ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ︽ᠲᠣᠭᠲᠠᠭᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠠᠨᠠᠯ︾ ᠤᠨ ᠪᠠᠶᠢᠷᠢᠯᠠᠭᠤᠯᠤᠯᠲᠠ ᠶᠣᠰᠣᠭᠠᠷ ᠥᠭᠡᠷᠡᠴᠢᠯᠡᠯᠲᠡ ᠶᠢᠨ ᠠᠵᠢᠯ ᠤᠨ ᠠᠶᠢᠵᠠᠮ ᠢ ᠲᠦᠷᠭᠡᠳᠭᠡᠵᠦ᠂ ᠡᠯ᠎ᠡ ᠬᠦᠷᠢᠶᠡᠨ ᠳᠤ ᠨᠢᠭᠡ ᠪᠦᠯᠦᠭ ᠥᠭᠡᠷᠡᠴᠢᠯᠡᠯᠲᠡ ᠶᠢᠨ ᠵᠦᠢᠯᠡᠰ ᠢ ᠱᠠᠯᠠᠪᠳᠠᠨ ᠲᠤᠬᠳᠠᠭᠠᠨ ᠨᠡᠶᠢᠳᠡᠯᠡᠬᠦ ᠬᠡᠷᠡᠭᠲᠡᠶ᠃ ᠳᠥᠷᠪᠡᠳᠦᠭᠡᠷ ᠤᠯᠠᠷᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠳᠤᠲᠠᠭᠤᠳᠠᠯ ᠢ ᠣᠨᠣᠪᠴᠢᠲᠠᠢ ᠡᠷᠢᠵᠦ᠂ ᠪᠦᠲᠦᠮᠵᠢᠲᠡᠢ ᠠᠷᠭ᠎ᠠ ᠬᠡᠮᠵᠢᠶ᠎ᠡ ᠳᠤᠷᠠᠳᠴᠤ᠂ ︽ᠵᠠᠭᠤᠨ ᠡᠳᠦᠷ ᠰᠢᠭᠤᠷᠬᠠᠶᠢᠯᠠᠨ ᠠᠵᠢᠯᠯᠠᠵᠤ︾᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ᠂ ᠴᠢᠬᠤᠯᠠ ᠥᠭᠡᠷᠡᠴᠢᠯᠡᠯᠲᠡ ᠶᠢᠨ ᠵᠦᠢᠯᠡᠰ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠤᠬᠠᠭᠠᠯᠠᠨ ᠲᠥᠯᠥᠪᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠭᠠᠷᠳᠠᠨ ᠰᠤᠳᠤᠯᠵᠤ ᠪᠠᠶᠢᠷᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠬᠢᠨᠠᠨ ᠵᠥᠪᠯᠡᠵᠦ ᠪᠠᠲᠤᠯᠠᠨ᠂ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠪᠤᠯ ᠰᠢᠷᠬᠡᠭ ᠦᠰᠦ ᠶᠢ ᠨᠢ ᠲᠠᠲᠠᠬᠤ ᠳᠤ ᠪᠦᠬᠦ ᠪᠡᠶ᠎ᠡ ᠨᠢ ᠬᠦᠳᠡᠯᠬᠦ ᠦᠢᠯᠡᠳᠦᠯ ᠲᠠᠢ᠂ ᠬᠡᠷᠡᠭᠵᠢᠭᠦᠯᠬᠦ ᠨᠠᠷᠢᠨ ᠲᠦᠷᠢᠮ ᠢ ᠱᠠᠯᠠᠪᠳᠠᠨ ᠲᠣᠭᠲᠠᠭᠠᠵᠤ᠂ ᠲᠤᠷᠰᠢᠯᠲᠠ ᠶᠢᠨ ᠴᠡᠭ ᠢ ᠦᠷᠨᠢᠬᠦᠯᠬᠦ ᠪᠣᠯᠪᠠᠰᠤᠷᠠᠯ ᠢ ᠠᠯᠢ ᠲᠦᠷᠭᠡᠨ ᠢᠶᠠᠷ ᠥᠷᠨᠢᠭᠦᠯᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠵᠢᠯᠣᠭᠤᠳᠣᠯᠭ᠎ᠠ ᠪᠠᠨ ᠴᠢᠩᠭᠠᠳᠬᠠᠬᠤ ᠬᠡᠷᠡᠭᠲᠡᠶ᠃ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠤᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠠᠬᠢᠭᠤᠯᠵᠤ᠂ ᠪᠥᠬᠦ ᠣᠷᠣᠨ ᠤ ᠥᠭᠡᠷᠡᠴᠢᠯᠡᠯᠲᠡ ᠶᠢ ᠠᠬᠢᠭᠤᠯᠬᠤ ᠳᠤ ᠵᠢᠱᠢᠶ᠎ᠡ ᠦᠵᠡᠭᠦᠯᠦᠨ᠂ ᠰᠠᠭᠤᠷᠢ ᠶᠢ ᠪᠠᠲᠤ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠠᠷᠠᠳ ᠤᠨ ᠰᠠᠨᠠᠭᠤᠯᠭ᠎ᠠ ᠶᠢ ᠴᠤᠬᠯᠠᠭᠤᠯᠬᠤ ᠠᠵᠢᠯ ᠤᠨ ᠠᠷᠭ᠎ᠠ ᠶᠢ ᠰᠤᠳᠤᠯᠵᠤ᠂ ᠪᠠᠶᠢᠩᠭᠤᠵᠢᠭᠰᠠᠨ᠂ ᠳᠦᠷᠢᠮᠵᠢᠭᠰᠡᠨ ᠠᠷᠠᠳ ᠤᠨ ᠰᠠᠨᠠᠭᠤᠯᠭ᠎ᠠ ᠶᠢ ᠬᠤᠷᠢᠶᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠤᠯᠪᠣᠭᠠᠯᠠᠨ ᠬᠦᠳᠡᠯᠦᠯᠴᠡᠵᠤ ᠰᠠᠨᠠᠭᠤᠯᠭ᠎ᠠ ᠶᠢ ᠴᠤᠬᠯᠠᠭᠤᠯᠬᠤ ᠠᠷᠭ᠎ᠠ ᠵᠠᠮ ᠢ ᠨᠡᠪᠲᠡᠷᠡᠭᠦᠯᠵᠦ᠂ ᠠᠷᠠᠳ ᠤᠨ ᠰᠠᠨᠠᠭ᠎ᠠ ᠶᠢ ᠥᠷᠭᠡᠨ ᠢᠶᠠᠷ ᠰᠣᠨᠣᠰᠬᠤ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠳ᠋ᠥᠩᠨᠡᠵᠤ᠂ ᠴᠤᠬᠯᠠᠭᠤᠯᠬᠤ᠂ ᠰᠶᠢᠳᠪᠦᠷᠢᠯᠡᠬᠦ ᠠᠴᠠ ᠠᠪᠤᠭᠠᠳ ᠬᠤᠪᠢᠷᠠᠭᠤᠯᠬᠤ᠂ ᠬᠠᠷᠢᠭᠤ ᠲᠤᠰᠬᠠᠬᠤ ᠬᠦᠷᠲᠡᠯᠡᠬᠢ ᠠᠵᠢᠯ ᠤᠨ ᠪᠢᠲᠡᠭᠦᠦ ᠭᠤᠬᠴᠤᠭ᠎ᠠ ᠶᠢ ᠪᠦᠷᠢᠯᠳᠦᠬᠦᠯᠵᠦ᠂ ᠠᠷᠠᠳ ᠲᠦᠮᠡᠨ ᠤ ᠰᠠᠨᠠᠭᠤᠯᠭ᠎ᠠ ᠶᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠳᠤ ᠦᠨᠡᠨ ᠬᠦ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠶᠢ ᠪᠠᠷᠢᠮᠲᠠᠯᠠᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠬᠡᠷᠡᠭᠲᠡᠶ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠠᠰ ᠳᠠᠪᠬᠤᠷᠭ᠎ᠠ ᠲᠥᠷᠥᠯ ᠬᠤᠪᠢᠶᠠᠵᠤ᠂ ᠨᠠᠷᠢᠯᠢᠭ ᠣᠨᠣᠪᠴᠢᠲᠠᠶ ᠪᠠᠷ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠮᠴᠢᠯᠡᠭᠡ᠂ ᠡᠮ ᠡᠮᠨᠡᠯᠬᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠭᠤᠷᠪᠠ ᠶᠢᠨ ᠬᠤᠯᠪᠣᠭᠠᠯᠠᠨ ᠬᠦᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠭᠤᠷᠢ ᠮᠥᠩᠭᠦ ᠶᠢᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号