ᠠᠵᠢᠯ ᠤᠨ ᠭᠤᠤᠯ ᠰᠢᠵᠢᠮ ᠢ ᠳᠣᠣᠱᠯᠠᠭᠤᠯᠬᠤ ᠳᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠦᠨᠡᠨ ᠬᠦ ᠪᠠᠲᠤ ᠪᠣᠶ ᠪᠣᠯᠭᠠᠬᠤ ᠬᠡᠷᠡᠭᠲᠡᠶ
ᠨᠡᠶᠢᠲᠡᠯᠡᠭᠰᠡᠨ ᠴᠠᠭ᠄
2024/9/25
    ᠶᠡᠷᠦᠩᠬᠡᠢ ᠱᠦᠵᠢ ᠰᠢ ᠶᠢᠨ ᠫᠢᠩ᠄ ︽ᠭᠠᠭᠴᠠ ᠬᠦ ᠤᠯᠤᠰ ᠢᠶᠠᠨ ᠬᠠᠶᠢᠷᠠᠯᠠᠬᠤ ᠪᠠ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠨᠢᠭᠡᠳᠭᠡᠬᠦ ᠶᠢ ᠪᠠᠷᠢᠮᠲᠠᠯᠠᠪᠠᠯ᠂ ᠤᠯᠤᠰ ᠢᠶᠠᠨ ᠬᠠᠶᠢᠷᠠᠯᠠᠬᠤ ᠦᠵᠡᠯ ᠰᠠᠶ᠋ᠢ ᠠᠮᠢᠳᠤᠯᠢᠭ᠂ ᠦᠨᠡᠨ ᠪᠣᠳᠠᠲᠠᠢ ᠪᠤᠯᠵᠤ ᠴᠢᠳᠠᠨ᠎ᠠ᠂ ᠡᠨᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭᠠᠨ ᠤ ᠬᠠᠮᠤᠭ ᠤᠨ ᠴᠢᠬᠤᠯᠠ ᠢᠯᠡᠷᠡᠯ ᠮᠥᠨ︾ ᠬᠡᠵᠦ ᠴᠢᠬᠤᠯᠠᠴᠢᠯᠠᠵᠠᠢ᠃ ᠥᠪᠥᠷ ᠮᠣᠩᠭᠤᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠰᠠ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠦᠨᠡᠨ ᠬᠦ ᠪᠠᠲᠤ ᠪᠣᠶ ᠪᠣᠯᠭᠠᠵᠤ᠂ ᠨᠠᠮ ᠤᠨ ᠠᠴᠢ ᠳᠤ ᠲᠠᠯᠠᠷᠬᠠᠬᠤ ᠰᠡᠳᠭᠢᠯᠭᠡ᠂ ᠡᠬᠡ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠥᠪᠥᠷ ᠮᠣᠩᠭᠤᠯ ᠤᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠴᠢᠬᠤᠯᠠᠲᠠᠶ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ ᠱᠠᠭᠠᠷᠳᠠᠯᠭ᠎ᠠ ᠶᠢᠨ ᠨᠢᠭᠡ ᠪᠣᠯ ᠳᠠᠷᠤᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠤ ᠶᠠᠪᠤᠳᠠᠯ ᠪᠣᠯᠤᠨ᠎ᠠ᠃ ᠵᠢᠯ ᠭᠠᠷᠤᠢ ᠶᠢᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠢᠶᠠᠷ ᠳᠠᠮᠵᠢᠨ᠂ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠶᠢᠨ ᠫᠢᠩ ᠢ ᠨᠡᠩ ᠴᠢᠩ ᠰᠡᠳᠭᠢᠯ ᠠᠴᠠ ᠪᠠᠨ ᠡᠷᠡᠰ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ ᠪᠤᠢ᠂ ᠭᠡᠪᠡᠴᠦ ᠬᠡᠰᠡᠭ ᠬᠥᠮᠦᠰ ᠲᠤᠯᠤᠭᠠᠢ ᠲᠠᠷᠢᠬᠢᠨ ᠳᠠᠭᠠᠨ ᠰᠢᠩᠭᠡᠭᠡᠵᠦ ᠰᠡᠳᠭᠢᠯ ᠳᠡᠭᠡᠨ ᠬᠠᠳᠠᠩᠰᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠬᠥᠮᠦᠵᠢᠯ ᠤᠨ ᠦᠷ᠎ᠡ ᠪᠦᠲᠦᠮᠵᠢ ᠢᠯᠡᠷᠬᠡᠢ ᠪᠢᠰᠢ ᠪᠠᠶᠢᠳᠠᠯ ᠣᠷᠣᠰᠢᠵᠤ ᠪᠠᠶᠢᠨ᠎ᠠ᠃ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠵᠦ᠂ ᠠᠴᠢᠯᠠᠬᠤ ᠰᠡᠳᠭᠢᠯ ᠢ ᠢᠮᠠᠭᠲᠠ ᠡᠪᠦᠷᠯᠡᠵᠦ᠂ ᠡᠬᠡ ᠤᠯᠤᠰ ᠲᠠᠭᠠᠨ ᠵᠢᠳᠬᠦᠬᠦ ᠵᠣᠷᠢᠭ ᠢ ᠢᠮᠠᠭᠲᠠ ᠡᠪᠦᠷᠯᠡᠵᠦ᠂ ᠬᠠᠷᠠᠯᠲᠠ ᠪᠠᠨ ᠲᠣᠭᠲᠠᠭᠠᠨ ᠡᠷᠡᠮᠡᠬᠡᠶᠢᠯᠡᠨ ᠤᠷᠤᠭᠰᠢᠯᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠪᠠᠯ ᠪᠢᠳᠡ ᠰᠠᠶ᠋ᠢ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠠᠯᠪᠢᠭᠰᠠᠨ ᠭᠦᠨ ᠳᠣᠲᠣᠨᠣ ᠬᠠᠯᠠᠮᠵᠢᠯᠠᠯ ᠪᠠ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃    ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠪᠣᠯ ᠨᠢᠭᠡ ᠵᠦᠢᠯ ᠤᠨ ᠭᠦᠨ ᠵᠤᠵᠠᠭᠠᠨ ᠬᠠᠶᠢᠷ᠎ᠠ ᠰᠡᠳᠭᠢᠯᠭᠡ ᠪᠣᠯᠬᠤ ᠪᠠᠷ ᠪᠠᠷᠠᠬᠤ ᠦᠭᠡᠢ ᠨᠡᠩ ᠴᠤ ᠶᠡᠭᠡ ᠶᠣᠰᠣ ᠶᠢ ᠲᠠᠨᠢᠬᠤ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠬᠠᠮᠰᠠᠷ ᠮᠦᠨ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠴᠠᠭ ᠢᠮᠠᠭᠲᠠ ︽ᠤᠯᠤᠰ ᠤᠨ ᠶᠡᠭᠡ ᠶᠡᠪᠤᠳᠠᠯ︾ ᠢ ᠰᠡᠳᠭᠢᠯ ᠳᠡᠭᠡᠨ ᠪᠤᠳᠤᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠭᠤᠣᠯᠳᠠᠯᠭ᠎ᠠ ᠶᠢ ᠳᠤᠪᠤᠶᠢᠯᠭᠠᠵᠦ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠠᠷᠳᠠᠴᠠ ᠶᠢ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠢᠶᠠᠨ ᠲᠠᠭᠠᠬᠤ᠂ ᠨᠠᠮ ᠤᠨ ᠲᠥᠪ ᠬᠤᠷᠢᠶ᠎ᠠ ᠶᠢ ᠲᠠᠭᠠᠬᠤ ᠬᠤᠪᠢᠰᠬᠠᠯ ᠤᠨ ᠤᠳᠤᠮᠰᠢᠯ ᠢᠶᠠᠨ ᠦᠷᠬᠦᠯᠵᠢᠯᠡᠨ ᠤᠯᠠᠮᠵᠢᠯᠠᠵᠤ᠂ ︽ᠵᠢᠱᠢᠶᠡᠴᠢ︾ ᠶᠢ ᠡᠯ᠎ᠡ ᠬᠦᠷᠢᠶ᠎ᠡ ᠡᠯ᠎ᠡ ᠲᠠᠯ᠎ᠠ ᠳᠤ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃    ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠢ ᠬᠡᠶᠢᠰᠪᠦᠷᠢ ᠶᠠᠭᠤᠮ᠎ᠠ ᠪᠢᠰᠢ᠂ ᠬᠠᠷᠢᠨ ᠦᠨᠡᠨ ᠪᠣᠳᠠᠳᠠᠢ ᠂ ᠨᠠᠷᠢᠯᠢᠭ ᠪᠣᠳᠠᠲᠠᠢ ᠶᠤᠮ᠂ ᠡᠷᠬᠡᠪᠰᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠦᠢᠯᠡᠳᠦᠯᠭᠡ ᠶᠢᠨ ᠳᠤᠮᠳᠠ ᠢᠯᠡᠷᠡᠭᠦᠯᠬᠦ ᠬᠡᠷᠡᠭᠲᠡᠢ᠃ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠴᠥᠮ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠲᠤᠬᠠᠶᠢᠯᠠᠭᠰᠠᠨ ᠠᠵᠢᠯ ᠤᠨ ᠪᠠᠶᠢᠷᠢ ᠠᠴᠠ ᠪᠠᠨ ᠡᠬᠢᠯᠡᠨ ᠬᠢᠵᠦ᠂ ᠤᠬᠠᠮᠰᠠᠷ ᠠᠴᠠ ᠪᠠᠨ ᠬᠤᠪᠢ ᠪᠡᠶ᠎ᠡ ᠪᠠᠨ ᠨᠠᠮ ᠪᠣᠯᠤᠨ ᠠᠷᠠᠳ ᠲᠦᠮᠡᠨ ᠤ ᠦᠢᠯᠡᠰ ᠲᠤ ᠠᠭᠤᠰᠤᠯᠴᠠᠭᠤᠯᠵᠤ᠂ ᠠᠯᠤᠰ ᠬᠡᠳᠦ ᠶᠢᠨ ᠵᠣᠷᠢᠯᠲᠠ ᠲᠠᠢ᠂ ᠥᠨᠳᠥᠷ ᠪᠠᠷᠢᠮᠵᠢᠶ᠎ᠠ ᠶᠢ ᠬᠥᠭᠡᠭᠡᠴᠡᠯᠳᠦᠬᠦ ᠰᠡᠳᠭᠢᠯᠭᠡ ᠪᠠᠷ ᠵᠠᠷᠯᠢᠭ ᠪᠠᠭᠤᠮᠠᠭᠴᠠ ᠬᠥᠳᠡᠯᠵᠦ᠂ ᠪᠤᠰᠢᠭᠤ ᠱᠠᠯᠠᠮᠠᠭᠠᠢ ᠠᠵᠢᠯᠯᠠᠬᠤ ᠰᠤᠷᠲᠠᠯ ᠢᠶᠠᠷ ᠵᠣᠷᠢᠭᠲᠠᠢ ᠰᠡᠳᠭᠢᠵᠦ ᠵᠣᠷᠢᠭᠲᠠᠢ ᠬᠢᠵᠦ᠂ ᠵᠣᠷᠢᠭᠲᠠᠢ ᠠᠵᠢᠯᠯᠠᠵᠤ ᠵᠣᠷᠢᠭᠲᠠᠢ ᠲᠡᠮᠡᠴᠡᠬᠦ ᠡᠷᠴᠢ ᠵᠣᠷᠢᠭ ᠢᠶᠠᠷ ᠡᠯ᠎ᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠪᠤᠳᠠᠯ ᠪᠦᠬᠦᠨ ᠢ ᠰᠠᠶᠢᠲᠤᠷ ᠬᠢᠵᠦ᠂ ᠬᠦᠰᠡᠯᠡᠩ ᠢᠲᠡᠭᠡᠯ ᠪᠢᠰᠢᠷᠡᠯ ᠤᠨ ᠦᠢᠯᠡᠳᠦᠯᠭᠡᠵᠢᠭᠦᠯᠦᠭᠴᠢ᠂ ᠦᠨᠳᠦᠰᠦᠨ ᠱᠠᠲᠤᠨ ᠳᠤ ᠦᠨᠳᠦᠰᠦᠯᠡᠭᠰᠡᠨ ᠵᠠᠮ ᠨᠡᠭᠡᠭᠡᠭᠴᠢ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠲᠡᠮᠡᠴᠡᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃    ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠰᠡᠳᠭᠢᠯ ᠵᠢᠷᠦᠬᠡᠨ ᠳᠡᠭᠡᠨ ᠬᠠᠳᠠᠩᠰᠢᠭᠤᠯᠪᠠᠯ ᠰᠠᠶ᠋ᠢ ᠴᠤᠭ ᠪᠠᠳᠠᠷᠠᠩᠭᠤᠢ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠡᠩ ᠰᠠᠶᠢᠲᠤᠷ ᠨᠢᠭᠲᠠᠷᠠᠭᠤᠯᠵᠤ ᠴᠢᠳᠠᠨ᠎ᠠ᠃ ︽ᠵᠢᠷᠭᠤᠭᠠᠨ ᠦᠭᠡ ᠶᠢᠨ ᠪᠣᠳᠠᠲᠤ ᠬᠡᠷᠡᠭ ᠪᠠ ᠶᠣᠰᠣ ᠤᠴᠢᠷ︾ ᠤᠨ ᠲᠡᠦᠬᠡᠨ ᠮᠠᠲ᠋ᠧᠷᠢᠶᠠᠯ ᠢ ᠠᠭᠤᠳᠠᠯᠤᠨ ᠡᠮᠬᠢᠳᠭᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤᠵᠢᠭᠰᠠᠨ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠳᠤ ᠪᠤᠶᠠᠨ ᠦᠢᠯᠡᠳᠬᠦ ᠴᠢᠷᠮᠠᠶᠢᠯᠭ᠎ᠠ᠂ ᠣᠯᠤᠭᠰᠠᠨ ᠠᠮᠵᠢᠯᠲᠠ ᠪᠦᠲᠦᠮᠵᠢ ᠶᠢ ᠲᠣᠳᠣᠷᠬᠠᠢ ᠶᠠᠷᠢᠵᠤ᠂ ᠬᠥᠮᠦᠰ ᠢ ᠬᠦᠲᠦᠯᠦᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠮᠢᠳᠤᠯᠢᠭ ᠦᠢᠯᠡᠳᠦᠯᠭᠡ ᠳᠤ ᠬᠦᠴᠦᠯᠡᠨ ᠣᠷᠣᠯᠴᠠᠭᠤᠯᠬᠤ ᠬᠡᠷᠡᠭᠳᠡᠢ᠃    ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠢᠮᠠᠭᠲᠠ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠭᠰᠠᠨ ᠠᠴᠠ ᠥᠪᠥᠷ ᠮᠣᠩᠭᠤᠯ ᠰᠠᠶ᠋ᠢ ᠭᠡᠷᠡᠯ ᠰᠠᠴᠤᠷᠠᠩᠭᠤᠢ ᠦᠴᠦᠭᠡᠳᠦᠷ ᠢ ᠦᠩᠬᠡᠷᠡᠬᠡᠪᠡ᠃ ᠠᠯᠤᠰ ᠤᠨ ᠵᠠᠮ ᠢᠶᠠᠨ ᠪᠠᠷᠠᠯᠠᠬᠤᠶ᠎ᠠ ᠂ ᠨᠡᠩ ᠡᠷᠡᠰ ᠪᠠᠲᠤ ᠪᠠᠷ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠪᠠᠯ ᠪᠢᠳᠡ ᠥᠪᠥᠷ ᠮᠣᠩᠭᠤᠯ ᠤᠨ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠴᠢᠳᠠᠬᠤ ᠨᠢ ᠯᠠᠪᠳᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号