ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/9/23
    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠳᠠᠯᠠᠨ ᠳᠠᠪᠣᠨ ᠵᠢᠯ ᠤᠨ ᠣᠶ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠤᠭᠤᠴᠠᠭ᠎ᠠ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠪᠠ ᠬᠡᠤᠬᠡᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠠ ᠬᠤᠲᠠ ᠶᠢᠨ ᠳᠡᠷᠭᠡᠳᠡᠬᠢ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃
1.jpg
     ᠰᠢᠶᠤᠤ ᠰᠢᠨ ᠶᠤᠸᠠᠨ ᠡᠷᠡᠭᠦᠯᠵᠢᠯ ᠤᠨ ᠲᠥᠪ᠂ ᠠᠯᠠᠱᠠ ᠠᠶᠢᠮᠠᠭ ᠤᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ᠂ ᠪᠠᠶ ᠬᠠᠶ ᠯᠢᠨ ᠪᠠᠶᠢᠭᠤᠯᠤᠮᠵᠢ ᠶᠢᠨ ᠡᠵᠡᠩᠨᠡᠯᠲᠡ ᠪᠥᠲᠥᠭᠡᠨ ᠪᠠᠶᠢᠭᠤᠯᠤᠯᠲᠠ᠂ ᠡᠳᠦᠷ ᠲᠤᠲᠤᠮ ᠤᠨ ᠬᠠᠮᠢᠶᠠᠷᠤᠯᠲᠠ᠂ ᠠᠮᠤᠷ ᠲᠦᠪᠰᠢᠨ ᠤ ᠰᠡᠷᠭᠡᠶᠢᠯᠡᠯᠲᠡ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠠᠰᠤᠲᠠᠶᠢᠴᠤᠳ ᠪᠣᠯᠤᠨ ᠬᠡᠤᠬᠡᠳ ᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠪᠠ᠃ ᠲᠡᠷᠡ᠂ ︽ᠨᠠᠰᠤᠲᠠᠨ ᠨᠢᠯᠬᠠᠰ︾ ᠲᠤ ᠬᠦᠷᠳᠡᠭᠡᠬᠦ ᠬᠠᠶᠢᠷ᠎ᠠ ᠬᠠᠯᠠᠮᠵᠢ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠃ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ︽ᠡᠮᠴᠢᠯᠡᠭᠡ᠂ ᠰᠤᠪᠢᠯᠠᠯᠲᠠ᠂ ᠡᠷᠡᠭᠦᠯᠵᠢᠯ᠂ ᠬᠠᠮᠠᠭᠠᠯᠠᠯᠲᠠ᠂ ᠰᠡᠷᠭᠡᠶᠢᠯᠡᠯᠲᠡ︾ ᠪᠥᠬᠦ ᠲᠠᠯ᠎ᠠ ᠶᠢᠨ ᠦᠢᠯᠡᠴᠢᠯᠡᠭᠡᠨ ᠤ  ᠳᠣᠭᠳᠠᠯᠴᠠᠭ᠎ᠠ ᠶᠢ ᠪᠦᠷᠢᠨᠰᠢᠬᠦᠯᠤᠨ᠂ ᠬᠤᠨᠤᠬᠤ ᠰᠠᠭᠤᠬᠤ ᠢᠳᠡᠬᠦ ᠣᠣᠭᠤᠬᠤ᠂ ᠠᠮᠢᠳᠤᠷᠠᠯ ᠤᠨ ᠰᠤᠪᠢᠯᠠᠯᠲᠠ᠂ ᠰᠣᠶᠣᠯ ᠵᠤᠭ᠎ᠠ ᠴᠡᠩᠭᠡᠯ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠨᠠᠰᠤᠲᠠᠶᠢᠴᠤᠳ ᠤᠨ ᠠᠮᠢᠳᠤᠷᠠᠯ ᠢ ᠰᠡᠳᠬᠢᠯ ᠳᠡᠯᠪᠢᠨ ᠰᠠᠶᠢᠲᠤᠷ ᠬᠠᠷᠠᠭᠠᠯᠵᠠᠵᠤ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ᠂ ᠪᠡᠯᠡ ᠮᠥᠩᠭᠦ ᠵᠡᠷᠭᠡ ᠲᠠᠯ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠ ᠠᠰᠠᠷᠠᠮᠵᠢ ᠶᠢᠨ ᠦᠢᠯᠡᠰ ᠤᠨ ᠨᠡᠩ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
2.jpg
    ᠰᠢᠨᠬᠤᠸᠠ ᠵᠡᠭᠡᠯᠢ ᠭᠤᠳᠤᠮᠵᠢ ᠪᠣᠯᠤᠨ ᠨᠠᠨ ᠲᠢᠶᠠᠨ ᠨᠡᠶᠢᠭᠡᠮ ᠲᠣᠭᠤᠷᠢᠭ ᠲᠤ᠂ ᠪᠠᠢ ᠬᠠᠢ ᠯᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠡᠭᠡᠯᠢ ᠭᠤᠳᠤᠮᠵᠢ ᠪᠣᠯ ᠦᠨᠳᠦᠰᠦᠨ ᠱᠠᠲᠤᠨ ᠤ ᠵᠠᠰᠠᠯᠲᠠ ᠶᠢᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠂ ᠨᠡᠶᠢᠭᠡᠮ ᠲᠣᠭᠤᠷᠢᠭ ᠪᠣᠯ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠮᠥᠨ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠣᠶᠤᠨ ᠴᠢᠳᠠᠯ ᠢᠶᠠᠨ ᠭᠤᠤᠯ ᠬᠠᠷᠢᠭᠤᠴᠠᠯᠭ᠎ᠠ ᠭᠤᠤᠯ ᠠᠵᠢᠯ ᠳᠡᠭᠡᠷ᠎ᠡ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠶ᠃ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠤᠣᠯ ᠰᠢᠵᠢᠮ ᠢ ᠡᠷᠡᠰ ᠲᠤᠤᠱᠯᠠᠭᠤᠯᠵᠤ᠂ ᠵᠢᠭᠰᠠᠭᠠᠯ ᠤᠨ ᠭᠠᠵᠠᠷ ᠢᠶᠠᠨ ᠰᠠᠶᠢᠲᠤᠷ ᠪᠠᠶᠢᠭᠤᠯᠵᠤ᠂ ᠴᠢᠳᠠᠪᠬᠢ ᠪᠠᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠢᠨ ᠬᠤᠪᠢᠶᠠᠷᠢᠯᠠᠭᠰᠠᠨ᠂ ᠨᠠᠷᠢᠯᠢᠭᠵᠢᠭᠤᠯᠣᠭᠰᠠᠨ ᠬᠠᠮᠢᠶᠠᠷᠤᠯᠲᠠ ᠶᠢ ᠨᠡᠩ ᠴᠢᠬᠤᠯᠠᠴᠢᠯᠠᠵᠤ᠂ ᠡᠳᠦᠷ ᠲᠤᠳᠤᠮ ᠤᠨ ᠪᠠᠶᠢᠳᠠᠯ ᠢ ᠣᠶᠢᠯᠠᠭᠠᠬᠤ ᠵᠢᠭᠰᠠᠭᠠᠨ ᠪᠠᠶᠢᠴᠠᠭᠠᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠡᠮ ᠡᠮᠨᠡᠯᠭᠡ᠂ ᠵᠥᠷᠢᠴᠡᠯ ᠢ ᠠᠷᠢᠯᠭᠠᠬᠤ ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠤᠯᠠᠨ ᠲᠦᠮᠡᠨ ᠳᠤ ᠦᠢᠯᠡᠴᠢᠯᠡᠭᠡ ᠬᠦᠷᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
3.jpg
    ᠪᠠᠶᠠᠨᠬᠤᠲᠠ ᠪᠠᠯᠭᠠᠰᠤᠨ ᠤ ᠨᠠᠨ ᠲᠢᠶᠠᠨ ᠲᠣᠰᠬᠤᠨ ᠳᠤ᠂ ᠪᠠᠶ ᠬᠠᠶ ᠯᠢᠨ᠂ ᠨᠠᠨ ᠲᠢᠶᠠᠨ ᠲᠣᠰᠬᠤᠨ ᠪᠣᠯ ᠬᠤᠲᠠ ᠶᠢᠨ ᠵᠠᠬ᠎ᠠ ᠶᠢᠨ ᠲᠣᠰᠬᠤᠨ ᠮᠥᠨ᠂ ᠬᠡᠷ ᠪᠠᠶᠢᠰᠢᠩ ᠨᠡᠯᠢᠶᠡᠳ ᠲᠥᠪᠯᠡᠷᠡᠩᠭᠦᠶ᠂ ᠣᠶᠢᠷ᠎ᠠ ᠶᠢᠨ ᠬᠤᠭᠤᠴᠠᠭᠠᠨ ᠳᠤ ᠰᠢᠷᠦᠬᠦᠨ ᠪᠣᠷᠣᠭᠠᠨ ᠤ ᠨᠥᠯᠥᠭᠡ ᠠᠴᠠ ᠪᠣᠯᠵᠣ᠂ ᠬᠡᠷ ᠪᠠᠶᠢᠰᠢᠩ ᠭᠤᠳᠤᠮᠵᠢ ᠠᠮᠠᠷᠬᠠᠨ ᠡᠪᠳᠡᠭᠳᠡᠬᠦ ᠴᠠᠭ ᠠᠭᠤᠷ ᠢ ᠦᠷᠭᠦᠯᠵᠢᠯᠡᠨ ᠰᠡᠷᠭᠡᠶᠢᠯᠡᠨ ᠠᠷᠭᠠᠴᠠᠭᠠᠵᠤ᠂ ᠲᠣᠭᠤᠷᠢᠨ ᠪᠠᠶᠢᠴᠠᠭᠠᠬᠤ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号