ᠠᠯᠠᠱᠠ ᠵᠡᠬᠦᠨ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ ᠠᠴᠠ ᠪᠠᠶᠢᠴᠠᠭᠠᠯᠳᠠ ᠬᠢᠵᠦ ᠡᠵᠡᠩᠨᠡᠯᠳᠡ ᠶᠢᠨ ᠣᠷᠴᠢᠨ ᠳᠣᠭᠤᠷᠢᠨ ᠢ ᠰᠢᠯᠢᠳᠡᠭᠵᠢᠬᠦᠯᠵᠣ ᠪᠠᠶᠢᠨ᠎ᠠ
ᠨᠡᠶᠢᠲᠡᠯᠡᠭᠰᠡᠨ ᠴᠠᠭ᠄
2024/9/25
    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠯᠳᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠰᠠᠭ ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠲᠤᠰᠢᠶᠠᠯᠲᠠᠨ ᠤ ᠠᠵᠢᠯᠯᠠᠭ᠎ᠠ ᠥᠷᠨᠢᠭᠦᠯᠵᠦ᠂ ᠡᠯ᠎ᠡ ᠠᠵᠢᠯ ᠲᠥᠷᠥᠯ ᠤᠨ 20 ᠭᠠᠷᠤᠢ ᠠᠵᠢᠯᠳᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ ᠪᠣᠯᠵᠣ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠭᠢᠯᠡᠬᠦ ᠲᠢᠩᠬᠢᠮ ᠳᠤ ᠬᠦᠷᠴᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠵᠡᠩᠨᠡᠯᠳᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠷᠭ᠎ᠠ ᠤᠬᠠᠭᠠᠨ ᠭᠠᠷᠭᠠᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠡᠵᠡᠩᠨᠡᠯᠳᠡ ᠶᠢᠨ ᠣᠷᠴᠢᠨ ᠲᠣᠭᠤᠷᠢᠨ ᠤ ᠠᠵᠢᠯ ᠳᠤ ᠣᠷᠣᠯᠴᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃    ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠬᠢᠯᠡᠬᠦ ᠲᠢᠩᠬᠢᠮ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ ᠠᠴᠠ ᠲᠢᠩᠬᠢᠮ ᠤᠨ ᠣᠷᠣᠨ ᠪᠦᠰᠡ ᠶᠢᠨ ᠴᠢᠳᠠᠪᠬᠢ ᠶᠢᠨ ᠪᠠᠶᠢᠷᠢᠰᠢᠭᠤᠯᠤᠯᠲᠠ᠂ ᠴᠣᠩᠬᠤᠪᠴᠢ ᠶᠢᠨ ᠠᠵᠢᠯᠯᠠᠭᠠᠨ ᠤ ᠶᠠᠪᠤᠴᠠ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠣᠴᠠ᠂ ᠵᠠᠰᠠᠭ ᠤᠨ ᠶᠠᠪᠤᠳᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠵᠡᠷᠭᠡ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠡᠷᠡᠭ ᠶᠠᠪᠤᠳᠠᠯ ᠢ ᠭᠦᠢᠴᠡᠳᠭᠡᠬᠦ ᠶᠢ ᠪᠡᠶᠡᠴᠢᠯᠡᠨ ᠣᠶᠢᠯᠠᠭᠠᠬᠤ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ᠂ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠯᠠᠪᠯᠠᠯᠭ᠎ᠠ ᠵᠡᠷᠭᠡ ︽ᠨᠢᠭᠤᠷᠲᠠᠨ ᠬᠠᠨᠳᠤᠬᠤ︾ ᠬᠡᠯᠪᠡᠷᠢ ᠪᠠᠷ ᠳᠠᠮᠵᠢᠭᠤᠯᠤᠨ᠂ ᠴᠣᠩᠬᠤᠪᠴᠢ ᠶᠢᠨ ᠠᠵᠢᠯ ᠤᠨ ᠰᠤᠷᠲᠠᠯ ᠬᠢᠭᠡᠳ ᠦᠢᠯᠡᠴᠢᠯᠡᠭᠡᠨ ᠤ ᠶᠠᠰᠤ ᠴᠢᠨᠠᠷ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠥᠬᠦ ᠲᠠᠯ᠎ᠠ ᠪᠠᠷ᠂ ᠪᠥᠬᠦ ᠶᠠᠪᠤᠴᠠ ᠪᠠᠷ ᠪᠡᠶᠡᠴᠢᠯᠡᠨ ᠣᠶᠢᠯᠠᠭᠠᠵᠡᠢ᠃ ︽ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠥᠨᠳᠥᠷ᠂ ᠡᠵᠡᠩᠨᠡᠯᠳᠡ ᠶᠢᠨ ᠣᠷᠴᠢᠨ ᠲᠣᠭᠤᠷᠢᠨ ᠮᠡᠳᠡᠭᠳᠡᠮ᠎ᠡ ᠰᠠᠶᠢᠨ ᠪᠠᠶᠢᠨ᠎ᠠ᠂ ᠠᠵᠢᠯᠲᠠᠳ ᠠᠴᠠ ᠨᠠᠳᠠ ᠳᠤ ᠠᠵᠤ ᠠᠬᠤᠶᠢᠯᠠᠯ ᠤᠨ ᠦᠢᠯᠡᠰ ᠪᠣᠰᠬᠠᠬᠤ ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠲᠠᠨᠢᠯᠴᠠᠭᠤᠯᠤᠭᠰᠠᠨ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠭ᠎ᠠ ᠰᠠᠭ᠎ᠠ ᠰᠡᠩᠬᠡᠷᠡᠭᠦᠯᠦᠯ ᠥᠭᠴᠡᠢ︾ ᠭᠡᠵᠦ ᠵᠠᠯᠠᠭᠤ ᠠᠵᠤ ᠠᠬᠤᠶᠢᠯᠠᠯᠲᠠᠨ ᠤ ᠨᠡᠶᠢᠭᠡᠮᠯᠢᠭ ᠤᠨ ᠲᠥᠯᠥᠭᠡᠯᠡᠭᠴᠢ ᠽᠧᠦ ᠹᠠᠩ ᠢᠦᠢ ᠶᠠᠷᠢᠯ᠎ᠠ᠃    ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢᠨ ᠶᠠᠷᠢᠯᠴᠠᠬᠤ ᠬᠤᠷᠠᠯ︾ ︽ᠠᠵᠤ ᠠᠬᠤᠶᠢᠯᠠᠯ ᠤᠨ ᠵᠣᠴᠢᠳ ᠤᠨ ᠲᠢᠩᠬᠢᠮ︾ ︽ᠳᠡᠮᠡᠭᠡᠳᠣ ᠵᠠᠰᠠᠭ ᠤᠨ ᠶᠠᠪᠤᠳᠠᠯ︾ ᠤᠨ ᠰᠢᠭᠤᠳ ᠨᠡᠪᠲᠡᠷᠡᠭᠦᠯᠭᠡ ᠶᠢᠨ ᠲᠠᠰᠤᠯᠭ᠎ᠠ ᠶᠢ ᠭᠠᠷᠭᠠᠵᠣ᠂ ︽ᠠᠵᠤ ᠠᠬᠤᠶᠢᠯᠠᠯ ᠤᠨ ᠲᠤᠰᠬᠠᠢ ᠣᠷᠣᠨ︾ ᠢ ᠪᠠᠶᠢᠭᠤᠯᠵᠤ᠂ ︽ᠠᠯᠪᠠᠨ ᠵᠢᠷᠤᠮ ᠤᠨ ᠬᠢᠨᠠᠯᠲᠠ ᠲᠠᠯᠪᠢᠭᠴᠢ︾ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠲᠤᠰᠢᠶᠠᠯᠲᠠᠨ︾ ᠢ ᠤᠷᠢᠨ ᠲᠣᠮᠢᠯᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠤᠯᠠᠨ ᠵᠠᠮ ᠢ ᠨᠡᠪᠳᠡᠷᠡᠬᠦᠯᠣᠨ᠂ ᠬᠤᠶᠠᠷ ᠲᠥᠯᠥᠭᠡᠯᠡᠭᠴᠢ ᠨᠢᠭᠡ ᠭᠡᠰᠢᠭᠦᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠺᠠᠳ᠋ᠷ᠂ ᠠᠵᠤ ᠠᠬᠤᠶᠢᠯᠠᠯ ᠤᠨ ᠲᠥᠯᠥᠭᠡᠯᠡᠭᠴᠢ᠂ ᠤᠯᠠᠨ ᠲᠦᠮᠡᠨ ᠤ ᠲᠥᠯᠥᠭᠡᠯᠡᠭᠴᠢ ᠵᠡᠷᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠤᠷᠢᠵᠤ᠂ ︽ᠬᠡᠷᠡᠭ ᠡᠷᠬᠢᠯᠡᠭᠴᠢ︾᠂ ︽ᠬᠡᠷᠡᠭ ᠵᠥᠪᠯᠡᠭᠴᠢ︾᠂ ︽ᠮᠠᠳᠠᠭ ᠲᠠᠢ ᠠᠰᠠᠭᠤᠳᠠᠯ ᠢ ᠬᠠᠷᠢᠭᠤᠯᠤᠭᠴᠢ︾ ᠶᠢᠨ ᠬᠤᠪᠢ ᠪᠠᠷ ᠴᠣᠩᠬᠤᠪᠴᠢ ᠡᠩᠨᠡᠭᠡᠨ ᠤ ᠪᠠᠶᠢᠭᠤᠯᠤᠯᠲᠠ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠡᠷᠢᠵᠣ ᠭᠠᠷᠭᠠᠵᠡᠢ᠃ ᠡᠭᠦᠨ ᠤ ᠳᠠᠭᠠᠣ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠣᠴᠠ ᠶᠢ ᠰᠢᠯᠢᠳᠡᠭᠵᠢᠭᠦᠯᠦᠨ᠂ ᠵᠠᠰᠠᠭ ᠠᠵᠤ ᠠᠬᠤᠶᠢᠯᠠᠯ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠲᠥᠷᠥᠭᠳᠡᠯ ᠪᠠ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠵᠡᠩᠨᠡᠯᠳᠡ ᠶᠢᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃    ︽ᠡᠵᠡᠩᠨᠡᠯᠳᠡ ᠶᠢᠨ ᠣᠷᠴᠢᠨ ᠨᠥᠬᠦᠴᠡᠯ ᠪᠣᠯ ᠣᠷᠣᠨ ᠪᠦᠰᠡ ᠶᠢᠨ ᠥᠷᠢᠰᠦᠯᠳᠦᠭᠡᠨ ᠤ ᠴᠢᠬᠤᠯᠠ ᠬᠦᠴᠦᠨ ᠮᠥᠨ᠂ ᠪᠠᠰᠠ ᠴᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠦᠴᠦᠷᠬᠡᠭ ᠲᠤᠯᠭᠠᠭᠤᠷᠢ ᠶᠤᠮ᠂ ᠪᠢᠳᠡ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠣᠩᠬᠤᠪᠴᠢ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠬᠦᠯᠬᠦ ᠪᠣᠯᠣᠨ᠎ᠠ︾ ᠭᠡᠵᠦ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠣᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ ᠭᠦᠸᠧ ᠯᠠᠨ ᠶᠠᠷᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号