ᠠᠯᠠᠱᠠ ᠵᠡᠭᠦᠨ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/9/24
    ᠡᠨᠡ ᠵᠢᠯ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠢᠯ ᠤᠨ ᠪᠠᠶᠢᠷᠢ ᠶᠢᠨ ᠳᠠᠯᠳᠠ ᠬᠦᠴᠦᠨ ᠢᠶᠠᠨ ᠠᠭᠤᠳᠠᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠠᠵᠢᠯᠲᠠᠨ ᠡᠯᠰᠡᠬᠦ ᠵᠠᠭᠪᠤᠷ ᠢ ᠬᠡᠷᠡᠭᠵᠢᠬᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠢ ᠠᠬᠢᠭᠤᠯᠬᠤ ᠠᠯᠢ ᠣᠯᠠᠨ ︽ᠬᠠᠮ ᠠᠷᠭ᠎ᠠ︾ ᠭᠠᠷᠭᠠᠵᠤ᠂ ᠲᠡᠭᠦᠰᠭᠦ ᠰᠤᠷᠤᠭᠴᠢᠳ ᠤᠨ ᠠᠵᠢᠯ ᠡᠷᠢᠬᠦ ᠳᠤ ᠬᠤᠯᠪᠣᠭᠠᠰᠤ ᠪᠣᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠬᠥᠭᠦᠷᠭᠡ ᠪᠣᠯᠤᠭᠰᠠᠨ ᠪᠠᠶᠢᠨ᠎ᠠ᠃    ᠡᠨᠡ ᠵᠢᠯ ᠲᠡᠭᠦᠰᠦᠭᠰᠡᠨ ᠣᠶᠤᠲᠠᠨ ᠲᠢᠶᠠᠨ ᠶᠢᠨ ᠲᠦᠩ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ 2024 ᠣᠨ ᠤ ᠳᠤᠮᠳᠠ ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡ ᠪᠠᠷ ᠳᠡᠮᠵᠢᠨ᠂ ᠥᠪᠥᠷ ᠮᠣᠩᠭᠤᠯ ᠤᠨ ᠳ᠋ᠠ ᠮᠦᠸᠧ ᠡᠾᠦ᠋ᠡᠭ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠨᠥᠭᠡᠴᠡᠯᠡᠬᠦ ᠴᠢᠳᠠᠪᠤᠷᠢᠲᠠᠨ ᠪᠣᠯᠤᠭᠰᠠᠨ ᠪᠠᠶᠢᠨ᠎ᠠ᠃ ᠲᠡᠷᠡ᠂ ᠨᠥᠭᠡᠴᠡᠯᠡᠬᠦ ᠴᠢᠳᠠᠪᠤᠷᠢᠲᠠᠨ ᠤ ᠬᠤᠭᠤᠴᠠᠭ᠎ᠠ ᠨᠢ 2 ᠵᠢᠯ᠂ ᠰᠠᠷ᠎ᠠ ᠪᠦᠷᠢ 3000 ᠭᠠᠷᠤᠢ ᠲᠥᠭᠦᠷᠢᠭ ᠤᠨ ᠴᠠᠯᠢᠩ ᠣᠯᠵᠤ ᠪᠣᠯᠣᠨ᠎ᠠ᠂ ᠨᠥᠭᠡᠴᠡᠯᠡᠬᠦ ᠬᠤᠭᠤᠴᠠᠭ᠎ᠠ ᠳᠠᠭᠤᠰᠪᠠᠯ ᠳᠠᠷᠤᠢ ᠲᠥᠷᠥᠯ ᠵᠦᠢᠯ ᠤᠨ ᠠᠵᠢᠯᠲᠠᠨ ᠪᠣᠯᠵᠤ ᠬᠤᠪᠢᠷᠠᠵᠤ ᠪᠣᠯᠣᠨ᠎ᠠ᠂ ᠬᠤᠶᠢᠰᠢᠳᠠ ᠡᠯ᠎ᠡ ᠲᠥᠷᠥᠯ ᠤᠨ ᠰᠢᠯᠭᠠᠯᠲᠠ ᠳᠤ ᠣᠷᠣᠯᠴᠠᠭᠰᠠᠨ ᠴᠤ ᠲᠡᠷᠡ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠴᠤ ᠲᠡᠷᠡ ᠴᠥᠮ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ ᠬᠡᠵᠦ ᠪᠠᠶᠢᠯ᠎ᠠ᠃    ᠡᠨᠡ ᠵᠢᠯ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠭᠡᠬᠦ ᠶᠢᠨ ᠲᠥᠯᠥᠭᠡ᠂ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠲᠥᠯᠥᠪᠯᠡᠭᠡ ᠪᠣᠯᠣᠨ ᠳᠤᠮᠳᠠ ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠨ ᠡᠯᠰᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠰᠤᠷᠭᠠᠭᠤᠯᠢ ᠳᠡᠬᠦᠰᠦᠬᠡᠳ ᠭᠤᠷᠪᠠᠨ ᠵᠢᠯ ᠤᠨ ᠳᠣᠲᠣᠷ᠎ᠠ ᠠᠵᠢᠯ ᠣᠯᠣᠭᠠᠳᠤᠢ ᠥᠪᠥᠷ ᠮᠣᠩᠭᠤᠯ ᠤᠨ ᠡᠷᠦᠬᠡ ᠠᠮᠠ ᠲᠠᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠵᠢᠭᠰᠠᠭᠠᠨ ᠪᠠᠶᠢᠴᠠᠭᠠᠬᠤ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ᠂ ᠳᠠᠳᠤᠯᠭ᠎ᠠ ᠬᠢᠬᠦ ᠬᠡᠪᠴᠢᠶᠡᠨ ᠳᠤ ᠤᠷᠤᠭᠤᠯᠵᠡᠢ᠃ ᠡᠭᠦᠨ ᠤ ᠬᠠᠮᠲᠤ᠂ ᠠᠵᠢᠯ ᠤᠯᠭᠤᠬᠤ ᠴᠢᠳᠠᠪᠤᠷᠢ ᠪᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ ᠠᠵᠤ ᠠᠬᠤᠶᠢᠯᠠᠯ ᠢ ᠳᠤᠮᠳᠠ ᠵᠢᠵᠢᠭ ᠠᠵᠤ ᠠᠬᠤᠶᠢᠯᠠᠯ ᠤᠨ ᠨᠥᠭᠡᠴᠡᠯᠡᠬᠦ᠂ ᠳᠠᠳᠤᠯᠭ᠎ᠠ ᠬᠢᠬᠦ ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠵᠤ᠂ ᠳᠡᠭᠡᠳᠦ ᠰᠤᠷᠭᠠᠭᠤᠯᠢ ᠶᠢᠨ ᠰᠣᠷᠣᠭᠴᠢ᠂ ᠠᠵᠢᠯ ᠣᠯᠣᠭᠠᠳᠤᠢ ᠤᠶᠤᠳᠠᠳ ᠤᠨ ᠴᠢᠳᠠᠪᠤᠷᠢᠲᠠᠨ ᠨᠥᠭᠡᠴᠡᠯᠡᠬᠦ ᠠᠵᠢᠯ ᠤᠨ ᠪᠠᠶᠢᠷᠢ ᠪᠠ ᠵᠠᠯᠠᠭᠤᠴᠤᠳ ᠤᠨ ᠳᠠᠳᠤᠯᠭ᠎ᠠ ᠬᠢᠬᠦ ᠠᠵᠢᠯ ᠤᠨ ᠪᠠᠶᠢᠷᠢ ᠳᠤ ᠮᠡᠳᠡᠭᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃    ᠲᠣᠰ ᠤᠳᠠᠭᠠᠨ ᠤ ᠡᠯᠰᠡᠬᠦ ᠲᠥᠯᠥᠪᠯᠡᠭᠡ ᠳᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠭᠰᠠᠨ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠡᠳ᠋ ᠤᠨ ᠵᠠᠰᠠᠭ ᠤᠨ ᠨᠥᠬᠦᠪᠦᠷᠢ ᠣᠯᠭᠤᠵᠤ᠂ ᠨᠥᠬᠦᠪᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠣᠷᠣᠨ ᠤ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠠᠷ ᠲᠣᠭᠲᠠᠭᠠᠵᠤ᠂ ᠳᠠᠳᠤᠯᠭ᠎ᠠ ᠬᠢᠬᠦ ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠪᠣᠯᠤᠭᠰᠠᠨ ᠨᠢᠭᠡᠴᠡ ᠳᠤ ᠨᠥᠬᠦᠪᠦᠷᠢ ᠶᠢᠨ ᠪᠠᠷᠢᠮᠵᠢᠶ᠎ᠠ ᠶᠢ 70% ᠪᠠᠷ ᠳᠡᠭᠡᠭᠰᠢᠯᠡᠬᠦᠯᠵᠡᠢ᠃ ᠳᠦᠯᠦᠪᠯᠡᠭᠡ ᠳᠤ ᠤᠷᠤᠭᠰᠡᠳ ᠴᠢᠳᠠᠪᠤᠷᠢᠲᠠᠨ ᠢ ᠨᠥᠭᠡᠴᠡᠯᠡᠬᠦ ᠦᠢᠯᠡᠴᠢᠯᠡᠭᠡᠨ ᠤ ᠬᠤᠭᠤᠴᠠᠭᠠᠨ ᠳᠤ᠂ ᠵᠠᠰᠠᠭ ᠤᠨ ᠣᠷᠳᠣᠨ ᠠᠴᠠ ᠣᠯᠭᠤᠭᠰᠠᠨ ᠬᠥᠮᠥᠨ ᠪᠦᠷᠢ ᠳᠤ ᠰᠠᠷ᠎ᠠ ᠳᠤ 1500 ᠲᠥᠭᠦᠷᠢᠭ ᠤᠨ ᠪᠠᠷᠢᠮᠵᠢᠶᠠᠲᠤ ᠠᠮᠢᠳᠤᠷᠠᠯ ᠤᠨ ᠨᠥᠬᠦᠪᠦᠷᠢ ᠶᠢ ᠭᠥᠷᠳᠡᠬᠦ ᠶᠢᠨ ᠬᠠᠮᠲᠤ ᠨᠥᠭᠡᠴᠡᠯᠡᠵᠦ ᠪᠠᠶᠢᠭ᠎ᠠ ᠨᠢᠭᠡᠴᠡ ᠶᠢᠨ ᠠᠳᠠᠯᠢ ᠲᠥᠷᠥᠯ ᠤᠨ ᠬᠥᠮᠥᠰ ᠤᠨ ᠴᠠᠯᠢᠩ ᠠᠰᠠᠷᠠᠮᠵᠢ ᠶᠢᠨ ᠬᠠᠷᠠᠭᠠᠯᠵᠠᠯ ᠢ ᠭᠥᠷᠳᠡᠵᠦ ᠪᠣᠯᠣᠨ᠎ᠠ᠃ ᠡᠨᠡ ᠵᠢᠯ᠂ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠪᠥᠬᠦ ᠬᠤᠰᠢᠭᠤᠨ ᠤ 17 ᠬᠥᠮᠥᠨ ᠬᠡᠷᠡᠭᠯᠡᠬᠦ ᠨᠢᠭᠡᠴᠡ ᠲᠠᠢ ᠵᠤᠬᠢᠴᠠᠭᠤᠯᠤᠯᠳᠠ ᠬᠢᠵᠦ᠂ 29 ᠳᠠᠳᠤᠯᠭ᠎ᠠ ᠶᠢᠨ ᠠᠵᠢᠯ ᠤᠨ ᠪᠠᠶᠢᠷᠢ᠂ 22 ᠨᠥᠭᠡᠴᠡ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ ᠣᠳᠣᠬᠠᠨ ᠳᠤ᠂ ᠭᠤᠶᠤᠴᠢᠯᠠᠨ ᠮᠡᠳᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号