ᠰᠦᠨ ᠱᠤᠤ ᠴᠧᠩ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠢ ᠰᠢᠶᠠᠩ ᠳ᠋ᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 19  ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠱᠦᠵᠢ ᠰᠦᠨ ᠱᠤᠤ ᠴᠧᠩ ᠬᠥᠬᠡᠬᠤᠲᠠ ᠳᠤ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠣᠮᠫᠠᠨᠢ  ᠶᠢᠨ ᠬᠡᠷᠡᠭ ᠮᠡᠳᠡᠭᠴᠢᠳ  ᠤᠨ ᠳᠠᠷᠤᠭ᠎ᠠ ᠴᠢ ᠰᠢᠶᠠᠩ ᠳ᠋ᠦᠩ  ᠲᠠᠢ ᠠᠭᠤᠯᠵᠠᠪᠠ᠃    ᠰᠦᠨ ᠱᠤᠤ ᠴᠧᠩ ᠴᠢ ᠰᠢᠶᠠᠩ ᠳ᠋ᠦᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠪᠣᠯ ᠤᠯᠤᠰ ᠤᠨ ᠨᠠᠢᠮᠠᠨ ᠶᠡᠭᠡ ᠪᠤᠳᠤᠯᠲᠠ ᠶᠢᠨ ᠬᠦᠴᠦᠨ ᠤ ᠲᠤᠤᠷ ᠰᠦᠯᠵᠢᠶ᠎ᠠ ᠶᠢᠨ ᠭᠤᠤᠯ ᠵᠠᠩᠭᠢᠯᠠᠭ᠎ᠠ ᠶᠢᠨ ᠴᠡᠭ ᠤᠨ ᠨᠢᠭᠡ ᠮᠥᠨ᠂ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠪᠣᠯ ᠪᠣᠳᠠᠲᠤ ᠬᠦᠴᠦᠨ ᠢᠶᠠᠷ ᠴᠢᠩᠭ᠎ᠠ ᠰᠦᠯᠵᠢᠶᠡᠨ ᠤ ᠠᠮᠤᠷ ᠲᠦᠪᠰᠢᠨᠳᠤ ᠠᠵᠤ ᠠᠬᠤᠶᠢᠯᠠᠯ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠲᠦᠷᠬᠡᠨ ᠪᠠᠶᠢᠭᠤᠯᠵᠤ᠂ ᠬᠠᠮᠲᠤᠷᠠᠯᠴᠠᠭᠠᠨ ᠤ ᠭᠠᠷᠳᠠᠬᠤ ᠴᠡᠭ ᠢᠶᠠᠨ ᠣᠨᠣᠪᠴᠢᠲᠠᠢ ᠡᠷᠢᠵᠦ ᠣᠯᠵᠤ᠂ ᠪᠣᠳᠠᠲᠠᠢ ᠬᠠᠮᠲᠤᠷᠠᠯᠴᠠᠭᠠᠨ ᠤ ᠵᠦᠢᠯᠡᠰ ᠢᠶᠠᠨ ᠲᠣᠳᠣᠷᠬᠠᠶᠢᠯᠠᠵᠤ᠂ ᠱᠠᠯᠠᠪᠳᠠᠨ ᠬᠥᠳᠡᠯᠦᠯᠴᠡᠵᠦ᠂ ᠲᠦᠷᠭᠡᠨ ᠠᠵᠢᠯᠯᠠᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠳᠤᠷᠠᠳᠤᠭᠰᠠᠨ ᠬᠠᠮᠲᠤᠷᠠᠯᠴᠠᠬᠤ ᠰᠠᠨᠠᠮᠵᠢ ᠶᠢ ᠬᠤᠯᠪᠣᠭᠳᠠᠯ ᠪᠥᠬᠦᠶ ᠲᠠᠯ᠎ᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠰᠤᠳᠤᠯᠬᠤ ᠶᠢᠨ ᠬᠠᠮᠲᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠮᠥᠷᠳᠡᠨ ᠰᠠᠶᠢᠲᠤᠷ ᠬᠢᠬᠦ ᠬᠡᠷᠡᠭᠲᠡᠶ ᠭᠡᠪᠡ᠃    ᠴᠢ ᠰᠢᠶᠠᠩ ᠳ᠋ᠦᠩ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠦᠨᠳᠦᠰᠦᠨ ᠪᠠᠶᠢᠳᠠᠯ ᠵᠢᠴᠢ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠯ ᠢᠶᠠᠨ ᠲᠣᠪᠴᠢ ᠲᠠᠨᠢᠯᠴᠠᠭᠤᠯᠪᠠ᠃ ᠲᠡᠷᠡ᠂ ᠴᠢ ᠠᠨ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠨ ᠥᠪᠥᠷ ᠮᠣᠩᠭᠤᠯ ᠳᠠᠬᠢ ᠪᠠᠯᠠ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠲᠠᠷᠠᠭᠠᠴᠢ ᠶᠢᠨ ᠠᠯᠬᠤᠮ ᠳᠤ ᠪᠤᠳᠤᠯᠲᠠ ᠶᠢᠨ ᠬᠦᠴᠦᠨ ᠤ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ᠂ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠯᠤᠭ᠎ᠠ ᠶᠢᠨ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ ᠭᠡᠪᠡ᠃    ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号