ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠲᠦ ᠶᠢᠨ ᠵᠣᠷᠢᠯᠲᠠ ᠲᠠᠢ ᠪᠠᠶᠢᠵᠤ᠂ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠪᠠᠶᠠᠯᠢᠭᠵᠢᠭᠤᠯᠤᠨ ᠬᠥᠭᠵᠢᠭᠦᠯᠪᠡ᠃ ᠬᠦᠨᠵᠡᠬᠡᠢ ᠰᠤᠷᠤᠯᠴᠠᠨ ᠦᠢᠯᠠᠭᠠᠵᠥ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠤᠯᠠᠮ ᠨᠢᠬᠡ ᠠᠯᠬᠤᠮ ᠪᠠᠲᠤᠳᠬᠠᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠥ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠬᠡᠬᠡᠵᠥ ᠳᠤᠮᠳᠠ ᠳᠦᠪᠰᠢᠨ ᠳᠤ ᠣᠷᠣᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠬᠠᠤᠯᠢ ᠬᠠᠤᠯᠢ ᠴᠠᠭᠠᠵᠠ ᠶᠢ ᠪᠦᠬᠦ ᠲᠠᠯ᠎ᠠ ᠪᠠᠷ ᠳᠣᠣᠱᠯᠠᠭᠤᠯᠣᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠢ ᠠᠬᠢᠭᠤᠯᠵᠤ᠂ ᠬᠠᠤᠯᠢ ᠲᠣᠭᠲᠠᠭᠠᠬᠤ ᠬᠦᠷᠢᠶᠡᠨ ᠤ ᠥᠭᠡᠷᠡᠴᠢᠯᠡᠯᠲᠡ ᠶᠢ ᠦᠨᠡᠨ ᠬᠦ ᠰᠠᠶᠢᠲᠤᠷ ᠠᠳᠬᠤᠵᠤ᠂ ᠨᠢᠭᠡ ᠪᠦᠯᠦᠭ ︽ᠵᠢᠵᠢᠭ ᠭᠠᠷᠳᠠᠬᠤ ᠴᠡᠭ︾᠂ ᠨᠠᠷᠢᠯᠢᠬᠵᠢᠭᠤᠯᠤᠭᠰᠠᠨ᠂ ᠥᠪᠡᠷᠮᠢᠴᠡ ᠣᠨᠴᠠᠯᠢᠭ ᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠢᠳᠡᠪᠬᠢᠲᠡᠢ ᠭᠠᠷᠭᠠᠬᠤ ᠬᠡᠷᠡᠭᠳᠡᠢ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ᠂ ᠨᠠᠮ ᠤᠨ ᠬᠤᠷᠢᠶ᠎ᠠ ᠶᠢᠨ ᠭᠤᠣᠯ ᠠᠵᠢᠯ ᠪᠠ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠲᠥᠰᠦᠪᠯᠡᠨ ᠠᠬᠢᠭᠤᠯᠵᠤ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠢᠨᠠᠯᠲᠠ ᠲᠠᠯᠪᠢᠬᠤ ᠬᠠᠲᠠᠭᠤ ᠴᠢᠨᠠᠷ ᠪᠠ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠳᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠢᠯᠡᠳᠦᠯ ᠢᠶᠠᠨ ᠨᠠᠩ ᠰᠠᠶᠢᠳᠤᠷ ᠪᠠᠳᠠᠷᠠᠭᠤᠯᠬᠤ ᠶᠢ ᠤᠷᠮᠠᠰᠢᠭᠤᠯᠤᠨ ᠵᠢᠯᠣᠭᠤᠳᠬᠤ ᠬᠡᠷᠡᠭᠳᠡᠢ᠃ ︽ᠳᠥᠷᠪᠡᠨ ᠪᠠᠶᠢᠭᠤᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠬᠤ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ ᠭᠡᠵᠦ ᠵᠢᠭᠠᠵᠥ ᠭᠠᠷᠭᠠᠪᠠ᠃    ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ︾ ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠡᠯ᠎ᠡ ᠰᠠᠯᠠᠭ᠎ᠠ ᠮᠥᠴᠢᠷ ᠨᠢᠬᠡᠴᠡ ᠶᠢᠨ ᠬᠢᠨ ᠲᠥᠪ ᠤᠨ ᠥᠭᠡᠷᠡᠴᠢᠯᠡᠯᠲᠡ ᠶᠢᠨ ᠡᠭᠦᠷᠭᠡ ᠶᠢ ᠦᠨᠡᠨ ᠬᠦ ᠰᠠᠶᠢᠲᠤᠷ ᠵᠤᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠱᠠᠯᠠᠪᠳᠠᠨ ᠬᠥᠳᠡᠯᠦᠯᠴᠡᠵᠦ᠂ ᠰᠠᠶᠢᠲᠤᠷ ᠬᠢᠵᠦ᠂ ᠪᠠᠶᠢᠭᠤᠯᠭ᠎ᠠ ᠶᠢᠨ ᠰᠤᠷᠲᠠᠯ ᠢ ᠰᠠᠶᠢᠵᠢᠷᠠᠭᠤᠯᠬᠤ᠂ ᠰᠠᠯᠠᠭ᠎ᠠ ᠮᠥᠴᠢᠷ ᠤᠨ ᠡᠷᠬᠡ ᠶᠢ ᠪᠠᠭᠠᠰᠬᠠᠬᠤ ᠠᠴᠠ ᠭᠠᠷᠳᠠᠵᠤ᠂ ᠪᠣᠳᠠᠲᠠᠶ ᠶᠠᠪᠤᠳᠠᠯ ᠠᠴᠠ ᠭᠠᠷᠳᠠᠵᠤ᠂ ᠶᠠᠮᠠᠷ ᠠᠰᠠᠭᠤᠳᠠᠯ ᠲᠣᠪᠤᠶᠢᠮ᠎ᠠ ᠪᠠᠶᠢᠪᠠᠯ ᠲᠡᠭᠦᠨ ᠢ ᠥᠭᠡᠷᠡᠴᠢᠯᠡᠵᠦ᠂ ᠦᠷ᠎ᠠ ᠳ᠋ᠦ᠋ᠩ ᠨᠢ ᠲᠤᠤᠷ᠎ᠠ ᠪᠠᠨ ᠮᠡᠳᠡᠭᠳᠡᠬᠦ ᠬᠤᠪᠢᠷᠠᠯᠲᠠ ᠶᠢ ᠱᠠᠯᠠᠪᠳᠠᠭᠤᠯᠤᠨ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠳᠠᠯᠢ ᠴᠢᠭᠯᠡᠯ ᠢᠶᠠᠷ ᠬᠦᠴᠦᠯᠡᠬᠦ ᠶᠢ ᠴᠢᠬᠤᠯᠠᠴᠢᠯᠠᠨ᠂ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠪᠠᠲᠤᠯᠠᠬᠤ ᠭᠡᠷᠡᠭᠳᠠᠢ᠃ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠶ ᠪᠠᠷᠢᠮᠲᠠᠯᠠᠨ᠂ ᠴᠤᠭ ᠰᠦᠯᠳᠡ ᠪᠠᠨ ᠪᠠᠳᠠᠷᠠᠭᠤᠯᠵᠤ᠂ ᠱᠠᠯᠠᠪᠳᠠᠨ ᠠᠵᠢᠯᠯᠠᠵᠤ᠂ ᠨᠠᠮᠤᠷ ᠤᠨ ᠬᠤᠷᠢᠶᠠᠯᠲᠠ ᠶᠢ ᠪᠠᠲᠤᠯᠠᠬᠤ᠂ ᠠᠵᠤ ᠦᠢᠯᠡᠳᠪᠦᠷᠢ ᠶᠢ ᠲᠣᠭᠲᠠᠭᠤᠨ ᠪᠠᠶᠢᠯᠭᠠᠬᠤ᠂ ᠪᠡᠯᠡ ᠣᠷᠣᠭᠤᠯᠤᠯᠲᠠ ᠶᠢ ᠥᠷᠭᠡᠳᠭᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠵᠢᠬᠦᠯᠤᠨ ᠰᠠᠶᠢᠲᠤᠷ ᠠᠳᠬᠤᠵᠤ᠂ ᠵᠢᠯ ᠤᠨ ᠡᠴᠦᠰ ᠲᠤ ᠰᠠᠶᠢᠨ ᠬᠤᠷᠢᠶᠠᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠢ ᠳ᠋ᠦᠩᠨᠡᠨ ᠦᠨᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠢ ᠱᠠᠯᠠᠪᠳᠠᠨ ᠰᠦᠪᠡᠭᠴᠢᠯᠡᠵᠦ᠂ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠰᠠᠭᠤᠷᠢ ᠶᠢ ᠪᠠᠲᠤ ᠲᠠᠯᠪᠢᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号