ᠮᠠᠨ ᠤ ᠠᠶᠢᠮᠠᠭ ᠲᠠᠷᠢᠮᠠᠯ ᠤᠨ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠶᠢ ᠲᠦᠷᠭᠡᠳᠭᠡᠵᠦ ᠲᠠᠷᠢᠶᠠᠯᠠᠩ ᠤᠨ ᠥᠭᠡᠷᠡᠴᠢᠯᠡᠯᠲᠡ ᠶᠢ ᠬᠦᠴᠦᠯᠠᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/9/24
    ᠤᠢᠢᠷ᠎ᠠ ᠶᠢᠨ ᠵᠢᠯ ᠠᠴᠠ᠂ ᠮᠠᠨ ᠤ ᠠᠶᠢᠮᠠᠭ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠬᠥᠳᠡᠭᠡ ᠠᠵᠤ ᠠᠬᠤᠢ ᠶᠢᠨ ᠲᠠᠷᠢᠮᠠᠯ ᠤᠨ ᠪᠦᠲᠦᠴᠡ ᠶᠢᠨ ᠳᠤᠬᠢᠷᠠᠭᠤᠯᠤᠯᠳᠠ ᠶᠢ ᠲᠦᠷᠬᠡᠳᠬᠡᠨ᠂ ᠭᠠᠵᠠᠷ ᠣᠷᠣᠨ ᠤ ᠪᠠᠶᠢᠳᠠᠯ ᠳᠤ ᠲᠤᠬᠢᠷᠠᠭᠰᠠᠨ ᠤᠨᠴᠠᠯᠢᠬᠳᠤ ᠠᠵᠤ ᠦᠢᠯᠡᠰ ᠢ ᠬᠥᠭᠵᠢᠭᠦᠯᠦᠭᠰᠡᠨ ᠠᠴᠠ ᠲᠠᠷᠢᠶᠠᠯᠠᠩ ᠤᠨ ᠦᠢᠯᠡᠰ ᠴᠢᠨᠡᠷ ᠰᠠᠶᠢᠳᠡᠢ ᠬᠦᠭᠵᠢᠵᠦ᠂ ᠪᠦᠬᠦ ᠠᠶᠢᠮᠠᠭ ᠤᠨ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠳᠤ ᠬᠦᠴᠦᠨ ᠨᠠᠮᠡᠷᠢᠯᠡᠭᠰᠡᠨ ᠪᠠᠶᠢᠨ᠎ᠠ᠃    ᠤᠶᠢᠷ᠎ᠠ ᠶᠢᠨ ᠡᠳᠦᠷ ᠰᠤᠷᠪᠤᠯᠵᠢᠯᠠᠭᠴᠢ ᠬᠤᠶᠡᠷᠬᠤᠳᠳᠤᠭ ᠤᠨ ᠬᠦᠳᠡᠭᠡ ᠠᠮᠢ ᠠᠬᠤᠢ ᠨᠡᠬᠦᠳᠠᠯ ᠠᠷᠠᠳ ᠤᠨ ᠵᠢᠱᠢᠶ᠎ᠡ ᠦᠵᠡᠭᠦᠯᠬᠦ ᠤᠷᠤᠨ ᠤ ᠬᠦᠢᠰᠤᠨ ᠭᠠᠴᠠᠭ᠎ᠠ ᠳᠤ ᠬᠦᠷᠬᠦ ᠳᠤ᠂ ᠲᠠᠷᠢᠮᠠᠯ ᠤᠨ ᠲᠤᠮᠤ ᠡᠷᠦᠬᠡ ᠯᠢ ᠸᠧᠢ ᠨᠡᠷᠡᠨ ᠬᠤᠸᠡᠷ ᠤᠨ ᠲᠠᠷᠢᠶᠠᠨ ᠳᠠᠭᠠᠨ ᠶᠠᠭᠠᠷᠡᠵᠦ ᠪᠠᠶᠢᠯ᠎ᠠ᠃ ᠲᠡᠷᠡ᠂ ᠮᠠᠨ ᠤ ᠲᠠᠷᠢᠶᠠᠴᠢᠳ ᠡᠯᠪᠡᠭ ᠬᠤᠷᠢᠶᠠᠯᠳᠠ ᠶᠢᠨ ᠶᠠᠭᠠᠷᠠᠯᠳᠡᠢ ᠴᠠᠭ ᠢᠶᠠᠨ ᠤᠭᠳᠤᠵᠦ ᠠᠪᠤᠯ᠎ᠠ᠂ ᠮᠦᠨ ᠴᠤ ᠪᠢᠳᠠᠨ ᠤ ᠬᠠᠮᠤᠭ ᠤᠨ ᠪᠡᠶᠡᠷ ᠵᠢᠷᠭᠠᠯ ᠲᠠᠢ ᠴᠠᠭ ᠦᠶ᠎ᠠ ᠰᠢᠤ ᠬᠡᠮᠡᠨ ᠪᠡᠶᠡᠷ ᠲᠠᠢ ᠶᠡᠷᠢᠨ᠎ᠠ᠃ ᠡᠨᠡ ᠵᠢᠯ᠂ ᠯᠢ ᠸᠧᠶ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠵᠣᠷᠢᠭᠲᠠᠶ ᠲᠤᠷᠰᠢᠨ ᠬᠢᠵᠦ᠂ 2000 ᠮᠥ ᠭᠠᠵᠡᠷ ᠲᠤ ᠨᠡᠷᠡᠨ ᠬᠤᠸᠡᠷ ᠳᠠᠷᠢᠬᠤ ᠶᠢᠨ ᠬᠠᠮᠲᠤ ᠲᠤᠨᠤᠭ ᠲᠦᠬᠦᠬᠡᠷᠦᠮᠵᠢ ᠶᠢ ᠤᠷᠤᠭᠤᠯᠤᠨ ᠠᠪᠴᠢᠷᠡᠵᠦ᠂ ᠨᠡᠷᠡᠨ ᠬᠤᠸᠡᠷ ᠤᠨ ᠦᠷ᠎ᠡ ᠶᠢ ᠰᠢᠭᠰᠢᠬᠦ᠂ ᠢᠯᠭᠠᠷᠠᠭᠤᠯᠬᠤ ᠵᠡᠷᠬᠡ ᠠᠵᠢᠯ ᠤᠨ ᠳᠠᠷᠠᠭᠠᠯᠠᠯ ᠢ ᠦᠡᠭᠬᠡᠷᠡᠬᠡᠭᠰᠡᠨ ᠢᠶᠠᠨ ᠳᠠᠬᠢᠨ ᠬᠥᠮᠦᠨ ᠤ ᠬᠦᠴᠦ ᠪᠠᠷ ᠲᠡᠭᠦᠵᠦ ᠰᠣᠩᠭᠤᠬᠤ ᠪᠠᠷ ᠳᠡᠮᠵᠢᠨ᠂ ᠡᠴᠦᠰ ᠤᠨ ᠪᠦᠲᠦᠭᠡᠭᠳᠡᠬᠦᠨ ᠨᠢ ᠴᠢᠨᠠᠷ ᠰᠠᠶᠢᠲᠠᠶ ᠦᠢᠯᠡᠳᠬᠦᠨ ᠤ ᠪᠠᠷᠢᠮᠵᠢᠶ᠎ᠠ ᠳᠤ ᠭᠦᠷᠦᠭᠰᠡᠨ ᠤ ᠳᠠᠷᠠᠭ᠎ᠠ ᠬᠤᠪᠸᠢ᠂ ᠵᠢᠶᠠᠩᠰᠦ ᠵᠡᠷᠭᠡ ᠭᠠᠵᠠᠷ ᠲᠤ ᠪᠤᠷᠤᠯᠠᠭᠤᠯᠵᠦ᠂ ᠤᠷᠤᠯᠭ᠎ᠠ ᠨᠢ ᠲᠤᠭᠳᠠᠪᠤᠷᠢᠳᠡᠢ ᠪᠦᠬᠡᠳ ᠵᠢᠯ ᠠᠴᠠ ᠵᠢᠯ ᠨᠡᠮᠡᠭᠳᠡᠯ ᠢᠶᠠᠨ ᠪᠠᠳᠤᠯᠠᠭᠰᠠᠭᠠᠷ ᠢᠷᠡᠭᠰᠡᠨ ᠪᠠᠶᠢᠨ᠎ᠠ᠃    ᠵᠢᠱᠢᠶ᠎ᠡ ᠦᠵᠡᠭᠦᠯᠬᠦ ᠣᠷᠣᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠳᠠᠩ ᠯᠢ ᠯᠢ᠂ ᠨᠡᠷᠡᠨ ᠬᠤᠸᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠦᠯᠦᠬᠡ ᠪᠢᠳᠠ ᠮᠠᠯᠴᠢᠨ ᠲᠠᠷᠢᠶᠠᠴᠢᠨ ᠤ ᠨᠡᠷᠡᠨ ᠬᠤᠸᠡᠷ ᠳᠠᠷᠢᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠨᠡᠷᠡᠨ ᠬᠤᠸᠡᠷ ᠪᠤᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠳᠣᠭᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠳᠠᠷᠢᠬᠤ ᠮᠡᠷᠭᠡᠵᠢᠯ ᠢ ᠳᠡᠯᠭᠡᠷᠡᠭᠦᠯᠦᠨ᠂ ᠨᠡᠷᠡᠨ ᠬᠤᠸᠡᠷ ᠤᠨ ᠲᠥᠷᠥᠯ ᠵᠦᠢᠯ᠂ ᠶᠠᠰᠤ ᠴᠢᠨᠠᠷ ᠪᠠ ᠳᠠᠷᠢᠬᠤ ᠮᠡᠷᠭᠡᠵᠢᠯ ᠢ ᠦᠨᠳᠦᠰᠦᠨ ᠠᠴᠠ ᠨᠢ ᠳᠡᠭᠡᠭᠰᠢᠯᠡᠭᠦᠯᠵᠦ᠂ ᠨᠡᠷᠡᠨ ᠬᠤᠸᠡᠷ ᠤᠨ ᠦᠢᠯᠡᠳᠪᠦᠷᠢᠯᠡᠯ ᠢ ᠥᠨᠳᠥᠷ ᠤᠨᠠᠯᠲᠠ ᠲᠠᠢ ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠳᠠᠶᠢᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠵᠦ ᠪᠤᠢ ᠬᠡᠵᠦ ᠪᠠᠶᠢᠪᠠ᠃    ᠮᠠᠨ ᠤ ᠠᠶᠢᠮᠠᠭ ᠬᠥᠳᠡᠭᠡ ᠠᠵᠤ ᠠᠬᠤᠢ ᠶᠢᠨ ᠲᠠᠷᠢᠮᠠᠯ ᠤᠨ ᠪᠦᠲᠦᠴᠡ ᠳᠤ ᠳᠤᠬᠢᠷᠠᠭᠤᠯᠤᠯᠳᠠ ᠬᠢᠬᠦ ᠳᠡᠭᠡᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠵᠦ᠂ ᠬᠦᠯᠡᠮᠵᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠭᠰᠡᠨ ᠠᠴᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠬᠡᠯᠢᠭᠵᠢᠬᠦ ᠠᠷᠭ᠎ᠠ ᠵᠠᠮ ᠢ ᠥᠷᠭᠡᠳᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠪᠠᠶᠠᠨᠬᠤᠲᠠ ᠪᠠᠯᠭᠠᠰᠤᠨ ᠤ ᠳ᠋ᠠ ᠮᠦᠸᠧ ᠠᠮᠢ ᠠᠬᠤᠢ ᠶᠢᠨ ᠵᠢᠮᠢᠰ ᠲᠡᠭᠦᠬᠦ ᠬᠦᠷᠢᠶᠡᠯᠡᠩ ᠳᠤ ᠣᠷᠣᠬᠤ ᠳᠤ ᠡᠯ᠎ᠠ ᠵᠦᠢᠯ ᠤᠨ ᠦᠡᠭᠬᠡᠲᠦ ᠬᠤᠸᠡᠷ ᠴᠡᠴᠡᠭ ᠮᠢᠷᠡᠯᠵᠠᠨ᠂ ᠨᠤᠭᠤᠭ᠎ᠠ ᠵᠢᠮᠢᠰ ᠨᠢᠳᠦᠨ ᠳᠤ ᠦᠷᠳᠦᠭᠳᠡᠵᠦ᠂ ᠢᠷᠡᠭᠰᠡᠳ ᠤᠨ ᠲᠤᠷ᠎ᠠ ᠪᠠᠭ᠋ᠠᠷᠬᠠᠯ ᠢ ᠡᠷᠬᠡ ᠦᠬᠡᠢ ᠲᠠᠳᠠᠨ᠎ᠠ᠃ ᠲᠤᠰ ᠵᠢᠮᠢᠰ ᠤᠨ ᠬᠦᠷᠢᠶᠡᠯᠡᠩ ᠤᠨ ᠬᠢᠨ 200 ᠭᠠᠷᠤᠶ ᠮᠥ ᠭᠠᠵᠡᠷ ᠲᠤ ᠵᠢᠮᠢᠰ ᠳᠠᠷᠢᠵᠦ᠂ ᠬᠤᠲᠠ ᠪᠠᠯᠭᠠᠰᠤ ᠠᠴᠠ ᠣᠶᠢᠷ᠎ᠠ᠂ ᠵᠠᠮ ᠬᠠᠷᠢᠯᠴᠠᠭ᠎ᠠ ᠲᠥᠬᠦᠮ ᠵᠡᠷᠭᠡ ᠳᠠᠪᠠᠭᠤᠯᠢᠭ ᠲᠠᠭᠠᠨ ᠲᠦᠰᠢᠭᠯᠡᠨ ᠤᠨᠴᠠᠯᠢᠭᠳᠤ ᠲᠠᠷᠢᠶᠠᠯᠠᠩ ᠤᠨ ᠦᠢᠯᠡᠰ ᠢ ᠬᠥᠭᠵᠢᠭᠦᠯᠵᠦ ᠪᠤᠢ᠃ ᠬᠦᠷᠢᠶᠡᠯᠡᠩ ᠤᠨ ᠬᠠᠷᠢᠭᠤᠴᠠᠯᠭᠠᠲᠠᠨ ᠤ ᠬᠡᠯᠡᠬᠦ ᠪᠠᠷ᠂ ᠵᠢᠮᠢᠰ ᠲᠡᠭᠦᠬᠦ ᠰᠠᠭᠤᠭᠠᠯᠢ ᠠᠷᠠᠳ ᠬᠡᠵᠢᠶᠠᠳᠠ ᠴᠤ ᠲᠠᠰᠤᠷᠠᠳᠠᠭ ᠦᠬᠡᠢ᠂ ᠤᠯᠠᠩᠬᠢ ᠬᠦᠮᠦᠨ ᠭᠠᠷᠠᠭ ᠤᠨ ᠠᠮᠠᠷᠠᠯᠳᠠ ᠶᠢᠨ ᠬᠤᠭᠤᠴᠠᠭ᠎ᠠ ᠪᠠᠷ ᠬᠡᠤᠬᠡᠳ ᠪᠠᠭᠠᠴᠤᠳ ᠢᠶᠠᠨ ᠲᠠᠭᠠᠭᠤᠯᠵᠦ ᠵᠢᠮᠢᠰ ᠲᠡᠬᠦᠵᠦ᠂ ᠬᠡᠤᠬᠡᠳ ᠲᠡᠭᠡᠨ ᠲᠠᠷᠢᠶᠠᠯᠠᠬᠤ ᠠᠮᠢᠳᠤᠷᠠᠯ ᠢ ᠪᠠᠶᠠᠳᠠᠨ ᠤᠶᠢᠯᠠᠭᠠᠭᠤᠯᠳᠠᠭ ᠬᠡᠵᠦ ᠪᠠᠶᠢᠪᠠ᠃    ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠮᠥᠨ ᠴᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠪᠠᠲᠤᠯᠠᠭ᠎ᠠ ᠪᠣᠯᠤᠨ᠎ᠠ᠃ ᠡᠨᠡ ᠵᠢᠯ᠂ ᠮᠠᠨ ᠤ ᠠᠶᠢᠮᠠᠭ ᠡᠬᠢ ᠪᠠᠶᠠᠯᠢᠭ ᠤᠨ ᠳᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠬᠦ ᠶᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠣᠯ ᠰᠢᠪᠲᠤᠯᠤᠯᠲᠠ ᠪᠤᠯᠭᠠᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢ ᠶᠡᠭᠡ ᠪᠠᠷ ᠥᠷᠨᠢᠭᠦᠯᠦᠨ᠂ ᠴᠢ ᠯᠢᠨ ᠲᠠᠷᠪᠤᠰ᠂ ᠪᠠᠯᠲᠤ ᠬᠡᠮᠬᠡ᠂ ᠼᠠᠨᠳᠧᠦ ᠪᠤᠷᠴᠠᠭ᠂ ᠨᠡᠷᠡᠨ ᠬᠤᠸᠡᠷ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠣᠭᠤᠷᠢᠨ ᠳᠤ᠂ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠬᠦ᠂ ᠪᠠᠷᠢᠮᠵᠢᠶᠠᠵᠢᠬᠤ᠂ ᠨᠠᠷᠠᠲᠤ ᠲᠡᠮᠳᠡᠭᠵᠢᠬᠦ᠂ ᠪᠣᠬᠢᠷᠲᠤᠯ ᠥᠬᠡᠶ ᠪᠣᠯᠭᠠᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠨᠠᠯᠲᠠ ᠶᠢ ᠲᠣᠭᠲᠠᠪᠤᠷᠢᠵᠢᠭᠤᠯᠬᠤ ᠶᠢᠨ ᠬᠠᠮᠲᠤ ᠮᠠᠨ ᠤ ᠠᠶᠢᠮᠠᠭ ᠤᠨ ᠠᠮᠤ ᠪᠤᠳᠠᠭᠠᠨ ᠤ ᠤᠨᠠᠯᠲᠠ ᠪᠠ ᠠᠵᠤ ᠠᠬᠤᠶ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号