠮ ᠤᠨ ᠦᠬᠠᠢ ᠠᠴᠠ ᠢᠷᠭᠠᠢ ᠬᠦᠷᠬᠦ ᠲᠦᠷᠬᠡᠨ ᠤ ᠵᠠᠮ ᠤᠨ ᠪᠠᠶᠠᠨᠬᠤᠳᠲᠤᠭ ᠠᠴᠠ ᠪᠠᠶᠠᠨᠬᠤᠲᠠ ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ ᠪᠣᠯ ᠪᠠᠷᠠᠭᠤᠨ ᠤᠷᠤᠨ ᠳᠤ ᠨᠡᠪᠲᠡᠷᠡᠬᠦ ᠵᠠᠮ ᠤᠨ ᠴᠢᠬᠤᠯᠠ ᠬᠡᠰᠡᠭ ᠪᠣᠯᠤᠨ᠎ᠠ᠃ ᠪᠥᠬᠦ ᠣᠷᠳᠣ ᠨᠢ 86.5 ᠺᠢᠯᠣᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 31.5 ᠳ᠋ᠦᠩᠰᠢᠭᠤᠷ ᠲᠥᠭᠦᠷᠢᠭ ᠲᠤ ᠬᠦᠷᠴᠦ᠂ ᠬᠤᠤᠰ ᠴᠢᠭᠯᠡᠯ ᠤᠨ 4 ᠲᠡᠷᠭᠡᠨ ᠤ ᠵᠠᠮ ᠢᠶᠠᠷ ᠠᠶᠠᠯᠠᠬᠤ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠠᠢ᠃ ᠭᠤᠤᠯ ᠱᠤᠭᠤᠮ ᠨᠢ ᠪᠠᠶᠠᠨᠬᠤᠳᠳᠤᠭ ᠰᠦᠢᠳᠭᠡᠯ ᠬᠤᠷᠢᠶᠠᠬᠤ ᠥᠷᠲᠡᠭᠡ ᠠᠴᠠ ᠡᠬᠢᠯᠡᠵᠦ᠂ ᠤᠳᠠ ᠠᠴᠠ ᠰᠢ ᠲᠠᠨ ᠵᠢᠩ ᠬᠥᠷᠬᠦ ᠬᠡᠰᠡᠭ ᠢ ᠵᠠᠯᠭᠠᠨ᠂ ᠵᠡᠬᠦᠨ ᠪᠠᠯ᠂ ᠴᠢᠪᠠᠭᠠᠲᠤ᠂ ᠮᠦᠷᠠᠨᠭᠤᠤᠯ ᠢᠶᠠᠷ ᠳᠡᠮᠵᠢᠨ ᠡᠴᠦᠰ ᠤᠨ ᠴᠡᠭ ᠨᠢ ᠪᠠᠶᠠᠨᠬᠤᠳᠠ ᠳᠤ ᠬᠦᠷᠴᠦ᠂ ᠪᠠᠶᠠᠨᠬᠤᠲᠠ ᠠᠴᠠ ᠢᠷᠭᠠᠶ ᠬᠥᠷᠬᠦ ᠲᠦᠷᠬᠡᠨ ᠤ ᠵᠠᠮ ᠲᠠᠢ ᠵᠠᠯᠭᠠᠵᠦ ᠪᠤᠢ᠃ ᠪᠥᠬᠦ ᠱᠤᠭᠤᠮ ᠳᠤ 11 ᠡᠩ ᠤᠨ ᠬᠥᠭᠦᠷᠭᠡ᠂ 1 ᠦᠢᠯᠡᠴᠢᠯᠡᠭᠡᠨ ᠤ ᠲᠣᠭᠤᠷᠢᠭ᠂ 1 ᠵᠦᠷᠢᠯᠢᠭ ᠬᠦᠬᠦᠷᠬᠡ ᠶᠢ ᠪᠠᠶᠢᠭᠤᠯᠵᠠᠢ᠃    ᠲᠤᠰ ᠬᠡᠰᠡᠭ ᠵᠠᠮ ᠤᠨ ᠨᠡᠪᠲᠡᠷᠡᠭᠰᠡᠨ ᠨᠢ ᠠᠯᠠᠱᠠ ᠶᠢᠨ ᠵᠡᠭᠦᠨ ᠬᠡᠰᠡᠭ ᠤᠨ ᠵᠠᠰᠠᠮᠠᠯ ᠵᠠᠮ ᠤᠨ ᠲᠣᠣᠷᠵᠢᠯ ᠤᠨ ᠦᠢᠯᠡᠴᠢᠯᠡᠭᠡ ᠪᠦᠷᠢᠯᠳᠦᠭᠰᠡᠨ ᠢ ᠬᠠᠷᠠᠭᠤᠯᠵᠤ᠂ ᠠᠯᠠᠱᠠ ᠠᠶᠢᠮᠠᠭ ᠠᠴᠠ ᠬᠥᠬᠡᠬᠤᠲᠠ ᠬᠦᠷᠬᠦ ᠲᠦᠷᠬᠡᠨ ᠤ ᠵᠠᠰᠠᠮᠠᠯ ᠵᠠᠮ ᠨᠡᠪᠳᠡᠷᠡᠬᠦ ᠬᠠᠷᠠᠯᠲᠠ ᠶᠢ ᠪᠡᠶᠡᠯᠡᠭᠦᠯᠤᠨ᠂ ᠤᠯᠤᠰ ᠤᠨ ᠵᠠᠰᠠᠮᠠᠯ ᠵᠠᠮ ᠤᠨ ᠲᠣᠤᠷᠵᠢᠯ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠣᠤᠷᠵᠢᠯ ᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠭᠤᠤᠯ ᠱᠤᠭᠤᠮ ᠤᠨ ᠵᠠᠮ ᠤᠨ ᠲᠣᠤᠷ ᠤᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号