ᠠᠯᠠᠱᠠ ᠠᠶᠢᠮᠠᠭ ᠤᠨ ᠠᠩᠬᠠᠳᠠᠭᠴᠢ ᠬᠡᠭᠡᠷ᠎ᠡ ᠶᠢᠨ ᠲᠤᠷᠰᠢᠯᠲᠠ ᠶᠢᠨ ᠲᠠᠪᠴᠠᠩ ᠵᠢᠷᠠᠲᠠᠢ ᠳᠤ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2024/9/20
    ᠤᠯᠠᠨ ᠶᠠᠩᠵᠦᠳᠦ ᠠᠮᠢ ᠠᠬᠤᠢ ᠶᠢᠨ ᠰᠢᠰᠲ᠋ᠧᠮ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠠᠯᠠᠱᠠ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠠᠴᠠ ᠠᠯᠠᠱᠠ ᠵᠡᠭᠦᠨ ᠬᠤᠰᠢᠭᠤᠨ ᠤ ᠵᠢᠷᠠᠲᠠᠢ ᠶᠢᠨ ᠴᠦᠯᠯᠡᠷᠬᠡᠭ ᠠᠮᠢ ᠠᠬᠤᠢ ᠶᠢᠨ ᠰᠢᠰᠲ᠋ᠧᠮ ᠤᠨ ᠪᠠᠶᠢᠷᠢ ᠲᠣᠭᠲᠠᠭᠠᠨ ᠠᠵᠢᠭᠯᠠᠨ ᠰᠢᠨᠵᠢᠬᠦ ᠰᠤᠳᠤᠯᠭᠠᠨ ᠤ ᠦᠷᠲᠡᠭᠡ ᠳᠤ FACE ᠰᠢᠰᠲ᠋ᠧᠮ ᠤᠨ ᠲᠤᠷᠰᠢᠯᠲᠠ ᠶᠢᠨ ᠲᠠᠪᠴᠠᠩ ᠪᠠᠶᠢᠭᠤᠯᠪᠠ᠃    ᠲᠣᠰ ᠲᠠᠪᠴᠠᠩ ᠪ᠊ ‍ᠣᠯ ᠠᠯᠠᠱᠠ ᠠᠶᠢᠮᠠᠭ  ᠤᠨ ᠭᠠᠩ ᠬᠠᠭᠤᠷᠠᠢ ᠴᠦᠯᠯᠡᠷᠬᠡᠭ ᠣᠷᠣᠨ ᠤ ᠠᠩᠬᠠᠳᠠᠭᠴᠢ ᠬᠡᠭᠡᠷ᠎ᠡ   ᠶᠢᠨ ᠲᠤᠷᠰᠢᠯᠲᠠ  ᠶᠢᠨ ᠲᠠᠪᠴᠠᠩ ᠪᠠᠶᠢᠵᠦ᠂ ᠴᠦᠯᠯᠡᠷᠬᠡᠭ ᠠᠮᠢ ᠠᠬᠤᠢ  ᠶᠢᠨ ᠰᠢᠰᠲ᠋ᠧᠮ  ᠢ ᠬᠢᠨᠠᠨ ᠬᠡᠮᠵᠢᠬᠦ᠂ ᠰᠤᠳᠤᠯᠬᠤ᠂ ᠵᠢᠱᠢᠶ᠎ᠡ ᠦᠵᠡᠭᠦᠯᠬᠦ ᠪᠠ ᠦᠢᠯᠡᠴᠢᠯᠡᠬᠦ  ᠳᠤ ᠲᠤᠭ᠎ᠠ ᠪᠠᠷᠢᠮᠲᠠ  ᠶᠢᠨ ᠲᠤᠯᠭᠠᠭᠤᠷᠢᠯᠠᠯ ᠬᠠᠩᠭᠠᠨ᠂ ᠠᠯᠠᠱᠠ ᠶᠢᠨ ᠠᠮᠢ ᠠᠬᠤᠢ ᠶᠢᠨ ᠣᠷᠴᠢᠨ  ᠢ ᠰᠡᠷᠭᠦᠭᠡᠬᠦ  ᠪᠠ ᠳᠠᠬᠢᠨ ᠪᠦᠲᠦᠭᠡᠨ ᠪᠠᠶᠢᠭᠤᠯᠬᠤ ᠶᠢ ᠠᠬᠢᠭᠤᠯᠬᠤ ᠪᠤᠯᠤᠨ᠎ᠠ᠃    FACE ᠰᠢᠰᠲ᠋ᠧᠮ ᠤᠨ ᠲᠤᠷᠰᠢᠯᠲᠠ ᠶᠢᠨ ᠲᠠᠪᠴᠠᠩ ᠳᠤ᠂ ᠠᠵᠢᠯᠲᠠᠳ ᠨᠠᠢᠮᠠᠨ ᠲᠠᠯᠠᠲᠤ ᠬᠠᠶᠢᠷᠴᠠᠭ ᠲᠠᠬᠢ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠤᠨ ᠡᠵᠡᠮᠰᠢᠯ ᠤᠨ ᠰᠢᠰᠲ᠋ᠧᠮ᠂ ᠲᠤᠭ᠎ᠠ ᠪᠠᠷᠢᠮᠲᠠ ᠴᠤᠭᠯᠠᠭᠤᠯᠬᠤ ᠮᠠᠰᠢᠨ ᠵᠡᠷᠭᠡ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠪᠠᠶᠢᠯ᠎ᠠ᠃ ᠠᠵᠢᠯᠳᠠᠨ ᠠᠴᠠ᠂ ᠲᠣᠰ ᠰᠢᠰᠲ᠋ᠧᠮ ᠳᠤ ᠣᠳᠣᠬᠠᠨ ᠳᠤ 3 ᠴᠢᠩᠭᠠᠷᠠᠭᠤᠯᠤᠭᠰᠠᠨ ᠣᠷᠣᠨ ᠪᠠ 3 ᠬᠠᠷᠢᠴᠠᠭᠤᠯᠤᠭᠰᠠᠨ ᠣᠷᠣᠨ ᠤ OTC ᠲᠣᠨᠣᠭᠯᠠᠯ ᠲᠠᠢ᠂ ᠰᠢᠰᠲ᠋ᠧᠮ ᠤᠨ ᠳᠣᠲᠣᠭᠠᠳᠤ ᠶᠢᠨ ᠰᠠᠯᠬᠢ ᠨᠡᠪᠲᠡᠷᠡᠬᠦ᠂ ᠬᠡᠷᠡᠯ ᠲᠤᠰᠬᠤ᠂ ᠳᠤᠯᠠᠭᠠᠨ ᠤ ᠬᠡᠮᠵᠢᠶ᠎ᠡ᠂ ᠴᠢᠭᠢᠭᠲᠦᠴᠡ ᠵᠡᠷᠭᠡ ᠨᠥᠬᠦᠴᠡᠯ ᠨᠢ ᠪᠠᠶᠢᠭᠠᠯᠢ ᠶᠢᠨ ᠠᠮᠢ ᠠᠬᠤᠢ ᠣᠷᠴᠢᠨ ᠲᠣᠭᠤᠷᠢᠨ ᠲᠠᠢ ᠨᠢᠭᠡᠳᠦᠯᠲᠡᠢ ᠪᠠᠶᠢᠳᠠᠭ᠃ ᠳᠡᠳᠡᠬᠡᠷ ᠨᠢ ᠢᠷᠡᠭᠡᠳᠦᠢ ᠶᠢᠨ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠨᠡᠮᠡᠭᠳᠡᠭᠰᠡᠨ ᠪᠢᠴᠢᠯ ᠠᠮᠢ ᠠᠬᠤᠢ ᠶᠢᠨ ᠳᠠᠭᠤᠷᠢᠶᠠᠮᠠᠯ ᠣᠷᠴᠢᠨ ᠢ ᠡᠭᠦᠳᠴᠦ᠂ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠤᠨ ᠨᠡᠮᠡᠭᠳᠡᠯ ᠤᠨ ᠳᠠᠭᠤᠷᠢᠶᠠᠮᠠᠯ ᠲᠤᠷᠰᠢᠯᠲᠠ ᠶᠢ ᠬᠢᠵᠦ ᠪᠣᠯᠣᠨ᠎ᠠ᠃ ᠣᠳᠣᠬᠠᠨ ᠳᠤ᠂ ᠲᠣᠰ ᠲᠤᠷᠰᠢᠯᠲᠠ ᠶᠢᠨ ᠲᠠᠪᠴᠠᠩ ᠨᠢ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠢ ᠡᠵᠡᠮᠳᠡᠬᠦ ᠰᠢᠰᠲ᠋ᠧᠮ᠂ ᠬᠡᠢ ᠶᠢᠨ ᠰᠠᠪᠠ ᠶᠢᠨ ᠬᠡᠢ ᠬᠠᠩᠭᠠᠬᠤ ᠵᠢᠴᠢ ᠥᠯᠢᠭᠡᠷ ᠠᠪᠬᠤ ᠰᠢᠰᠲ᠋ᠧᠮ᠂ OTC ᠵᠢᠴᠢ ᠨᠦᠯᠦᠭᠡᠯᠡᠬᠦᠷ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠡᠢ ᠬᠡᠵᠦ ᠳᠠᠨᠢᠯᠴᠠᠭᠤᠯᠤᠯ᠎ᠠ᠃    ︽ᠲᠤᠰ ᠲᠠᠪᠴᠠᠩ ᠳᠤ ᠰᠠᠭᠤᠷᠢᠯᠠᠨ᠂ ᠬᠥᠷᠥᠰᠥ ᠰᠢᠷᠣᠢ — ᠤᠷᠭᠤᠮᠠᠯ ᠤᠨ ᠰᠢᠰᠲ᠋ᠧᠮ ᠤᠨ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠤᠨ ᠬᠤᠪᠢᠷᠠᠯᠲᠠ ᠶᠢ ᠳᠠᠭᠠᠬᠤ ᠰᠤᠳᠤᠯᠭᠠᠨ ᠢ ᠦᠷᠨᠢᠬᠦᠯᠵᠦ᠂ ᠡᠭᠦᠨ ᠤ ᠤᠯᠠᠮ ᠠᠴᠠ ᠢᠷᠡᠭᠡᠳᠦᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠭᠠᠩ ᠬᠠᠭᠤᠷᠠᠢ ᠴᠦᠯᠯᠡᠷᠬᠡᠭ ᠣᠷᠣᠨ ᠤ ᠤᠷᠭᠤᠮᠠᠯ ᠢ ᠨᠥᠯᠥᠭᠡᠯᠡᠬᠦ ᠵᠢᠮ᠎ᠡ ᠶᠣᠰᠣ ᠪᠠ ᠳᠠᠭᠠᠬᠤ ᠲᠣᠭᠲᠠᠴᠠ ᠶᠢ ᠢᠯᠡᠷᠡᠬᠦᠯᠬᠦ ᠨᠢ᠂ ᠭᠠᠩ ᠬᠠᠭᠤᠷᠠᠢ ᠴᠦᠯᠯᠡᠷᠬᠡᠭ ᠣᠷᠣᠨ ᠤ ᠣᠶ ᠰᠢᠭᠤᠢ ᠨᠣᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠰᠤᠳᠤᠯᠭᠠᠨ ᠵᠢᠴᠢ ᠴᠦᠯᠯᠡᠷᠬᠡᠭ ᠣᠷᠣᠨ ᠤ ᠤᠷᠭᠤᠮᠠᠯ ᠤᠨ ᠬᠤᠴᠢᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ᠂ ᠬᠠᠮᠢᠶᠠᠷᠬᠤ ᠪᠠ ᠬᠥᠭᠵᠢᠭᠦᠯᠬᠦ ᠳᠤ ᠠᠰᠢᠭᠲᠠᠢ ᠶᠤᠮ︾ ᠭᠡᠵᠦ ᠠᠶᠢᠮᠠᠭ ᠤᠨ ᠤᠢ ᠰᠢᠭᠤᠢ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠵᠠᠩ ᠵᠧᠨ ᠳᠠᠶᠢᠯᠪᠦᠷᠢᠯᠡᠵᠦ ᠶᠠᠷᠢᠯ᠎ᠠ᠃    ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠵᠢᠷᠠᠲᠠᠢ ᠶᠢ ᠰᠣᠩᠭᠤᠭᠰᠠᠨ ᠨᠢ ᠵᠢᠷᠠᠲᠠᠢ ᠶᠢᠨ ᠭᠠᠵᠠᠷ ᠵᠦᠢ ᠶᠢᠨ ᠪᠠᠶᠢᠷᠢᠯᠠᠯ ᠨᠢ ᠵᠡᠭᠦᠨᠰᠢ ᠪᠠᠨ ᠤᠯᠠᠭᠠᠨᠪᠤᠬ᠎ᠠ ᠡᠯᠡᠰᠦ᠂ ᠪᠠᠷᠠᠭᠤᠨ ᠡᠮᠦᠨᠡᠰᠢ ᠲᠡᠭᠷᠢ ᠡᠯᠡᠰᠦ ᠲᠠᠢ ᠵᠠᠯᠭᠠᠯᠳᠤᠵᠦ᠂ ᠵᠡᠭᠦᠨ ᠬᠤᠶᠢᠰᠢ ᠪᠠᠨ ᠪᠣᠷᠣᠳᠣᠬᠤᠢ ᠶᠢᠨ ᠲᠠᠯ᠎ᠠ ᠭᠠᠵᠠᠷ ᠲᠠᠢ ᠬᠤᠯᠪᠤᠯᠳᠤᠨ᠂ ᠪᠠᠷᠠᠭᠤᠨ ᠬᠤᠶᠢᠳᠦ ᠪᠠ ᠵᠡᠭᠦᠨ ᠡᠮᠦᠨ᠎ᠠ ᠳᠠᠯ᠎ᠠ ᠳᠤᠨᠢ ᠪᠠᠶ᠋ᠬᠠᠠᠭᠤᠯᠠ ᠪᠠ ᠠᠯᠠᠱᠨ ᠠᠭᠤᠯᠠ ᠪᠠᠶᠢᠷᠢᠯᠠᠵᠦ᠂ ᠵᠡᠭᠦᠨ ᠠᠽᠢᠶ᠎ᠠ ᠶᠢᠨ ᠤᠯᠠᠷᠢᠯ ᠤᠨ ᠰᠠᠯᠬᠢᠨ ᠤ ᠤᠷᠤᠨ ᠤ ᠵᠠᠬ᠎ᠠ ᠳᠠᠬᠢ ᠭᠠᠩ ᠬᠠᠭᠤᠷᠠᠢ ᠪᠠ ᠬᠠᠭᠠᠰ ᠭᠠᠨᠭ᠌ ᠬᠠᠭᠤᠷᠠᠢ ᠠᠭᠤᠷ ᠠᠮᠢᠰᠬᠤᠯ ᠤᠨ ᠰᠢᠯᠵᠢᠯᠲᠡ ᠶᠢᠨ ᠪᠦᠰᠡ ᠳᠤ ᠣᠷᠣᠰᠢᠵᠤ ᠪᠠᠶᠢᠭ᠎ᠠ ᠠᠴᠠ ᠪᠣᠯᠤᠭᠰᠠᠨ ᠶᠤᠮ᠃ ᠡ᠊ᠨᠳᠡ ᠣᠷᠳᠣ ᠬᠤᠭᠤᠴᠠᠭᠠᠨ ᠤ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠯᠲᠠ ᠥᠷᠨᠢᠭᠦᠯᠬᠦ ᠨᠢ ᠭᠠᠩ ᠬᠠᠭᠤᠷᠠᠢ ᠴᠦᠯᠯᠡᠷᠬᠡᠭ ᠣᠷᠣᠨ ᠤ ᠤᠷᠭᠤᠮᠠᠯ ᠤᠨ ᠢᠷᠡᠭᠡᠳᠦᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠳᠠᠭᠠᠬᠤ ᠲᠣᠭᠲᠠᠴᠠ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠢ ᠢᠯᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠲᠣᠰ ᠲᠤᠷᠰᠢᠯᠲᠠ ᠶᠢᠨ ᠲᠠᠪᠴᠠᠩ ᠨᠢ ᠠᠯᠠᠱᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠠᠵᠢᠯ ᠳᠤ ᠬᠡᠷᠡᠭᠯᠡᠵᠦ ᠪᠤᠯᠬᠤ ᠪᠠᠷ ᠪᠠᠷᠠᠬᠤ ᠦᠭᠡᠢ ᠪᠠᠰᠠ ᠨᠠᠩ ᠥᠷᠭᠡᠨ ᠳᠡᠯᠭᠡᠷ ᠠᠮᠢ ᠠᠬᠤᠢ ᠶᠢᠨ ᠬᠦᠷᠢᠶᠡᠨ ᠳᠠᠬᠢ ᠰᠤᠳᠤᠯᠭᠠᠨ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠬᠤ ᠪᠤᠯᠤᠨ᠎ᠠ᠃ ᠣᠳᠣᠬᠠᠨ ᠳᠤ᠂ ᠲᠤᠷᠰᠢᠯᠲᠠ ᠶᠢᠨ ᠲᠠᠪᠴᠠᠩ ᠤᠨ ᠴᠤᠭᠯᠠᠭᠤᠯᠤᠭᠰᠠᠨ ᠲᠤᠭ᠎ᠠ ᠪᠠᠷᠢᠮᠲᠠ ᠶᠢ ᠭᠠᠩ ᠬᠠᠭᠤᠷᠠᠢ ᠣᠷᠣᠨ ᠤ ᠠᠮᠢ ᠠᠬᠤᠢ ᠶᠢᠨ ᠰᠢᠰᠲ᠋ᠧᠮ ᠤᠨ ᠠᠩᠬᠠᠨ ᠤ ᠱᠠᠲᠤᠨ ᠤ ᠦᠢᠯᠡᠳᠪᠦᠷᠢᠯᠡᠯ ᠤᠨ ᠬᠦᠴᠦᠨ ᠪᠠ ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠶᠢᠨ ᠳᠤᠮᠳᠠ ᠣᠷᠳᠣ ᠬᠤᠭᠤᠴᠠᠭᠠᠨ ᠤ ᠬᠥᠳᠡᠯᠦᠩᠭᠦᠢ ᠵᠠᠭᠪᠤᠷ ᠤᠨ ᠵᠢᠱᠢᠯᠲᠡ᠂ ᠨᠡᠭᠦᠷᠡᠰᠦᠲᠥ᠋ᠷᠥᠭᠴᠢ ᠶᠢᠨ ᠡᠷᠭᠢᠯᠲᠡ ᠶᠢᠨ ᠶᠠᠪᠤᠴᠠ ᠪᠠ ᠡᠬᠢ ᠬᠤᠷᠠᠮᠳᠤᠯ ᠤᠨ ᠬᠥᠳᠡᠯᠦᠩᠭᠦᠢ ᠪᠠᠶᠢᠳᠠᠯ ᠵᠡᠷᠭᠡ ᠴᠢᠬᠤᠯᠠ ᠬᠦᠷᠢᠶᠡᠨ ᠳᠠᠬᠢ ᠰᠤᠳᠤᠯᠭᠠᠨ ᠳᠤ ᠬᠡᠷᠡᠭᠯᠡᠬᠦ ᠪᠣᠯᠣᠨ᠎ᠠ᠃ ᠬᠡᠭᠡᠷ᠎ᠡ ᠶᠢᠨ ᠪᠠᠶᠢᠭᠠᠯᠢ ᠶᠢᠨ ᠨᠥᠬᠦᠴᠡᠯ ᠳᠣᠣᠷᠠᠬᠢ ᠠᠮᠢ ᠠᠬᠤᠢ ᠶᠢᠨ ᠰᠢᠰᠲ᠋ᠧᠮ ᠤᠨ ᠳᠤᠯᠠᠭᠠᠨ ᠤ ᠨᠡᠮᠡᠭᠳᠡᠯ ᠤᠨ ᠲᠤᠷᠰᠢᠯᠲᠠ᠂ ᠪᠦᠬᠦ ᠪᠥᠮᠪᠥᠷᠴᠡᠭ ᠤᠨ ᠳᠤᠯᠠᠭᠠᠷᠠᠯ ᠪᠠ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ ᠬᠠᠷᠢᠴᠠᠭ᠎ᠠ ᠶᠢ ᠰᠤᠳᠤᠯᠬᠤ ᠭᠤᠣᠯ ᠠᠷᠭ᠎ᠠ ᠶᠢᠨ ᠨᠢᠭᠡ ᠪᠣᠯᠣᠨ᠎ᠠ᠂ ᠰᠤᠳᠤᠯᠭᠠᠨ ᠤ ᠦᠷ᠎ᠡ ᠳ᠋ᠦᠩ ᠨᠢ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ ᠪᠦᠲᠦᠴᠡ ᠪᠠ ᠴᠢᠳᠠᠮᠵᠢ ᠶᠢᠨ ᠳᠤᠮᠳᠠ ᠤᠷᠲᠤ ᠬᠤᠭᠤᠴᠠᠭᠠᠨ ᠤ ᠬᠥᠳᠡᠯᠦᠩᠭᠦᠢ ᠵᠠᠭᠪᠤᠷ ᠢ ᠲᠥᠰᠥᠭᠡᠯᠡᠬᠦ ᠪᠠ ᠰᠢᠯᠭᠠᠨ ᠪᠠᠲᠤᠯᠠᠬᠤ ᠳᠤ ᠵᠠᠩᠭᠢᠯᠠᠭ᠎ᠠ ᠶᠢᠨ ᠪᠣᠯᠵᠣᠯᠲᠤ ᠲᠤᠭ᠎ᠠ᠂ ᠣᠷᠣᠨ ᠬᠤᠪᠢᠶᠠᠷᠢᠯᠠᠯ ᠪᠠ ᠬᠡᠮᠵᠢᠶᠡᠵᠢᠭᠦᠯᠦᠭᠰᠡᠨ ᠭᠠᠩ ᠬᠠᠭᠤᠷᠠᠢ ᠣᠷᠣᠨ ᠤ ᠠᠮᠢ ᠠᠬᠤᠢ ᠶᠢᠨ ᠰᠢᠰᠲ᠋ᠧᠮ ᠤᠨ ᠪᠦᠬᠦ ᠪᠥᠮᠪᠥᠷᠴᠡᠭ ᠤᠨ ᠳᠤᠯᠠᠭᠠᠷᠠᠯ ᠢ ᠳᠠᠭᠠᠬᠤ ᠪᠠ ᠵᠣᠬᠢᠴᠠᠬᠤ ᠲᠣᠭᠲᠠᠴᠠ ᠶᠢᠨ ᠲᠤᠬᠠᠢ ᠣᠶᠢᠯᠠᠭᠠᠯᠲᠠ ᠶᠢ ᠬᠠᠩᠭᠠᠬᠤ ᠪᠣᠯᠣᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号