ᠪᠠᠶ ᠬᠠᠶ ᠯᠢᠨ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/20
    9 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ ᠭᠡᠷ ᠲᠤ ᠭᠦᠨᠵᠡᠭᠡᠶᠢᠷᠡᠵᠦ᠂ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠪᠣᠯᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠳᠠᠯᠠᠨ ᠳᠠᠪᠣᠨ ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠪᠡᠯᠡᠳᠬᠡᠵᠦ ᠪᠠᠶᠢᠭ᠎ᠠ ᠪᠠᠶᠢᠳᠠᠯ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠥᠷᠨᠢᠭᠦᠯᠪᠡ᠃
1.jpg
     ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠂ ᠪᠠᠶ ᠬᠠᠶ ᠯᠢᠨ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ᠂ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ︽ᠠᠷᠪᠠᠨ ᠰᠠᠷ᠎ᠠ ᠶᠢᠨ ᠨᠢᠭᠡᠨ︾ ᠤ ᠠᠮᠠᠷᠠᠯᠳᠠ  ᠳᠠᠬᠢ ᠣᠯᠠᠨ ᠲᠦᠮᠡᠨ ᠪᠣᠯᠤᠨ ᠵᠤᠭᠠᠴᠠᠭᠰᠠᠳ ᠤᠨ ᠬᠡᠷᠡᠭᠯᠡᠭᠡᠨ ᠤ ᠬᠡᠷᠡᠭᠴᠡᠭᠡ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠬᠢᠨᠠᠨ ᠬᠡᠮᠵᠢᠵᠦ ᠲᠣᠬᠢᠷᠠᠭᠤᠯᠬᠤ ᠪᠠᠨ ᠴᠢᠩᠭᠠᠳᠬᠠᠨ᠂ ᠬᠠᠩᠭᠠᠨ ᠪᠣᠷᠣᠯᠠᠭᠤᠯᠬᠤ ᠠᠷᠭ᠎ᠠ ᠵᠠᠮ ᠢᠶᠠᠨ ᠰᠢᠯᠤᠭᠤᠳᠬᠠᠵᠤ᠂ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠴᠢᠨᠠᠷ ᠰᠠᠶᠢᠳᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠳᠡᠭᠡᠨ ᠤ ᠵᠦᠢᠯ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠬᠤᠭᠤᠯᠠᠨ ᠭᠡᠷ ᠬᠤᠨᠤᠭ ᠪᠠᠭᠤᠳᠠᠯ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠢ ᠪᠠᠶᠢᠩᠭᠤ ᠰᠤᠭᠤᠴᠢᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠴᠡᠭᠴᠡᠯᠡᠨ ᠵᠠᠰᠠᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ 12315 ᠤᠲᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠡᠷᠡᠭᠯᠡᠭᠴᠢᠳ ᠤᠨ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠢᠳᠡᠪᠬᠢᠲᠡᠶ ᠲᠣᠬᠢᠲᠠᠶ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠪᠡ᠃
2.jpg
    ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠵᠢᠯᠳᠠ ᠶᠢᠨ ᠬᠤᠷᠢᠶᠠᠨ ᠤ ᠠᠯᠪᠠᠨ ᠭᠡᠷ ᠲᠤ᠂ ᠪᠠᠢ ᠬᠠᠢ ᠯᠢᠨ᠂ ᠴᠢᠬᠤᠯᠠ ᠴᠠᠭ ᠬᠤᠭᠤᠴᠠᠭ᠎ᠠ ᠪᠣᠯᠤᠨ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠪᠠ ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡᠷᠡᠭᠦᠯᠵᠦ᠂ ᠡᠷᠲᠡᠬᠡᠨ ᠠᠷᠭᠠᠴᠠᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠶ᠎ᠡ ᠵᠣᠬᠢᠴᠠᠩᠭᠤᠢ ᠪᠠᠶᠢᠳᠠᠯ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
3.jpg
    ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠂ ᠪᠠᠶ ᠬᠠᠶ ᠯᠢᠨ ᠨᠡᠶᠢᠭᠡᠮ ᠤᠨ ᠠᠮᠤᠷ ᠲᠦᠪᠰᠢᠨ᠂ ᠨᠢᠭᠡ ᠴᠣᠭᠴᠠᠵᠢᠭᠰᠠᠨ ᠠᠵᠢᠯᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ᠂ ᠵᠤᠭ᠎ᠠ ᠴᠡᠩᠭᠡᠯ ᠤᠨ ᠭᠠᠵᠠᠷ᠂ ᠴᠢᠯᠦᠭᠡᠳᠦ ᠳᠡᠯᠭᠡᠭᠦᠷ ᠵᠡᠷᠭᠡ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠡᠭᠡᠯᠢ ᠭᠤᠳᠤᠮᠵᠢ ᠶᠢ ᠴᠠᠭᠳᠠᠬᠤ ᠨᠣᠷᠮ᠎ᠠ ᠶᠢ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠵᠠᠮ ᠤᠨ ᠬᠡᠰᠡᠭ ᠤᠨ ᠰᠡᠷᠡᠮᠵᠢᠯᠡᠭᠦᠯᠬᠦ᠂ ᠵᠠᠯᠠᠵᠤ ᠵᠢᠯᠣᠭᠤᠳᠬᠤ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠠᠮᠤᠷ ᠲᠦᠪᠰᠢᠨ ᠢ ᠪᠠᠳᠣᠯᠠᠬᠤ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠦᠢᠯᠡᠴᠢᠯᠡᠭᠡᠨ ᠤ ᠠᠵᠢᠯ ᠢ ᠲᠣᠪᠤᠶᠢᠮ᠎ᠠ ᠰᠠᠶᠢᠲᠤᠷ ᠬᠢᠬᠦ ᠬᠡᠷᠡᠭᠲᠡᠶ᠃ ᠰᠢᠨ᠎ᠡ ᠮᠡᠷᠭᠡᠵᠢᠯ᠂ ᠰᠢᠨ᠎ᠡ ᠠᠷᠭ᠎ᠠ ᠪᠠᠷᠢᠯ᠂ ᠰᠢᠨ᠎ᠡ ᠵᠠᠭᠪᠤᠷ ᠢ ᠨᠡᠶᠢᠳᠬᠡᠨ ᠬᠡᠷᠡᠭᠯᠡᠵᠦ᠂ ᠤᠶᠤᠨᠴᠢᠯᠠᠭᠰᠠᠨ ᠳᠣᠭᠳᠠᠯᠴᠠᠭ᠎ᠠ ᠶᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠣᠨᠣᠪᠴᠢᠳᠠᠢ ᠴᠣᠬᠢᠯᠲᠠ ᠥᠭᠬᠦ ᠪᠠ ᠬᠥᠳᠡᠯᠦᠩᠭᠦᠢ ᠪᠠᠷ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠶ᠃
4.jpg
    ᠯᠢ ᠵᠢᠶᠦ᠋ᠨ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号