ᠠᠵᠢᠯ ᠤᠨ ᠭᠤᠤᠯ ᠰᠢᠵᠢᠮ ᠢ ᠳᠣᠣᠱᠯᠠᠭᠤᠯᠬᠤ ᠳᠤ ᠡᠵᠡᠨ ᠬᠥᠮᠦᠨ ᠤ ᠤᠬᠠᠮᠰᠠᠷ ᠢ ᠦᠨᠡᠨ ᠬᠦ ᠪᠠᠲᠤ ᠪᠣᠶ ᠪᠣᠯᠭᠠᠬᠤ ᠬᠡᠷᠡᠭᠲᠡᠶ
ᠨᠡᠶᠢᠲᠡᠯᠡᠭᠰᠡᠨ ᠴᠠᠭ᠄
2024/9/23
    ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠡᠷᠬᠢᠨ ᠠᠬᠢᠭᠤᠯᠬᠤ ᠪᠤᠢ︖ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠠᠴᠠ ︽ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ︾ ᠭᠡᠵᠦ ᠴᠢᠬᠤᠯᠠᠴᠢᠯᠠᠪᠠ᠃ ᠣᠳᠣᠬᠠᠨ ᠳᠤ ᠬᠠᠷᠠᠯᠲᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ︽ᠲᠦᠢᠮᠤ ᠵᠢᠷᠤᠭ︾ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠶᠢ ᠠᠬᠢᠭᠤᠯᠬᠤ ︽ᠨᠠᠷᠢᠯᠢᠭ ᠵᠢᠷᠤᠭ︾ ᠪᠣᠯᠭᠠᠨ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠳᠣᠣᠱᠯᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠬᠤ ᠳᠤ᠂ ᠤᠷᠤᠨ ᠳᠠᠶᠠᠭᠠᠷ ᠢᠶᠠᠨ ᠰᠡᠳᠭᠢᠯ ᠨᠢᠭᠡᠳᠦᠨ ᠪᠦᠯᠬᠦᠮᠳᠡᠨ ᠲᠡᠮᠡᠴᠡᠵᠦ᠂ ᠡᠵᠡᠨ ᠬᠥᠮᠦᠨ ᠤ ᠤᠬᠠᠮᠰᠠᠷ ᠢ ᠦᠨᠡᠨ ᠬᠦ ᠪᠠᠲᠤ ᠪᠤᠢ ᠪᠣᠯᠭᠠᠵᠤ᠂ ᠨᠡᠩ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ ᠢᠶᠠᠷ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠨᠡᠩ ᠴᠢᠬᠤᠯᠠᠲᠠᠢ᠃    ᠭᠠᠭᠴᠠ ᠮᠤᠳᠤ ᠭᠠᠯ ᠪᠣᠯᠬᠤ ᠦᠭᠡᠢ᠂ ᠭᠠᠭᠴᠠ ᠬᠦᠮᠦᠨ ᠠᠶᠢᠯ ᠪᠣᠯᠬᠤ ᠦᠭᠡᠢ᠃ ᠲᠦᠮᠡᠨ ᠤᠯᠠᠨ ᠢᠶᠠᠷ ᠢᠶᠠᠨ ᠰᠡᠳᠭᠢᠯ ᠨᠢᠭᠡᠳᠪᠡᠯ ᠰᠠᠶ᠋ᠢ ᠠᠤᠭ᠎ᠠ ᠶᠡᠭᠡ ᠬᠦᠴᠦᠨ ᠢ ᠨᠢᠭᠲᠠᠷᠠᠭᠤᠯᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠴᠢᠳᠠᠨ᠎ᠠ᠃ ᠭᠡᠲᠡᠯ᠎ᠡ᠂ ᠤᠳᠤᠬᠠᠨ ᠳᠤ ᠬᠡᠰᠡᠭ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠳᠤ ︽ᠬᠦᠯᠢᠶᠡᠬᠦ ᠲᠦᠰᠢᠬᠦ ᠠᠪᠬᠤ︾ ᠦᠵᠡᠯ ᠰᠠᠨᠠᠭ᠎ᠠ ᠬᠦᠨᠳᠦ ᠨᠣᠴᠢᠲᠠᠢ ᠣᠷᠣᠰᠢᠵᠤ᠂ ᠡᠵᠡᠨ ᠬᠥᠮᠦᠨ ᠤ ᠤᠬᠠᠮᠰᠠᠷ ᠳᠣᠷᠤᠢ᠂ ᠤᠴᠢᠷ ᠶᠠᠪᠤᠳᠠᠯ ᠲᠤᠯᠭᠠᠷᠠᠪᠠᠯ ᠥᠪᠡᠷ ᠢ ᠪᠠᠨ ︽ᠬᠠᠮᠢᠶ᠎ᠠ ᠦᠭᠡᠢ ᠬᠥᠮᠦᠨ︾ ᠢᠶᠠᠷ ᠦᠵᠡᠵᠦ᠂ ᠵᠠᠷᠢᠮ ᠨᠢ ᠴᠢᠨᠠᠭᠰᠢᠯᠠᠪᠠᠯ ᠠᠰᠠᠭᠤᠳᠠᠯ ᠢ ᠦᠵᠡᠵᠦ ᠪᠠᠶᠢᠭᠠᠳ ᠣᠶᠢᠰᠢᠶᠠᠬᠤ ᠦᠭᠡᠢ᠂ ︽ᠬᠡᠦᠬᠡᠳ ᠨᠢ ᠠᠪᠤ ᠶᠢᠨ ᠢᠶᠠᠨ ᠲᠠᠷᠢᠶ᠎ᠠ ᠶᠢ ᠬᠤᠳᠠᠯᠳᠤᠴᠢᠬᠠᠭᠠᠳ ᠵᠢᠷᠦᠬᠡ ᠰᠢᠮᠰᠢᠷᠡᠬᠦ ᠦᠭᠡᠢ︾ ᠵᠡᠷᠭᠡ ᠦᠵᠡᠭᠳᠡᠯ ᠬᠠᠷᠠᠬᠳᠠᠵᠦ ᠪᠠᠶᠢᠨ᠎ᠠ᠃ ᠡᠳᠡᠭᠡᠷ ᠮᠠᠭᠤ ᠬᠡᠯᠪᠡᠷᠢᠯ ᠤᠨ ᠦᠨᠳᠦᠰᠦ ᠰᠤᠷᠪᠤᠯᠵᠢ ᠨᠢ ᠳᠠᠷᠤᠢ ᠡᠵᠡᠨ ᠬᠥᠮᠦᠨ ᠤ ᠤᠬᠠᠮᠰᠠᠷ ᠴᠢᠩᠭ᠎ᠠ ᠪᠢᠰᠢ᠂ ᠣᠪᠣᠷ ᠨᠢ ᠲᠥᠪ ᠪᠢᠰᠢ᠂ ᠪᠠᠶᠢᠷᠢ ᠲᠤᠭᠲᠠᠭᠠᠯᠲᠠ ᠪᠠᠨ ᠲᠥᠪ ᠪᠤᠯᠭᠠᠭᠰᠠᠨ ᠦᠭᠡᠢ ᠠᠴᠠ ᠪᠣᠯᠤᠭᠰᠠᠨ ᠶᠤᠮ᠃ ᠵᠦᠬᠡᠷ ᠰᠠᠭᠤᠵᠦ ᠬᠠᠷᠠᠬᠴᠢ᠂ ᠬᠤᠭᠤᠰᠣᠨ ᠦᠭᠡ ᠶᠠᠷᠢᠭᠴᠢ ᠪᠣᠯᠬᠤ ᠦᠭᠡᠢ᠂ ᠤᠷᠤᠯᠴᠠᠭᠴᠢ᠂ ᠪᠣᠳᠠᠲᠠᠢ ᠠᠵᠢᠯᠯᠠᠭᠴᠢ ᠪᠣᠯᠬᠤ ᠪᠠᠷ ᠴᠢᠷᠮᠠᠶᠢᠵᠤ᠂ ᠰᠠᠨᠠᠭᠠᠴᠢᠯᠠᠭ᠎ᠠ ᠠᠴᠠ ᠪᠠᠨ ᠤᠷᠤᠨ ᠪᠠᠶᠢᠷᠢ ᠪᠠᠨ ᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯ ᠲᠦᠷᠢ ᠪᠤᠯᠵᠦ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠪᠡᠯ ᠪᠢᠳᠡ ᠰᠠᠶ᠋ᠢ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠤ ᠴᠢᠳᠠᠨ᠎ᠠ᠃    ᠠᠵᠢᠯ ᠤᠨ ᠭᠤᠣᠯ ᠰᠢᠵᠢᠮ ᠢ ᠳᠣᠣᠱᠯᠠᠭᠤᠯᠵᠦ᠂ ︽ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ︾ ᠶᠢ ᠢᠳᠡᠪᠬᠢᠲᠡᠢ ᠰᠦᠪᠡᠭᠴᠢᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠨ ᠢᠶᠠᠷ ᠬᠦᠴᠦᠨ ᠴᠢᠳᠠᠯ ᠤᠯᠭᠤᠵᠤ ᠦᠷ᠎ᠡ ᠠᠰᠢᠭ ᠢ ᠨᠡᠮᠡᠭᠳᠡᠭᠦᠯᠬᠦ ᠳᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠠᠴᠠ ᠰᠠᠯᠵᠤ ᠴᠢᠳᠠᠬᠤ ᠦᠭᠡᠢ᠃ ᠨᠠᠮ ᠤᠨ ᠭᠡᠰᠢᠭᠦᠨ ᠺᠠᠳ᠋ᠷᠴᠤᠳ ᠡᠵᠡᠨ ᠬᠥᠮᠦᠨ ᠤ ᠤᠬᠠᠮᠰᠠᠷ ᠢ ᠪᠠᠲᠤ ᠪᠤᠢ ᠪᠣᠯᠭᠠᠬᠤ ᠳᠤ ᠠᠵᠢᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠬᠢᠪᠡᠯ ᠰᠠᠶᠢᠨ ᠬᠢᠬᠦ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠤᠢ ᠪᠣᠯᠭᠠᠵᠤ᠂ ᠠᠯᠪᠠ ᠬᠠᠰᠢᠵᠤ ᠠᠮᠠ ᠪᠥᠭᠯᠡᠬᠦ ᠦᠬᠡᠢ ᠪᠠᠶᠢᠬᠤ ᠬᠡᠷᠡᠭᠳᠠᠢ︔ ᠬᠦᠴᠢᠷ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ ᠪᠠᠶᠢᠵᠤ᠂ ︽ᠨᠠᠳᠠ ᠠᠴᠠ ᠥᠭᠡᠷ᠎ᠡ ᠬᠡᠨ ᠬᠢᠬᠦ ᠪᠤᠢ︾ ᠬᠡᠬᠦ ᠣᠮᠤᠭ ᠵᠣᠷᠢᠭ ᠢᠯᠡᠭᠦᠦ ᠪᠠᠶᠢᠵᠤ᠂ ︽ᠨᠠᠳᠠ ᠲᠠᠢ ᠬᠠᠮᠢᠶ᠎ᠠ ᠦᠭᠡᠢ︾ ᠭᠡᠬᠦ ᠪᠤᠳᠤᠯ ᠰᠠᠨᠠᠭ᠎ᠠ ᠪᠠᠶᠢᠵᠤ ᠪᠤᠯᠬᠤ ᠦᠭᠡᠢ︔ ᠠᠭᠤᠳᠠᠮᠴᠢ ᠪᠠᠭᠳᠠᠭᠠᠮᠵᠢᠳᠠᠢ ᠪᠠᠶᠢᠵᠤ᠂ ᠤᠬᠠᠮᠰᠠᠷ ᠦᠨᠳᠦᠷ ᠪᠠᠶᠢᠵᠤ᠂ ︽ᠬᠤᠪᠢᠨᠴᠢᠷ ᠪᠤᠳᠤᠯ ᠦᠭᠡᠢ ᠪᠣᠯ ᠲᠩᠷᠢ ᠭᠠᠵᠠᠷ ᠠᠭᠤᠳᠠᠮ︾ ᠭᠡᠬᠦ ᠭᠡᠬᠦᠳᠡᠭ ᠴᠡᠭᠡᠵᠢ ᠲᠠᠢ ᠪᠠᠶᠢᠵᠤ᠂ ᠨᠡᠷ᠎ᠡ ᠠᠰᠢᠭ ᠣᠯᠵᠤ ᠠᠯᠳᠠᠬᠤ ᠶᠢ ᠪᠤᠳᠤᠬᠤ ᠦᠭᠡᠢ ᠪᠠᠶᠢᠵᠤ᠂ ᠡᠳᠦᠷ ᠪᠣᠯᠭᠠᠨ ᠰᠠᠶᠢᠲᠤᠷ ᠠᠵᠢᠯᠯᠠᠵᠦ᠂ ᠶᠠᠪᠤᠳᠠᠯ ᠪᠣᠯᠭᠠᠨ ᠢ ᠰᠠᠶᠢᠲᠤᠷ ᠬᠢᠬᠦ ᠬᠡᠷᠡᠭᠲᠡᠢ᠃    ᠡᠵᠡᠨ ᠬᠥᠮᠦᠨ ᠤ ᠤᠬᠠᠮᠰᠠᠷ ᠢ ᠪᠠᠲᠤ ᠪᠤᠢ ᠪᠣᠯᠭᠠᠵᠤ᠂ ᠢᠯᠡ ᠲᠣᠳᠣ ᠳᠦᠷᠢᠮ ᠤᠨ ᠤᠳᠤᠷᠢᠳᠤᠮᠵᠢ ᠪᠠᠷ ᠪᠦᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ ᠳᠠᠭᠤᠷᠢᠶᠠᠯ ᠢ ᠰᠠᠶᠢᠲᠤᠷ ᠪᠤᠢ ᠪᠣᠯᠭᠠᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠲᠤ ᠬᠠᠷᠢᠭᠤᠴᠠᠵᠤ᠂ ᠵᠣᠷᠢᠭᠲᠠᠢ ᠵᠢᠳᠭᠦᠨ ᠴᠢᠷᠮᠠᠶᠢᠳᠠᠭ ᠺᠠᠳ᠋ᠷ ᠲᠤ ᠬᠠᠷᠢᠭᠤᠴᠠᠵᠤ᠂ ᠦᠨᠡᠨ ᠬᠦ ᠠᠵᠢᠯ ᠶᠠᠪᠤᠳᠠᠯ ᠬᠢᠬᠦ ᠰᠠᠨᠠᠭ᠎ᠠ ᠲᠠᠢ᠂ ᠠᠵᠢᠯ ᠶᠠᠪᠤᠳᠠᠯ ᠬᠢᠬᠦ ᠳᠤᠷᠠᠲᠠᠢ᠂ ᠠᠵᠢᠯ ᠶᠠᠪᠤᠳᠠᠯ ᠪᠦᠲᠦᠭᠡᠵᠦ ᠴᠢᠳᠠᠬᠤ ᠺᠠᠳ᠋ᠷ ᠲᠤ ᠡᠷᠳᠡᠮ ᠴᠢᠳᠠᠪᠤᠷᠢ ᠪᠠᠨ ᠪᠠᠳᠠᠷᠠᠭᠤᠯᠬᠤ ᠤᠷᠤᠨ ᠵᠠᠢ ᠬᠠᠩᠭᠠᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ᠂ ᠡᠯ᠎ᠡ ᠲᠦᠷᠦᠯ ᠤᠨ ᠬᠥᠮᠦᠰ ᠤᠨ ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠪᠠᠨ ᠡᠭᠦᠷᠭᠡᠯᠡᠬᠦ᠂ ᠭᠦᠢᠴᠡᠳᠭᠡᠬᠦ ᠶᠣᠰᠣᠲᠠᠢ ᠡᠭᠦᠷᠭᠡ ᠪᠠᠨ ᠰᠠᠶᠢᠲᠤᠷ ᠭᠦᠢᠴᠡᠳᠭᠡᠬᠦ᠂ ᠵᠢᠷᠤᠮᠵᠢᠭᠤᠯᠬᠤ ᠶᠣᠰᠣᠲᠠᠢ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠶᠢ ᠠᠬᠢᠭᠤᠯᠵᠤ᠂ ︽ᠡᠵᠡᠨ ᠰᠠᠭᠤᠵᠤ ᠡᠷᠬᠡ ᠮᠡᠳᠡᠬᠦ︾ ᠦᠩᠬᠡ ᠬᠡᠷᠡᠯᠳᠤ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ ᠶᠢ ᠨᠡᠮᠡᠭᠳᠡᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠡᠷᠡᠭᠲᠡᠢ᠃    ᠬᠥᠭᠵᠢᠯᠳᠡ ᠳᠤ ᠬᠠᠮᠢᠶ᠎ᠠ ᠦᠬᠡᠢ ᠬᠥᠮᠦᠨ ᠭᠡᠵᠦ ᠦᠭᠡᠢ᠂ ᠬᠥᠮᠦᠨ ᠪᠣᠯᠭᠠᠨ ᠡᠵᠡᠨ ᠬᠦᠮᠦᠨ ᠶᠤᠮ᠃ ᠡᠵᠡᠨ ᠬᠥᠮᠦᠨ ᠤ ᠣᠪᠣᠷ ᠪᠠᠶᠢᠳᠠᠯ ᠢᠶᠠᠷ ᠰᠠᠨᠠᠭᠠᠴᠢᠯᠠᠭ᠎ᠠ ᠠᠴᠠ ᠪᠠᠨ ᠡᠵᠡᠨ ᠬᠥᠮᠦᠨ ᠤ ᠬᠢᠪᠡᠰᠦ ᠵᠣᠬᠢᠬᠤ ᠶᠠᠪᠤᠳᠠᠯ ᠢ ᠬᠢᠵᠦ᠂ ᠡᠵᠡᠨ ᠬᠥᠮᠦᠨ ᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠡᠵᠡᠨ ᠬᠥᠮᠦᠨ ᠤ ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠶᠢ ᠭᠦᠢᠴᠡᠳᠭᠡᠵᠦ᠂ ᠰᠡᠳᠭᠢᠯ ᠨᠢᠬᠡᠳᠦᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠡᠭᠦᠷᠭᠡ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠪᠠᠯ ᠪᠢᠳᠡ ᠯᠠᠪᠲᠠᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠭᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号