ᠠᠵᠢᠯ ᠤᠨ ᠭᠤᠤᠯ ᠰᠢᠵᠢᠮ ᠢ ᠳᠣᠣᠱᠯᠠᠭᠤᠯᠬᠤ ᠳᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠤᠬᠠᠮᠰᠠᠷ ᠢ ᠦᠨᠡᠨ ᠬᠦ ᠪᠠᠲᠤ ᠪᠣᠶ ᠪᠣᠯᠭᠠᠬᠤ ᠬᠡᠷᠡᠭᠲᠡᠶ
ᠨᠡᠶᠢᠲᠡᠯᠡᠭᠰᠡᠨ ᠴᠠᠭ᠄
2024/9/24
    ︽ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠬᠦᠰᠡᠵᠦ ᠪᠠᠶᠢᠨ᠎ᠠ︾᠃ ᠶᠡᠷᠦᠩᠬᠡᠢ ᠱᠦᠵᠢ ᠰᠢ ᠶᠢᠨ ᠫᠢᠩ ᠤᠨ ᠨᠠᠨᠳᠢᠨ ᠬᠦᠰᠡᠯ ᠨᠠᠶᠢᠳᠠᠯᠭ᠎ᠠ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠰᠡᠳᠭᠢᠯ ᠢ ᠢᠯᠡᠳᠭᠡᠵᠦ᠂ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠶᠢ ᠠᠬᠢᠭᠤᠯᠬᠤ ᠳᠤ᠂ ᠪᠢᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠢ ᠦᠨᠡᠨ ᠬᠦ ᠪᠠᠲᠤ ᠪᠤᠢ ᠪᠣᠯᠭᠠᠬᠤ ᠬᠡᠷᠡᠭᠲᠡᠢ᠃    ᠶᠠᠭᠤ ᠶᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠡᠬᠦ ᠪᠤᠢ︖ ᠰᠠᠬᠢᠬᠤ ᠪᠣᠯ ᠳᠠᠷᠤᠢ ᠭᠡᠷ ᠡᠷᠦᠭᠡ ᠪᠠᠨ ᠰᠠᠶᠢᠲᠤᠷ ᠰᠠᠬᠢᠵᠤ᠂ ᠡᠭᠡ ᠤᠯᠤᠰ ᠤᠨ ᠬᠢᠯᠢ ᠬᠢᠵᠠᠭᠠᠷ ᠢᠶᠠᠨ ᠰᠠᠶᠢᠲᠤᠷ ᠰᠠᠬᠢᠵᠤ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠭᠡᠷ ᠣᠷᠣᠨ ᠢᠶᠠᠨ ᠰᠠᠶᠢᠲᠤᠷ ᠰᠠᠬᠢᠬᠤ ᠶᠠᠪᠤᠳᠠᠯ ᠪᠣᠯᠤᠨ᠎ᠠ︔ ᠪᠠᠷᠠᠯᠠᠬᠤ ᠭᠡᠳᠡᠭ ᠨᠢ ᠳᠠᠷᠤᠢ ᠥᠨᠳᠥᠷ ᠲᠤ ᠵᠣᠭᠰᠣᠨ ᠠᠯᠤᠰ ᠢ ᠪᠠᠷᠠᠯᠠᠵᠦ ᠂ ᠦᠢᠯᠡᠰ ᠢᠶᠠᠨ ᠲᠥᠯᠥᠪᠵᠢᠭᠦᠯᠵᠦ᠂ ᠬᠥᠭᠵᠢᠯᠲᠡ ᠶᠢ ᠡᠷᠢᠯᠬᠢᠯᠡᠬᠦ ᠳᠤ ᠲᠤᠬᠠᠢ ᠶᠢᠨ ᠭᠠᠵᠠᠷ ᠠᠴᠠ ᠪᠠᠨ ᠭᠠᠷᠴᠤ᠂ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠭᠠᠷᠴᠤ᠂ ᠥᠪᠥᠷ ᠮᠣᠩᠭᠤᠯ ᠠᠴᠠ ᠪᠠᠨ ᠭᠠᠷᠴᠤ᠂ ᠥᠷᠭᠡᠨ ᠳᠡᠯᠭᠡᠷ ᠳᠡᠯᠡᠬᠡᠢ ᠶᠢᠨ ᠬᠠᠷᠠᠴᠠ ᠲᠠᠢ᠂ ᠶᠡᠭᠡ ᠲᠠᠯ᠎ᠠ ᠶᠢᠨ ᠤᠬᠠᠮᠰᠠᠷ ᠲᠠᠢ ᠪᠠᠶᠢᠬᠤ ᠶᠢ ᠬᠡᠯᠡᠵᠦ ᠪᠠᠶᠢᠨ᠎ᠠ︔ ᠬᠠᠷᠢᠯᠴᠠᠨ ᠬᠠᠪᠰᠤᠷᠤᠯᠴᠠᠬᠤ ᠪᠣᠯ ᠳᠠᠷᠤᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠵᠤ ᠡᠶ᠎ᠡ ᠵᠣᠬᠢᠴᠠᠩᠭᠤᠢ ᠪᠠᠶᠢᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠲᠠᠷᠠᠨ ᠪᠦᠯᠬᠦᠮᠳᠡᠵᠦ᠂ ᠡᠭᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠠᠪᠤᠳᠠᠯ ᠪᠣᠯᠤᠨ᠎ᠠ᠃    ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠵᠠᠩᠭᠢᠯᠠᠭ᠎ᠠ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠵᠣᠯ ᠵᠢᠷᠭᠠᠯ ᠤᠨ ᠲᠦᠰᠢᠭ ᠶᠤᠮ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠶᠠᠪᠤᠵᠤ ᠢᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠪᠡᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠪᠣᠯ ᠪᠢᠳᠡᠨ ᠤ ᠲᠠᠰᠤᠷᠠᠯᠳᠠ ᠦᠭᠡᠢ ᠢᠯᠠᠯᠲᠠ ᠤᠯᠬᠤ ᠶᠢᠨ ᠠᠨᠢᠰᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 77 ᠵᠢᠯ ᠤᠨ ᠲᠤᠷᠰᠢ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠭᠠᠷ ᠭᠠᠷ ᠢᠶᠠᠨ ᠬᠤᠯᠪᠣᠯᠴᠠᠨ ᠰᠡᠳᠭᠢᠯ ᠵᠢᠷᠦᠬᠡ ᠪᠠᠨ ᠬᠤᠯᠪᠣᠯᠴᠠᠵᠤ᠂ ︽ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ ᠪᠥᠲᠥᠭᠡᠨ ᠪᠠᠶᠢᠭᠤᠯᠤᠭᠰᠠᠨ︾᠂ ︽ᠭᠤᠷᠪᠠᠨ ᠮᠢᠩᠭᠠᠨ ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠶ ᠪᠠᠨ ᠰᠠᠨᠰᠠᠷ ᠤᠨ ᠠᠶᠠᠯᠠᠯ ᠤᠨ ᠦᠢᠯᠡᠰ ᠲᠤ ᠵᠤᠷᠢᠭᠤᠯᠤᠭᠰᠠᠨ︾ ᠵᠡᠷᠭᠡ ᠲᠡᠦᠬᠡ ᠶᠢᠨ ᠰᠠᠶᠢᠬᠠᠨ ᠳᠠᠭᠤᠷᠢᠰᠬᠠᠯ ᠢ ᠡᠭᠦᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠣᠯᠤᠭᠰᠠᠨ ᠪᠥᠭᠡᠳ ᠣᠷᠳᠣ ᠬᠤᠭᠤᠴᠠᠭ᠎ᠠ ᠪᠠᠷ ᠪᠠᠳᠤᠯᠠᠪᠠ᠃    ᠰᠢᠨ᠎ᠡ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠠᠶᠤᠯ ᠲᠦᠭᠰᠢᠭᠦᠷᠢ ᠰᠢᠨ᠎ᠡ ᠥᠷᠢᠰᠥᠯᠳᠦᠭᠡᠨ ᠢ ᠢᠯᠠᠨ ᠳᠠᠪᠠᠭ᠋ᠤ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠦᠴᠦᠷᠬᠡᠭ ᠶᠡᠭᠡ ᠬᠦᠴᠦᠨ ᠴᠢᠳᠠᠯ ᠠᠴᠠ ᠰᠠᠯᠵᠤ ᠴᠢᠳᠠᠬᠤ ᠦᠭᠡᠢ ᠶᠤᠮ᠃ ᠣᠳᠣᠬᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠯ ᠥᠪᠥᠷ ᠮᠣᠩᠭᠤᠯ ᠤᠨ ᠭᠤᠣᠯ ᠡᠭᠦᠷᠭᠡ ᠪᠣᠯᠬᠤ ᠪᠥᠭᠡᠳ ᠥᠪᠥᠷ ᠮᠣᠩᠭᠤᠯ ᠤᠨ ᠬᠠᠮᠤᠭ ᠤᠨ ᠶᠡᠭᠡ ᠪᠣᠳᠠᠲᠤ ᠪᠠᠶᠢᠳᠠᠯ ᠪᠣᠯᠤᠨ᠎ᠠ᠃ ᠣᠷᠣᠨ ᠳᠠᠶᠠᠭᠠᠷ ᠢᠶᠠᠨ ᠡᠷᠬᠡᠪᠰᠢ ᠡᠨᠡ ᠬᠦ ᠭᠤᠤᠯ ᠡᠭᠦᠷᠭᠡ ᠪᠣᠯᠤᠨ ᠬᠠᠮᠤᠭ ᠤᠨ ᠶᠡᠭᠡ ᠪᠣᠳᠠᠲᠤ ᠪᠠᠶᠢᠳᠠᠯ ᠢ ᠴᠢᠩᠭ᠎ᠠ ᠡᠵᠡᠮᠳᠡᠵᠦ᠂ ᠨᠢᠭᠡ ᠰᠡᠳᠭᠢᠯ ᠨᠢᠭᠡ ᠴᠢᠭᠯᠡᠯ ᠢᠶᠠᠷ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠴᠠ ᠳᠠᠬᠢ ᠭᠤᠤᠯᠳᠠᠯᠭ᠎ᠠ᠂ ᠲᠦᠪᠡᠭᠳᠡᠯ᠂ ᠲᠦᠭᠵᠢᠷᠡᠯ ᠢ ᠴᠢᠩᠭ᠎ᠠ ᠠᠩᠬᠠᠷᠴᠤ᠂ ᠪᠣᠭᠤᠮᠲᠠ ᠰᠢᠪᠲᠤᠯᠬᠤ ᠬᠠᠷᠰᠢ ᠰᠠᠭᠠᠳ ᠢ ᠠᠷᠢᠯᠭᠠᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠠᠵᠢᠯ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠡᠯ᠎ᠡ ᠵᠦᠢᠯ ᠤᠨ ᠲᠦᠭᠵᠢᠷᠡᠯ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠡᠯ᠎ᠡ ᠲᠠᠯ᠎ᠠ ᠶᠢᠨ ᠬᠦᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠪᠠᠷ ᠴᠢᠷᠮᠠᠶᠢᠬᠤ ᠬᠡᠷᠡᠭᠲᠡᠶ᠃    ᠨᠢᠭᠡ ᠭᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠨᠢ ᠬᠠᠵᠠᠭᠤ ᠬᠠᠪᠢ ᠶᠢᠨ ᠣᠷᠴᠢᠨ ᠲᠣᠭᠤᠷᠢᠨ ᠤ ᠪᠣᠯᠪᠠᠰᠤᠨ ᠡᠶ᠎ᠡ ᠨᠠᠶᠢᠷᠳᠠᠢ᠂ ᠡᠶ᠎ᠡ ᠵᠣᠬᠢᠴᠠᠩᠭᠤᠢ ᠲᠣᠭᠲᠠᠭᠤᠨ ᠠᠴᠠ ᠰᠠᠯᠵᠤ ᠴᠢᠳᠠᠬᠤ ᠦᠭᠡᠢ︔ ᠨᠢᠭᠡ ᠭᠠᠵᠠᠷ ᠣᠷᠣᠨ ᠤ ᠴᠡᠴᠡᠭᠯᠡᠯ ᠬᠥᠭᠵᠢᠯ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠵᠢᠷᠦᠬᠡ ᠪᠠᠨ ᠬᠤᠯᠪᠣᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠠᠴᠠ ᠰᠠᠯᠵᠤ ᠴᠢᠳᠠᠬᠤ ᠦᠭᠡᠢ ᠶᠤᠮ᠃ ᠤᠮᠠᠷᠠᠲᠤ ᠬᠢᠯᠢ ᠶᠢᠨ ᠰᠣᠶᠣᠯ ᠢ ᠪᠠᠶᠢᠭᠤᠯᠬᠤ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠡᠭᠡ ᠭᠠᠵᠠᠷ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠪᠠᠷ ᠶᠠᠪᠤᠵᠤ ᠦᠩᠭᠡᠷᠡᠭᠰᠡᠨ᠂ ᠬᠠᠮᠲᠤ ᠪᠠᠷ ᠶᠠᠪᠤᠵᠤ ᠢᠷᠡᠭᠰᠡᠨ᠂ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠬᠠᠮᠲᠤ ᠣᠷᠣᠰᠢᠵᠦ᠂ ᠬᠠᠷᠢᠯᠴᠠᠨ ᠬᠠᠪᠰᠤᠷᠤᠯᠴᠠᠭᠰᠠᠨ ᠪᠣᠳᠠᠲᠤ ᠵᠢᠱᠢᠶ᠎ᠡ ᠶᠢ ᠰᠠᠶᠢᠲᠤᠷ ᠤᠬᠠᠭᠤᠯᠵᠤ᠂ ᠣᠷᠣᠨ ᠳᠠᠶᠠᠭᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ ᠴᠤᠭ ᠰᠦᠯᠳᠡ ᠶᠢ ᠬᠥᠭᠵᠢᠭᠡᠵᠦ᠂ ᠪᠦᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠲᠠᠶᠢᠴᠢᠯᠠᠵᠤ᠂ ᠬᠥᠮᠦᠨ ᠪᠦᠬᠦᠨ ᠠᠵᠢᠯ ᠬᠢᠵᠦ ᠦᠢᠯᠡᠰ ᠪᠤᠰᠬᠠᠬᠤ᠂ ᠭᠡᠷ ᠪᠦᠯᠢ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠤᠯᠠᠨ ᠢᠶᠠᠷ ᠢᠶᠠᠨ ᠬᠠᠮᠲᠤ ᠠᠵᠢᠯᠯᠠᠵᠤ ᠬᠠᠮᠲᠤ ᠪᠠᠷ ᠦᠷ᠎ᠡ ᠪᠦᠲᠦᠭᠡᠯ ᠢ ᠡᠳ᠋ᠯᠡᠬᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃    ᠪᠦᠯᠬᠦᠮᠳᠡᠪᠡᠯ ᠬᠦᠴᠦᠨ ᠨᠢᠭᠳᠠᠷᠠᠨ᠎ᠠ᠂ ᠡᠶ᠎ᠡ ᠲᠠᠢ ᠨᠠᠶᠢᠷᠰᠠᠬ ᠪᠤᠯ ᠤᠴᠢᠷ ᠪᠦᠲᠦᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠬᠡᠳᠦᠨ᠂ ᠬᠠᠷᠢᠯᠴᠠᠨ ᠣᠶᠤᠨ ᠰᠠᠨᠠᠭᠠᠨ ᠤ ᠲᠦᠰᠢᠭ ᠲᠤᠯᠭᠠᠭᠤᠷᠢ ᠪᠣᠯᠪᠠᠯ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠨᠠᠩ ᠦᠵᠡᠰᠭᠦᠯᠡᠩᠲᠦ ᠰᠠᠶᠢᠬᠠᠨ ᠦᠩᠭᠡ ᠦᠵᠡᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠢᠷ ᠰᠠᠶᠢᠬᠠᠨ ᠦᠵᠡᠮᠵᠢ ᠳᠤ ᠦᠩᠭᠡ ᠭᠠᠯᠪᠢᠷ ᠨᠡᠮᠡᠷᠢᠯᠡᠵᠦ ᠴᠢᠳᠠᠬᠤ ᠨᠢ ᠯᠠᠪᠲᠠᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号