ᠡᠨᠡ ᠵᠢᠯ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠢᠯ ᠤᠨ ᠪᠠᠶᠢᠷᠢ ᠶᠢᠨ | ᠳᠠᠯᠳᠠ ᠬᠦᠴᠦᠨ ᠢᠶᠠᠨ ᠠᠭᠤᠳᠠᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ | ᠠᠵᠢᠯᠲᠠᠨ ᠡᠯᠰᠡᠬᠦ ᠵᠠᠭᠪᠤᠷ ᠢ ᠬᠡᠷᠡᠭᠵᠢᠬᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠢ | ᠠᠬᠢᠭᠤᠯᠬᠤ ᠠᠯᠢ ᠣᠯᠠᠨ ︽ᠬᠠᠮ ᠠᠷᠭ᠎ᠠ︾ ᠭᠠᠷᠭᠠᠵᠤ᠂ ᠲᠡᠭᠦᠰᠭᠦ ᠰᠤᠷᠤᠭᠴᠢᠳ ᠤᠨ ᠠᠵᠢᠯ ᠡᠷᠢᠬᠦ ᠳᠤ | ᠬᠤᠯᠪᠣᠭᠠᠰᠤ ᠪᠣᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠬᠥᠭᠦᠷᠭᠡ ᠪᠣᠯᠤᠭᠰᠠᠨ ᠪᠠᠶᠢᠨ᠎ᠠ᠃ | ᠡᠨᠡ ᠵᠢᠯ ᠲᠡᠭᠦᠰᠦᠭᠰᠡᠨ ᠣᠶᠤᠲᠠᠨ ᠲᠢᠶᠠᠨ ᠶᠢᠨ ᠲᠦᠩ ᠠᠯᠠᠱᠠ ᠵᠡᠭᠦᠨ ᠬᠤᠰᠢᠭᠤᠨ ᠤ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠤᠨ 2024 ᠣᠨ ᠤ ᠳᠤᠮᠳᠠ ᠵᠢᠵᠢᠭ ᠠᠵᠤ ᠠᠬᠤᠶᠢᠯᠠᠯ ᠪᠣᠯᠣᠨ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡ ᠪᠠᠷ ᠳᠡᠮᠵᠢᠨ᠂ ᠥᠪᠥᠷ | ᠮᠣᠩᠭᠤᠯ ᠤᠨ ᠳ᠋ᠠ ᠮᠦᠸᠧ ᠡᠾᠦ᠋ᠡᠭ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠠᠵᠤ ᠠᠬᠤᠶᠢᠯᠠᠯ ᠤᠨ ᠨᠥᠭᠡᠴᠡᠯᠡᠬᠦ ᠴᠢᠳᠠᠪᠤᠷᠢᠲᠠᠨ ᠪᠣᠯᠤᠭᠰᠠᠨ ᠪᠠᠶᠢᠨ᠎ᠠ᠃ ᠲᠡᠷᠡ᠂ ᠨᠥᠭᠡᠴᠡᠯᠡᠬᠦ | ᠴᠢᠳᠠᠪᠤᠷᠢᠲᠠᠨ ᠤ ᠬᠤᠭᠤᠴᠠᠭ᠎ᠠ ᠨᠢ 2 ᠵᠢᠯ᠂ ᠰᠠᠷ᠎ᠠ ᠪᠦᠷᠢ 3000 ᠭᠠᠷᠤᠢ ᠲᠥᠭᠦᠷᠢᠭ ᠤᠨ ᠴᠠᠯᠢᠩ ᠣᠯᠵᠤ | ᠪᠣᠯᠣᠨ᠎ᠠ᠂ ᠨᠥᠭᠡᠴᠡᠯᠡᠬᠦ ᠬᠤᠭᠤᠴᠠᠭ᠎ᠠ ᠳᠠᠭᠤᠰᠪᠠᠯ ᠳᠠᠷᠤᠢ ᠲᠥᠷᠥᠯ ᠵᠦᠢᠯ ᠤᠨ ᠠᠵᠢᠯᠲᠠᠨ ᠪᠣᠯᠵᠤ ᠬᠤᠪᠢᠷᠠᠵᠤ | ᠪᠣᠯᠣᠨ᠎ᠠ᠂ ᠬᠤᠶᠢᠰᠢᠳᠠ ᠡᠯ᠎ᠡ ᠲᠥᠷᠥᠯ ᠤᠨ ᠰᠢᠯᠭᠠᠯᠲᠠ ᠳᠤ ᠣᠷᠣᠯᠴᠠᠭᠰᠠᠨ ᠴᠤ ᠲᠡᠷᠡ᠂ ᠪᠡᠶ᠎ᠡ ᠪᠠᠨ ᠳᠠᠭᠠᠭᠠᠵᠤ | ᠠᠳᠠᠯ ᠦᠢᠯᠡᠰ ᠴᠣᠭᠴᠠᠯᠠᠭᠰᠠᠨ ᠴᠤ ᠲᠡᠷᠡ ᠴᠥᠮ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ | ᠪᠣᠯᠣᠨ᠎ᠠ ᠬᠡᠵᠦ ᠪᠠᠶᠢᠯ᠎ᠠ᠃ | ᠡᠨᠡ ᠵᠢᠯ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠳᠡᠭᠡᠳᠦ | ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠭᠡᠬᠦ ᠶᠢᠨ ᠲᠥᠯᠥᠭᠡ᠂ | ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠲᠥᠯᠥᠪᠯᠡᠭᠡ ᠪᠣᠯᠣᠨ ᠳᠤᠮᠳᠠ ᠵᠢᠵᠢᠭ ᠠᠵᠤ ᠠᠬᠤᠶᠢᠯᠠᠯ | ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠨ ᠡᠯᠰᠡᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠪᠡ᠃ ᠰᠤᠷᠭᠠᠭᠤᠯᠢ ᠳᠡᠬᠦᠰᠦᠬᠡᠳ ᠭᠤᠷᠪᠠᠨ ᠵᠢᠯ ᠤᠨ ᠳᠣᠲᠣᠷ᠎ᠠ ᠠᠵᠢᠯ | ᠣᠯᠣᠭᠠᠳᠤᠢ ᠥᠪᠥᠷ ᠮᠣᠩᠭᠤᠯ ᠤᠨ ᠡᠷᠦᠬᠡ ᠠᠮᠠ ᠲᠠᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ | ᠰᠤᠷᠭᠠᠭᠤᠯᠢ ᠲᠡᠭᠦᠰᠦᠭᠰᠡᠳ ᠢ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠠᠵᠢᠯ | ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ᠂ ᠳᠠᠳᠤᠯᠭ᠎ᠠ ᠬᠢᠬᠦ ᠬᠡᠪᠴᠢᠶᠡᠨ ᠳᠤ ᠤᠷᠤᠭᠤᠯᠵᠡᠢ᠃ | ᠡᠭᠦᠨ ᠤ ᠬᠠᠮᠲᠤ᠂ ᠠᠵᠢᠯ ᠤᠯᠭᠤᠬᠤ ᠴᠢᠳᠠᠪᠤᠷᠢ ᠪᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ ᠠᠵᠤ | ᠠᠬᠤᠶᠢᠯᠠᠯ ᠢ ᠳᠤᠮᠳᠠ ᠵᠢᠵᠢᠭ ᠠᠵᠤ ᠠᠬᠤᠶᠢᠯᠠᠯ ᠤᠨ ᠨᠥᠭᠡᠴᠡᠯᠡᠬᠦ᠂ ᠳᠠᠳᠤᠯᠭ᠎ᠠ ᠬᠢᠬᠦ ᠰᠠᠭᠤᠷᠢᠨ ᠭᠠᠵᠠᠷ ᠢᠶᠠᠷ | ᠦᠨᠡᠯᠡᠨ ᠲᠣᠭᠲᠠᠭᠠᠵᠤ᠂ ᠳᠡᠭᠡᠳᠦ ᠰᠤᠷᠭᠠᠭᠤᠯᠢ ᠶᠢᠨ ᠰᠣᠷᠣᠭᠴᠢ᠂ ᠠᠵᠢᠯ ᠣᠯᠣᠭᠠᠳᠤᠢ ᠤᠶᠤᠳᠠᠳ ᠤᠨ | ᠴᠢᠳᠠᠪᠤᠷᠢᠲᠠᠨ ᠨᠥᠭᠡᠴᠡᠯᠡᠬᠦ ᠠᠵᠢᠯ ᠤᠨ ᠪᠠᠶᠢᠷᠢ ᠪᠠ ᠵᠠᠯᠠᠭᠤᠴᠤᠳ ᠤᠨ ᠳᠠᠳᠤᠯᠭ᠎ᠠ ᠬᠢᠬᠦ ᠠᠵᠢᠯ ᠤᠨ ᠪᠠᠶᠢᠷᠢ ᠳᠤ | ᠮᠡᠳᠡᠭᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃ | ᠲᠣᠰ ᠤᠳᠠᠭᠠᠨ ᠤ ᠡᠯᠰᠡᠬᠦ ᠲᠥᠯᠥᠪᠯᠡᠭᠡ ᠳᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠭᠰᠠᠨ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠡᠳ᠋ ᠤᠨ ᠵᠠᠰᠠᠭ ᠤᠨ | ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ | ᠣᠷᠣᠨ ᠤ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠠᠷ ᠲᠣᠭᠲᠠᠭᠠᠵᠤ᠂ ᠳᠠᠳᠤᠯᠭ᠎ᠠ ᠬᠢᠬᠦ | ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠪᠣᠯᠤᠭᠰᠠᠨ ᠨᠢᠭᠡᠴᠡ ᠳᠤ | ᠨᠥᠬᠦᠪᠦᠷᠢ ᠶᠢᠨ ᠪᠠᠷᠢᠮᠵᠢᠶ᠎ᠠ ᠶᠢ 70% ᠪᠠᠷ ᠳᠡᠭᠡᠭᠰᠢᠯᠡᠬᠦᠯᠵᠡᠢ᠃ ᠳᠦᠯᠦᠪᠯᠡᠭᠡ ᠳᠤ ᠤᠷᠤᠭᠰᠡᠳ ᠴᠢᠳᠠᠪᠤᠷᠢᠲᠠᠨ ᠢ | ᠨᠥᠭᠡᠴᠡᠯᠡᠬᠦ ᠦᠢᠯᠡᠴᠢᠯᠡᠭᠡᠨ ᠤ ᠬᠤᠭᠤᠴᠠᠭᠠᠨ ᠳᠤ᠂ ᠵᠠᠰᠠᠭ ᠤᠨ ᠣᠷᠳᠣᠨ ᠠᠴᠠ ᠣᠯᠭᠤᠭᠰᠠᠨ ᠬᠥᠮᠥᠨ ᠪᠦᠷᠢ ᠳᠤ | ᠰᠠᠷ᠎ᠠ ᠳᠤ 1500 ᠲᠥᠭᠦᠷᠢᠭ ᠤᠨ ᠪᠠᠷᠢᠮᠵᠢᠶᠠᠲᠤ ᠠᠮᠢᠳᠤᠷᠠᠯ ᠤᠨ ᠨᠥᠬᠦᠪᠦᠷᠢ ᠶᠢ ᠭᠥᠷᠳᠡᠬᠦ ᠶᠢᠨ ᠬᠠᠮᠲᠤ | ᠨᠥᠭᠡᠴᠡᠯᠡᠵᠦ ᠪᠠᠶᠢᠭ᠎ᠠ ᠨᠢᠭᠡᠴᠡ ᠶᠢᠨ ᠠᠳᠠᠯᠢ ᠲᠥᠷᠥᠯ ᠤᠨ ᠬᠥᠮᠥᠰ ᠤᠨ ᠴᠠᠯᠢᠩ ᠠᠰᠠᠷᠠᠮᠵᠢ ᠶᠢᠨ ᠬᠠᠷᠠᠭᠠᠯᠵᠠᠯ ᠢ | ᠭᠥᠷᠳᠡᠵᠦ ᠪᠣᠯᠣᠨ᠎ᠠ᠃ ᠡᠨᠡ ᠵᠢᠯ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠪᠥᠬᠦ ᠬᠤᠰᠢᠭᠤᠨ ᠤ 17 ᠬᠥᠮᠥᠨ ᠬᠡᠷᠡᠭᠯᠡᠬᠦ ᠨᠢᠭᠡᠴᠡ ᠲᠠᠢ ᠵᠤᠬᠢᠴᠠᠭᠤᠯᠤᠯᠳᠠ ᠬᠢᠵᠦ᠂ 29 ᠳᠠᠳᠤᠯᠭ᠎ᠠ ᠶᠢᠨ | ᠠᠵᠢᠯ ᠤᠨ ᠪᠠᠶᠢᠷᠢ᠂ 22 ᠨᠥᠭᠡᠴᠡ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠣᠳᠣᠬᠠᠨ ᠳᠤ᠂ ᠭᠤᠶᠤᠴᠢᠯᠠᠨ | ᠮᠡᠳᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ ᠪᠠᠶᠢᠨ᠎ᠠ᠃ |