ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠲᠥᠪ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃    ᠰᠦᠨ ᠱᠤᠤ ᠴᠧᠩ ᠮᠠᠨ ᠤ ᠨᠠᠮ ᠤᠨ ᠬᠡᠯᠪᠡᠷᠢᠴᠢ ᠦᠵᠡᠯ ᠢ ᠡᠰᠡᠷᠭᠦᠴᠡᠭᠰᠡᠨ ᠥᠩᠭᠡᠷᠡᠯᠲᠡ ᠶᠢ ᠡᠷᠭᠢᠴᠡᠭᠦᠯᠵᠦ᠂ ᠤᠢᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠲᠠᠯ᠎ᠠ ᠪᠠᠷ ᠬᠢ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠳ᠋ᠦᠩᠨᠡᠵᠦ ᠂ ᠣᠳᠣᠬᠠᠨ ᠤ ᠥᠪᠥᠷ ᠮᠣᠩᠭᠤᠯ ᠳᠤ ᠣᠷᠣᠰᠢᠵᠤ ᠪᠠᠶᠢᠭ᠎ᠠ ᠬᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠵᠢᠴᠢ ᠪᠤᠢ ᠪᠣᠯᠤᠭᠰᠠᠨ ᠰᠢᠯᠲᠠᠭᠠᠨ ᠢ ᠭᠦᠨᠵᠡᠭᠡᠢ ᠵᠠᠳᠠᠯᠪᠠ᠃ ᠲᠡᠷᠡ᠂ ᠬᠡᠯᠪᠡᠷᠢᠴᠢ ᠦᠵᠡᠯ ᠪᠣᠯ ᠠᠷᠬᠠᠭ ᠬᠡᠮ ᠮᠥᠨ᠂ ᠬᠠᠭᠤᠴᠢᠨ ᠠᠰᠠᠭᠤᠳᠠᠯ ᠠᠮᠠᠷᠬᠠᠨ ᠳᠠᠬᠢᠨ ᠢᠯᠡᠷᠡᠬᠦ ᠪᠠᠷ ᠪᠠᠷᠠᠬᠤ ᠥᠬᠡᠶ ᠪᠠᠰᠠ ᠦᠷᠭᠦᠯᠵᠢ ᠰᠢᠨ᠎ᠡ ᠬᠤᠪᠢᠯᠪᠤᠷᠢ ᠭᠠᠷᠳᠠᠭ᠂ ᠢᠩᠭᠢᠬᠦ ᠲᠤᠲᠤᠮ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠨᠡᠩ ᠢᠯᠡᠭᠦᠦ ᠪᠠᠳᠠᠷᠠᠭᠤᠯᠵᠤ᠂ ᠣᠷᠳᠣ ᠬᠤᠭᠤᠴᠠᠭ᠎ᠠ ᠪᠠᠷ ᠵᠠᠯᠠᠷᠠᠭᠤᠯᠤᠨ ᠵᠠᠰᠠᠵᠤ᠂ ᠵᠣᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠵᠣᠭᠰᠣᠬᠤ ᠥᠬᠡᠶ ᠪᠠᠶᠢᠬᠤ ᠬᠡᠷᠡᠭᠲᠡᠶ ᠬᠡᠪᠡ᠃    ᠰᠦᠨ ᠱᠤᠤ ᠴᠧᠩ᠂ ᠬᠡᠯᠪᠡᠷᠢᠴᠢ ᠦᠵᠡᠯ ᠢ ᠤᠷᠳᠤ ᠬᠤᠭᠤᠴᠠᠭ᠎ᠠ ᠪᠠᠷ ᠵᠠᠰᠠᠬᠰᠠᠨ ᠴᠤ ᠠᠷᠢᠯᠭᠠᠵᠥ ᠴᠢᠳᠠᠬᠤ ᠦᠬᠡᠢ ᠪᠠᠶᠢᠬᠤ ᠶᠢᠨ ᠭᠤᠣᠯ ᠰᠢᠯᠲᠠᠭᠠᠨ ᠨᠢ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠲᠤ ᠪᠤᠢ᠃ ᠬᠡᠯᠪᠡᠷᠢᠴᠢ ᠦᠵᠡᠯ ᠢ ᠠᠷᠢᠯᠭᠠᠬᠤ ᠳᠤ ᠡᠷᠬᠡᠪᠰᠢ ᠠᠷᠤ ᠳᠠᠬᠢ ᠦᠨᠳᠦᠰᠦ ᠶᠢ ᠨᠢ ᠮᠠᠯᠲᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠤᠨ ᠤᠳᠤᠷᠢᠳᠬᠤ ᠺᠠᠳ᠋ᠷ ᠲᠦᠷᠦᠭᠦᠯᠡᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ︽ᠲᠣᠭᠲᠠᠭᠠᠯ︾ ᠤᠨ ᠪᠠᠶᠢᠷᠢᠯᠠᠭᠤᠯᠤᠯᠲᠠ ᠪᠣᠯᠤᠨ ᠲᠥᠪ ᠤᠨ ︽ᠲᠣᠭᠲᠠᠭᠠᠯ ᠤᠳ︾ ᠤᠨ ᠱᠠᠭᠠᠷᠳᠠᠯᠭ᠎ᠠ ᠶᠣᠰᠣᠭᠠᠷ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠶᠣᠰᠣ ᠲᠦᠷᠢᠮ ᠲᠣᠭᠲᠠᠭᠠᠵᠤ᠂ ᠪᠥᠬᠦ ᠣᠷᠣᠨ ᠤ ᠡᠯ᠎ᠡ ᠱᠠᠲᠤᠨ ᠤ ᠬᠢᠨ ᠢ ᠬᠥᠲᠥᠯᠥᠨ ᠳᠠᠭᠠᠭᠤᠯᠵᠤ ᠪᠠᠶᠢᠭᠠᠳ ᠬᠡᠶᠢᠰᠪᠦᠷᠢ ᠶᠢ ᠴᠡᠭᠡᠷᠯᠡᠨ ᠪᠣᠳᠠᠲᠠᠶ ᠶᠢ ᠡᠷᠬᠢᠮᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠭᠦᠷᠭᠡ ᠪᠠᠭᠤᠯᠭᠠᠬᠤ ᠳᠠᠭᠠᠨ ᠦᠨᠡᠨ ᠠᠴᠠ ᠵᠥᠪ ᠢ ᠡᠷᠢᠵᠦ᠂ ᠰᠤᠳᠤᠯᠤᠨ ᠨᠤᠲᠠᠯᠠᠬᠤ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠳᠤ ᠬᠠᠷᠢᠭᠤᠴᠠᠯᠭ᠎ᠠ ᠲᠠᠢ ᠨᠢ ᠬᠠᠷᠢᠯᠴᠠᠨ ᠵᠣᠬᠢᠴᠠᠯᠳᠤᠭᠰᠠᠨ ᠡᠬᠢ ᠪᠠᠶᠠᠯᠢᠭ ᠪᠠ ᠡᠷᠬᠡ ᠶᠢ ᠣᠯᠭᠤᠵᠤ᠂ ᠦᠨᠳᠦᠰᠦᠨ ᠱᠠᠲᠤᠨ ᠤ ᠲᠤᠰᠬᠠᠭᠰᠠᠨ ᠬᠦᠴᠢᠷᠳᠡᠯ ᠢ ᠰᠣᠨᠣᠰᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠠᠵᠢᠯ ᠳᠠᠭᠠᠨ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ ᠂ ᠬᠠᠤᠯᠢ ᠬᠡᠷᠡᠭᠵᠢᠭᠦᠯᠬᠦ ᠳᠡᠭᠡᠨ ᠰᠣᠯᠪᠢᠴᠠᠭᠤᠯᠤᠨ ᠬᠠᠷᠢᠯᠴᠠᠨ ᠪᠠᠶᠢᠴᠠᠭᠠᠬᠤ ᠶᠢ ᠶᠡᠬᠡᠪᠡᠷ ᠬᠡᠷᠡᠭᠵᠢᠭᠦᠯᠦᠨ᠂ ᠠᠰᠠᠭᠤᠳᠠᠯ ᠢ ᠣᠨᠣᠴᠠᠲᠠᠶ ᠢᠯᠡᠷᠡᠭᠦᠯᠵᠦ᠂ ᠠᠰᠠᠭᠤᠳᠠᠯ ᠢ ᠦᠨᠡᠨ ᠮᠥᠨ ᠢᠶᠠᠷ ᠨᠢ ᠬᠠᠷᠢᠭᠤ ᠲᠤᠰᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠪᠣᠳᠠᠲᠠᠶ ᠪᠠᠷ ᠠᠬᠢᠭᠤᠯᠬᠤ ᠬᠡᠷᠡᠭᠲᠡᠶ᠃ ᠦᠨᠡᠨ ᠬᠦ ᠠᠵᠢᠯ ᠬᠢᠵᠦ᠂ ᠠᠵᠢᠯ ᠦᠢᠯᠡᠰ ᠪᠦᠲᠦᠭᠡᠳᠡᠭ ᠺᠠᠳ᠋ᠷ ᠢ ᠶᠡᠭᠡ ᠪᠠᠷ ᠳᠡᠪᠰᠢᠭᠦᠯᠦᠨ ᠬᠡᠷᠡᠭᠯᠡᠵᠦ᠂ ᠦᠨᠡᠨ ᠬᠦ ᠠᠳᠬᠤᠵᠤ ᠪᠣᠳᠠᠲᠠᠢ ᠠᠵᠢᠯᠯᠠᠳᠠᠭ ᠬᠥᠮᠦᠨ ᠳᠤ ᠪᠣᠳᠠᠲᠠᠢ ᠠᠰᠢᠭ ᠬᠦᠷᠲᠡᠭᠡᠵᠦ᠂ ᠦᠨᠡᠨᠴᠢ ᠰᠢᠳᠤᠷᠭᠤ ᠬᠥᠮᠦᠨ ᠢ ᠬᠤᠨᠵᠢᠭᠳᠠᠭᠤᠯᠬᠤ ᠦᠭᠡᠢ ᠪᠠᠶᠢᠬᠤ ᠬᠡᠷᠡᠭᠲᠡᠢ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠯᠪᠡᠷᠢᠴᠢ ᠦᠵᠡᠯ ᠭᠠᠷᠭᠠᠬᠰᠠᠳ ᠢ ᠦᠷᠡᠭᠳᠡᠯ ᠭᠠᠷᠭᠠᠯᠭᠠᠵᠤ᠂ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠶᠡᠷᠦᠩᠬᠡᠶᠢᠯᠡᠪᠡᠯ᠂ ᠠᠷᠭ᠎ᠠ ᠪᠤᠳᠤᠯᠭ᠎ᠠ ᠲᠣᠭᠲᠠᠭᠠᠬᠤ ᠳᠠᠭᠠᠨ ︽ᠪᠣᠳᠠᠲᠠᠢ︾ ᠪᠠᠶᠢᠬᠤ᠂ ᠦᠷ᠎ᠡ ᠪᠦᠲᠦᠮᠵᠢ ᠶᠢ ᠠᠰᠠᠭᠤᠬᠤ ᠳᠠᠭᠠᠨ ︽ᠪᠣᠳᠠᠲᠠᠢ︾ ᠪᠠᠶᠢᠬᠤ᠂ ᠦᠨᠡᠯᠡᠬᠦ ᠳᠡᠭᠡᠨ ︽ᠪᠣᠳᠠᠲᠠᠢ︾ ᠪᠠᠶᠢᠬᠤ ᠶᠢ ᠴᠢᠬᠤᠯᠠᠴᠢᠯᠠᠬᠤ ᠲᠦᠷᠢᠮ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠡᠯᠪᠡᠷᠢᠴᠢ ᠦᠵᠡᠯ ᠡᠭᠦᠰᠭᠦ ᠬᠥᠷᠥᠰᠥ ᠰᠢᠷᠣᠢ ᠶᠢ ᠲᠠᠰᠤᠷᠠᠯᠳᠠ ᠦᠭᠡᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠤᠯᠤᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠦᠨᠡᠨ ᠬᠦ ᠠᠳᠬᠤᠵᠤ ᠪᠣᠳᠠᠲᠠᠢ ᠠᠵᠢᠯᠯᠠᠬᠤ ᠠᠵᠢᠯᠯᠠᠭᠴᠢ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠣᠳᠠᠲᠠᠢ ᠠᠵᠢᠯᠯᠠᠭᠴᠢ ᠪᠣᠯᠭᠠᠬᠤ ᠬᠡᠷᠡᠭᠲᠡᠢ ᠬᠡᠪᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号