ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠄ ᠰᠡᠳᠬᠢᠯ ᠲᠠᠯᠪᠢᠨ ᠬᠦᠴᠦ ᠣᠷᠣᠭᠤᠯᠵᠤ᠂ ᠰᠣᠷᠣᠯᠭ᠎ᠠ ᠶᠢᠨ ᠠᠶᠠᠨ ᠢ ᠰᠢᠨᠵᠢᠯᠡᠬᠦ ᠤᠬᠠᠭᠠᠨᠴᠢ ᠪᠠᠷ ᠳᠦᠯᠦᠪᠯᠡᠵᠦ ᠪᠠᠶᠢᠨ᠎ᠠ
ᠨᠡᠶᠢᠲᠡᠯᠡᠭᠰᠡᠨ ᠴᠠᠭ᠄
2024/9/2
     ᠡᠨᠡ ᠵᠢᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ  ᠪᠠᠳᠣᠯᠠᠬᠤ ᠲᠠᠯ᠎ᠠ ᠪᠠᠷ ᠶᠠᠮᠠᠷ ᠶᠠᠮᠠᠷ ᠪᠡᠯᠡᠳᠬᠡᠯ ᠠᠵᠢᠯ ᠬᠢᠭᠰᠡᠨ ᠪᠣᠶ︖ ᠪᠠᠭᠰᠢ ᠶᠢᠨ ᠪᠠᠲᠤᠯᠠᠭ᠎ᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠭᠠᠷᠭᠠᠭᠰᠠᠨ ᠪᠣᠶ︖ ᠠᠯᠠᠱᠠ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠷᠦᠩ ᠡᠨᠡ ᠳᠣᠬᠠᠢ ᠶᠠᠷᠢᠯᠴᠠᠪᠠ᠃     ᠰᠣᠷᠪᠣᠯᠵᠢᠯᠠᠭᠴᠢ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠲᠠᠯ᠎ᠠ ᠪᠠᠷ᠂ ᠶᠠᠮᠠᠷ ᠶᠠᠮᠠᠷ ᠪᠡᠯᠡᠳᠬᠡᠯ ᠠᠵᠢᠯ ᠬᠢᠭᠰᠡᠨ ᠪᠣᠶ︖     ᠶᠤᠸᠠᠢ ᠷᠦᠩ᠄ ᠰᠤᠷᠭᠠᠭᠤᠯᠢ ᠡᠬᠢᠯᠡᠬᠦ ᠶᠢ ᠪᠠᠳᠣᠯᠠᠬᠤ ᠲᠠᠯ᠎ᠠ ᠪᠠᠷ     ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠮᠡᠳᠡᠭᠳᠡᠯ ᠪᠠᠭᠤᠯᠭᠠᠵᠤ᠂ ᠡᠯ᠎ᠡ ᠰᠤᠷᠭᠠᠭᠤᠯᠢ ᠶᠢ ᠰᠤᠷᠭᠠᠭᠤᠯᠢ ᠡᠬᠢᠯᠡᠬᠦ ᠠᠴᠠ ᠡᠮᠦᠨ᠎ᠡ ᠵᠢᠭᠠᠨ ᠰᠤᠷᠭᠠᠯᠲᠠ ᠶᠢ ᠳᠣᠬᠢᠷᠠᠭᠤᠯᠬᠤ᠂ ᠪᠠᠭᠰᠢ ᠶᠢ ᠲᠣᠬᠢᠷᠠᠭᠤᠯᠬᠤ᠂ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠬᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠣᠬᠠᠭᠤᠯᠬᠤ᠂ ᠵᠢᠭᠠᠬᠤ ᠮᠠᠲ᠋ᠧᠷᠢᠶᠠᠯ ᠵᠢᠭᠠᠨ ᠰᠤᠷᠭᠠᠯᠲᠠ ᠶᠢ ᠬᠠᠪᠰᠤᠷᠤᠨ ᠬᠠᠮᠢᠶᠠᠷᠬᠤ᠂ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠱᠠᠭᠠᠷᠳᠠᠭᠰᠠᠨ ᠪᠥᠭᠡᠳ ︽ᠬᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢᠶᠠᠷ ᠳᠠᠮᠵᠢᠭᠤᠯᠤᠨ᠂ ᠪᠠᠭᠰᠢ ᠰᠣᠷᠣᠭᠴᠢ ᠪᠠ ᠬᠡᠷ ᠤᠨ ᠠᠬᠠᠮᠠᠳ ᠲᠤ ᠰᠤᠷᠭᠠᠭᠤᠯᠢ ᠡᠬᠢᠯᠡᠭᠰᠡᠨ ᠢ ᠰᠠᠨᠠᠭᠤᠯᠪᠠ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠬᠢᠨᠠᠨ ᠵᠢᠯᠣᠭᠤᠳᠣᠯᠭ᠎ᠠ ᠥᠷᠨᠢᠭᠦᠯᠵᠦ᠂ 9 ᠰᠠᠷ᠎ᠠ ᠶᠢᠨ 1 ᠤ ᠡᠳᠦᠷ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠣᠷᠣᠵᠦ᠂ ᠰᠤᠷᠭᠠᠭᠤᠯᠢ ᠡᠬᠢᠯᠡᠬᠦ ᠠᠵᠢᠯ ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃     ᠰᠤᠷᠤᠭᠴᠢ ᠡᠯᠰᠡᠬᠦ ᠲᠠᠯ᠎ᠠ ᠪᠠᠷ     ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠤᠭᠴᠢ ᠶᠢᠨ ᠨᠡᠷ᠎ᠡ ᠮᠡᠳᠡᠭᠦᠯᠬᠦ ︽ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠴᠢᠩᠭ᠎ᠠ ᠨᠠᠶᠢᠳᠠᠪᠣᠷᠢᠵᠢᠭᠤᠯᠵᠦ᠂ ᠢᠯᠡ ᠪᠠᠷ ᠠᠩᠭᠢ ᠬᠤᠪᠢᠶᠠᠬᠤ᠂ ᠲᠡᠩᠴᠡᠭᠦᠷᠢᠲᠡᠢ ᠪᠠᠷ ᠠᠩᠭᠢ ᠳᠤ ᠬᠤᠪᠢᠶᠠᠷᠢᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠤᠭᠴᠢ ᠡᠯᠰᠡᠬᠦ ᠶᠠᠪᠤᠴᠠ ᠶᠢ ᠰᠢᠯᠢᠳᠡᠭᠵᠢᠬᠦᠯᠦᠨ᠂ ᠰᠤᠷᠤᠭᠴᠢ ᠡᠯᠰᠡᠬᠦ ᠠᠵᠢᠯᠯᠠᠭ᠎ᠠ ᠶᠢ ᠵᠢᠷᠤᠮᠵᠢᠭᠤᠯᠵᠤ᠂ ᠰᠤᠷᠤᠭᠴᠢ ᠡᠯᠰᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠦ᠂ ᠡᠷᠬᠡ ᠳᠡᠭᠰᠢ ᠰᠤᠷᠭᠠᠭᠤᠯᠢ ᠳᠤ ᠣᠷᠣᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠡᠦᠬᠡᠳ ᠨᠢᠭᠡᠪᠦᠷᠢ ᠳᠤ ᠴᠥᠮ ᠡᠷᠬᠡ ᠳᠡᠭᠰᠢ ᠴᠢᠨᠠᠷ ᠰᠠᠶᠢᠳᠠᠢ ᠰᠤᠷᠭᠠᠨ ᠬᠥᠮᠦᠵᠢᠯ ᠬᠦᠷᠲᠡᠭᠡᠨ᠎ᠡ᠃ ᠣᠳᠣᠬᠠᠨ ᠳᠤ᠂ ᠡᠯ᠎ᠡ ᠰᠤᠷᠭᠠᠭᠤᠯᠢ ᠶᠢᠨ ᠰᠢᠨ᠎ᠡ ᠰᠤᠷᠤᠭᠴᠢᠳ ᠤᠨ ᠨᠡᠷ᠎ᠡ ᠮᠡᠳᠡᠭᠦᠯᠬᠦ ᠠᠵᠢᠯ ᠨᠢᠭᠡᠨᠲᠡ ᠪᠦᠬᠦᠨ ᠢᠶᠠᠷ ᠢᠶᠠᠨ ᠳᠠᠭᠤᠰᠪᠠ᠃
1.jpg
      ᠵᠢᠭᠠᠨ ᠰᠤᠷᠭᠠᠯᠲᠠ ᠶᠢ ᠵᠢᠯᠣᠭᠤᠳᠬᠤ ᠲᠠᠯ᠎ᠠ ᠪᠠᠷ      8 ᠰᠠᠷ᠎ᠠ ᠶᠢᠨ 26 ᠤ ᠡᠳᠦᠷ ᠠᠴᠠ ᠡᠬᠢᠯᠡᠨ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠳᠤ ᠰᠠᠭᠤᠭ᠎ᠠ ᠵᠢᠭᠠᠨ ᠰᠤᠳᠤᠯᠬᠤ ᠠᠵᠢᠯ ᠢ ᠵᠠᠯᠭᠠᠭ᠎ᠠ ᠪᠠᠷ ᠥᠷᠨᠢᠭᠦᠯᠵᠦ᠂ 9 ᠰᠠᠷ᠎ᠠ ᠳᠤ ᠡᠯ᠎ᠡ ᠣᠣᠯ ᠤᠨ ᠦᠨᠳᠦᠰᠦᠲᠡᠨ ᠤ  ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢ ᠬᠠᠪᠰᠤᠷᠤᠨ ᠲᠡᠳᠬᠦᠵᠦ ᠵᠢᠭᠠᠨ ᠵᠢᠯᠣᠭᠤᠳᠬᠤ ᠪᠠᠷ ᠲᠥᠯᠥᠪᠯᠡᠵᠦ ᠪᠣᠶ᠃ ᠣᠶᠢᠷ᠎ᠠ ᠶᠢᠨ ᠬᠤᠭᠤᠴᠠᠭᠠᠨ ᠳᠤ ᠪᠠᠰᠠ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠠᠰᠤ ᠴᠢᠨᠠᠷ ᠢ ᠵᠠᠳᠠᠯᠬᠤ  ᠬᠤᠷᠠᠯ ᠬᠤᠷᠠᠯᠳᠤᠭᠤᠯᠵᠤ᠂ ᠨᠠᠷᠢᠯᠢᠭ ᠣᠨᠣᠪᠴᠢᠳᠠᠢ ᠪᠠᠷ ᠵᠠᠳᠠᠯᠵᠤ᠂ ᠨᠠᠷᠢᠯᠢᠭ ᠣᠨᠣᠪᠴᠢᠳᠠᠢ ᠪᠠᠷ ᠵᠢᠯᠣᠭᠤᠳᠤᠨ᠎ᠠ᠃      ᠰᠣᠷᠪᠣᠯᠵᠢᠯᠠᠭᠴᠢ᠄ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖      ᠶᠤᠸᠠᠢ ᠷᠦᠩ᠄ ᠪᠠᠭᠰᠢ ᠶᠢᠨ ᠬᠦᠴᠦᠨ ᠢ ᠤᠯᠠᠨ ᠠᠷᠭ᠎ᠠ ᠵᠠᠮ ᠢᠶᠠᠷ ᠨᠦᠬᠦᠪᠦᠷᠢᠯᠡᠪᠡ      ᠡᠨᠡ ᠵᠢᠯ᠂ ᠤᠷᠢᠳᠴᠢᠯᠠᠨ ᠪᠣᠯᠵᠣᠵᠤ ᠴᠢᠳᠠᠪᠤᠷᠢᠲᠠᠨ ᠢ ᠲᠠᠲᠠᠬᠤ᠂ ᠠᠵᠢᠯ ᠦᠢᠯᠡᠰ ᠤᠨ ᠨᠢᠭᠡᠴᠡ ᠶᠢᠨ ᠰᠢᠯᠭᠠᠨ ᠡᠯᠰᠡᠬᠦ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠵᠡᠷᠭᠡ ᠠᠷᠭ᠎ᠠ ᠮᠠᠶ᠋ᠢᠭ ᠢᠶᠠᠷ 116 ᠪᠠᠭᠰᠢ ᠡᠯᠰᠡᠵᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠷᠡᠭᠴᠡᠭᠡ ᠶᠢ ᠭᠦᠢᠴᠡᠳ ᠬᠠᠩᠭᠠᠪᠠ᠃ ᠪᠦᠬᠦ ᠠᠶᠢᠮᠠᠭ ᠤᠨ ᠨᠡᠷᠡᠲᠦ ᠰᠤᠷᠭᠠᠭᠤᠯᠢ ᠶᠢᠨ ᠳᠠᠷᠤᠭ᠎ᠠ 2᠂ ᠨᠡᠷᠡᠲᠦ ᠰᠢᠯᠢᠳᠡᠭ ᠪᠠᠭᠰᠢ 4 ᠶᠢ ᠣᠷᠣᠭᠤᠯᠤᠨ ᠠᠪᠴᠢᠷᠠᠵᠤ᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠪᠤᠵᠠᠭᠠᠶᠢᠷᠠᠭᠤᠯᠪᠠ᠃      ᠪᠠᠭᠰᠢ ᠶᠢᠨ  ᠬᠦᠴᠦᠨ ᠢ ᠳᠣᠬᠢᠷᠠᠭᠤᠯᠬᠤ ᠶᠢ ᠰᠢᠯᠢᠳᠡᠭᠵᠢᠭᠦᠯᠪᠡ      ︽︿ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ﹀ ᠬᠠᠪᠰᠤᠷᠤᠨ ᠲᠡᠳᠬᠦᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠢᠳᠡᠷ ᠵᠠᠯᠠᠭᠤ ᠪᠠᠭᠰᠢ ᠨᠠᠷ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠵᠢᠴᠢ ᠪᠠᠭᠰᠢ ᠶᠢᠨ ᠠᠵᠢᠯ ᠤᠨ ᠪᠠᠶᠢᠷᠢ ᠳᠤ ᠡᠭᠡᠯᠵᠢᠯᠡᠨ ᠰᠤᠷᠭᠠᠨ ᠬᠥᠮᠦᠵᠢᠯ ᠢ ᠳᠡᠮᠵᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2024 ᠣᠨ ᠤ ᠰᠤᠷᠤᠯᠭ᠎ᠠ ᠶᠢᠨ ᠬᠤᠭᠤᠴᠠᠭᠠᠨ ᠳᠤ᠂  263 ᠪᠠᠭᠰᠢ ᠰᠣᠯᠢᠯᠴᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠳᠡᠭᠡ ᠲᠣᠰᠬᠤᠨ ᠤ ᠰᠤᠷᠭᠠᠭᠤᠯᠢ ᠪᠠ ᠪᠠᠭᠤᠷᠠᠶ ᠰᠤᠷᠭᠠᠭᠤᠯᠢ ᠲᠡᠰᠢ ᠰᠢᠯᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠤᠰᠢᠭᠤᠨ ᠤ ᠬᠡᠪᠴᠢᠶᠡᠨ ᠳᠠᠬᠢ ᠪᠠᠭᠰᠢ ᠶᠢᠨ ᠲᠡᠩᠴᠡᠭᠦᠷᠢᠲᠡᠶ ᠲᠣᠬᠢᠷᠠᠭᠤᠯᠤᠯᠲᠠ ᠶᠢ ᠲᠦᠷᠬᠡᠨ ᠪᠡᠶᠡᠯᠡᠭᠦᠯᠬᠦ ᠶᠢᠨ ᠬᠠᠮᠲᠤ᠂ ᠪᠤᠭᠤᠲᠤ᠂ ᠣᠷᠳᠣᠰ ᠤᠨ 36 ᠰᠢᠯᠢᠳᠡᠭ ᠪᠠᠭᠰᠢ ᠶᠢ ᠢᠳᠡᠪᠬᠢᠲᠡᠶ ᠵᠣᠬᠢᠴᠠᠭᠤᠯᠵᠤ ᠡᠵᠡᠨ᠎ᠡ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢ ᠳᠡᠮᠵᠢᠬᠦ ᠪᠠᠷ ᠪᠣᠶ᠃      ᠪᠠᠭᠰᠢᠨᠠᠷ ᠢ ᠪᠣᠯᠪᠠᠰᠣᠷᠠᠭᠤᠯᠬᠤ ᠡᠷᠴᠢᠮ ᠢ ᠴᠢᠩᠭᠠᠷᠠᠭᠤᠯᠪᠡ      ᠡᠨᠡ ᠵᠢᠯ ᠠᠴᠠ ᠨᠠᠰᠢ᠂ ᠣᠯᠠᠨ ᠠᠷᠭ᠎ᠠ ᠵᠠᠮ ᠢᠶᠠᠷ 2000 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠵᠤ᠂ 20 ᠰᠢᠯᠢᠳᠡᠭ ᠵᠠᠯᠠᠭᠤ ᠪᠠᠭᠰᠢ ᠶᠢ ᠪᠡᠭᠡᠵᠢᠩ ᠤᠨ ᠴᠢᠨᠠᠷ ᠰᠠᠶᠢᠳᠠᠢ ᠰᠤᠷᠭᠠᠭᠤᠯᠢ ᠳᠤ ᠲᠣᠮᠢᠯᠠᠵᠤ 3 ᠰᠠᠷ᠎ᠠ ᠳᠠᠭᠠᠵᠤ ᠪᠣᠯᠪᠠᠰᠤᠷᠠᠯ ᠬᠢᠯᠭᠡᠵᠦ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠬᠦᠯᠪᠡ᠃ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 2000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ ᠂ ᠨᠠᠭᠠᠳᠤ ᠵᠠᠬ᠎ᠠ ᠳᠠᠭᠠᠨ 30 ᠪᠠᠭᠰᠢ ᠶᠢ ᠲᠣᠮᠢᠯᠠᠨ ᠪᠡᠭᠡᠵᠢᠩ ᠤᠨ ᠰᠤᠷᠭᠠᠭᠤᠯᠢ ᠳᠤ ᠣᠴᠢᠭᠤᠯᠤᠨ ᠨᠢᠭᠡ ᠬᠤᠭᠤᠴᠠᠭᠠᠨ ᠤ ᠳᠠᠭᠠᠵᠤ ᠪᠣᠯᠪᠠᠰᠤᠷᠠᠯ ᠬᠢᠯᠭᠡᠬᠦ ᠪᠠᠷ ᠲᠥᠯᠥᠪᠯᠡᠵᠦ ᠪᠠᠶᠢᠨ᠎ᠠ᠃
2.jpg
     ᠪᠠᠭᠰᠢ ᠶᠢᠨ ᠣᠯᠭᠤᠮᠵᠢ ᠶᠢ ᠪᠠᠳᠣᠯᠠᠬᠤ ᠶᠢ ᠴᠢᠩᠭᠠᠳᠬᠠᠪᠡ     ᠡᠯ᠎ᠡ ᠰᠤᠷᠭᠠᠭᠤᠯᠢ ᠶᠢ ᠵᠢᠯᠣᠭᠤᠳᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠠᠵᠢᠯ ᠬᠢᠵᠦ ᠦᠢᠯᠡᠰ ᠴᠣᠭᠴᠠᠯᠠᠬᠤ ︽ᠴᠤᠭ ᠰᠦᠯᠳᠡ︾ ᠶᠢ ᠬᠥᠭᠵᠢᠭᠡᠪᠡ᠃ 8 ᠳ᠋ᠤᠭᠠᠷ ᠰᠠᠷ᠎ᠠ ᠳᠤ ︽ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠦᠢᠯᠡᠰ ᠤᠨ ᠴᠠᠭᠠᠨ ᠨᠡᠷᠡᠰ︾ ᠢ ᠲᠣᠭᠲᠠᠭᠠᠨ ᠨᠡᠶᠢᠲᠡᠯᠡᠵᠦ᠂ ᠪᠠᠭᠰᠢ ᠶᠢᠨ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠪᠡ᠃ 40 ᠳ᠋ᠦ᠋ᠭᠡᠷ ᠪᠠᠭᠰᠢ ᠶᠢᠨ ᠪᠠᠶᠠᠷ ᠤᠨ ᠡᠳᠦᠷ ᠣᠶᠢᠷᠠᠳᠴᠤ᠂ ᠪᠢᠳᠡ ᠪᠡᠯᠭᠡᠯᠡᠬᠦ ᠶᠡᠭᠡ ᠬᠤᠷᠠᠯ ᠬᠤᠷᠠᠯᠳᠤᠭᠤᠯᠬᠤ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠭᠠᠷᠭᠠᠬᠤ ᠪᠠ ᠪᠠᠶᠠᠷ ᠤᠨ ᠡᠳᠦᠷ ᠤᠨ ᠲᠣᠬᠤᠨᠢᠭᠤᠯᠤᠯ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠵᠡᠷᠭᠡ 10 ᠵᠦᠢᠯ ᠤᠨ ᠤᠬᠠᠭᠤᠯᠭ᠎ᠠ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠨ ᠬᠤᠷᠠᠯᠳᠤᠭᠤᠯᠤᠨ᠎ᠠ᠃     ᠰᠣᠷᠪᠣᠯᠵᠢᠯᠠᠭᠴᠢ᠄ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠬᠢᠴᠠ ᠪᠠ ᠦᠷ᠎ᠡ ᠪᠦᠲᠦᠮᠵᠢ ᠪᠠᠶᠢᠬᠤ ᠪᠤᠢ︖     ᠶᠤᠸᠠᠢ ᠷᠦᠩ᠄ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ ᠠᠬᠢᠭᠤᠯᠬᠤ ᠪᠣᠯ ᠮᠠᠨ ᠤ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢᠯᠠᠨ᠂ ᠬᠡᠷ ᠤᠨ ᠡᠭᠦᠳᠡᠨ ᠳᠠᠬᠢ ᠰᠤᠷᠭᠠᠭᠤᠯᠢ ᠶᠢ ᠴᠢᠷᠮᠠᠶᠢᠨ ᠰᠠᠶᠢᠲᠤᠷ ᠡᠷᠭᠢᠯᠡᠵᠦ᠂ ᠣᠯᠠᠨ ᠲᠦᠮᠡᠨ ᠢ ᠣᠶᠢᠷ᠎ᠠ ᠬᠠᠪᠢ ᠳᠠᠭᠠᠨ ᠰᠠᠶᠢᠨ ᠰᠣᠷᠣᠯᠴᠠᠭᠤᠯᠬᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠠᠶᠢᠮᠠᠭ ᠨᠢᠳᠤᠨᠤᠨ ᠫᠠᠶᠢᠰᠠ ᠡᠯᠭᠦᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢ ᠪᠠᠶᠢᠭᠤᠯᠤᠭᠰᠠᠨ ᠤ ᠳᠠᠷᠠᠭ᠎ᠠ᠂ ᠡᠨᠡ ᠵᠢᠯ ᠪᠠᠰᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ ᠶᠢᠨ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ᠂ ᠵᠢᠯᠣᠭᠤᠳᠬᠤ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠵᠤ᠂ ᠪᠡᠭᠡᠵᠢᠩ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ ᠪᠠᠭᠰᠢ ᠶᠢᠨ ᠠᠵᠢᠯ ᠤᠨ ᠪᠠᠶᠢᠷᠢ ᠶᠢ ᠳᠠᠭᠠᠬᠤ᠂ ᠪᠠᠶᠢᠩᠭᠤ ᠶᠢᠨ ᠵᠢᠭᠠᠨ ᠰᠤᠳᠤᠯᠭᠠᠨ᠂ ᠬᠢᠴᠢᠶᠡᠯ ᠤᠨ ᠪᠠᠶᠢᠭᠤᠯᠤᠯᠲᠠ᠂ ᠰᠤᠷᠤᠭᠴᠢᠳ ᠤᠨ ᠰᠣᠯᠢᠯᠴᠠᠭ᠎ᠠ ᠵᠡᠷᠭᠡ ᠣᠯᠠᠨ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤ ᠪᠠᠷ ᠪᠠᠶᠢᠭᠤᠯᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠪᠡ᠃  
3.jpg    
     ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠥᠯᠥᠭᠡᠯᠡᠬᠦ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠶᠢᠳᠠᠨ ᠬᠠᠮᠢᠶᠠᠷᠣᠭᠤᠯᠬᠤ᠂ ᠣᠯᠠᠨ ᠬᠠᠤᠯᠢ ᠶᠢᠨ ᠡᠷᠬᠡᠲᠡᠨ ᠢ ᠵᠣᠬᠢᠶᠠᠨ ᠪᠠᠶᠢᠭᠤᠯᠬᠤ᠂ ᠠᠳᠠᠯᠢ ᠰᠣᠷᠣᠯᠭ᠎ᠠ ᠶᠢᠨ ᠱᠠᠳᠣ᠂ ᠰᠤᠷᠤᠯᠭ᠎ᠠ ᠶᠢᠨ ᠱᠠᠲᠤ  ᠠᠯᠣᠰᠯᠠᠬᠤ᠂ ᠣᠷᠣᠨ ᠪᠦᠰᠡ ᠠᠯᠣᠰᠯᠠᠬᠤ ᠵᠡᠷᠭᠡ ᠰᠤᠷᠭᠠᠭᠤᠯᠢ ᠡᠷᠭᠢᠯᠡᠬᠦ ᠣᠯᠠᠨ ᠶᠠᠩᠵᠤ ᠶᠢᠨ ᠬᠡᠯᠪᠡᠷᠢ ᠶᠢ ᠠᠪᠴᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠪᠠ ᠠᠰᠢᠭ ᠭᠥᠷᠳᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ 2025 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠬᠠᠮᠣᠷᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂  ᠣᠣᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢ ᠬᠠᠮᠣᠷᠬᠤ ᠨᠣᠷᠮ᠎ᠠ ᠶᠢ 100% ᠳᠤ ᠬᠦᠷᠦᠭᠦᠯᠬᠦ ᠪᠠᠷ ᠲᠥᠯᠥᠪᠯᠡᠵᠦ ᠪᠠᠶᠢᠨ᠎ᠠ᠃ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号