ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠯᠭᠠᠳᠠᠳ ᠤᠨ ᠲᠣᠭᠤᠷᠢᠨ ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/25
    9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠯᠭᠠᠳᠠᠳ ᠤᠨ ᠲᠣᠭᠤᠷᠢᠨ ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠪᠠ᠃ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠭᠤᠯᠢ ᠶᠢᠨ ᠳᠡᠳ᠋ ᠵᠠᠬᠢᠷᠤᠯ ᠹᠠᠩ ᠹᠠᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠤ ᠶᠠᠨ ᠭᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠣᠷᠣᠯᠴᠠᠪᠠ᠃    ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ︽ᠳᠣᠷᠣᠨᠠᠳᠠᠬᠢᠨ ᠤ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠰᠤᠷᠤᠯᠭᠠᠲᠠᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 77 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠠᠵᠤ ᠠᠬᠤᠢ ᠬᠥᠭᠵᠢᠭᠰᠡᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠤᠷᠳᠤ ᠬᠤᠭᠤᠴᠠᠭ᠎ᠠ ᠪᠠᠷ ᠪᠠᠲᠤᠯᠠᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠵᠤ᠂ ᠪᠢᠳᠡᠨ ᠢ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠰᠠᠶᠢᠲᠤᠷ ᠪᠥᠲᠥᠭᠡᠨ ᠪᠠᠶᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠦᠷᠭᠦᠯᠵᠢᠯᠡᠨ ᠰᠠᠶᠢᠲᠤᠷ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠰᠤᠷᠤᠯᠭᠠᠲᠠᠳ ᠤᠨ ᠤᠯᠵᠥ ᠬᠠᠷᠠᠬᠰᠠᠨ ᠥᠪᠥᠷ ᠮᠣᠩᠭᠤᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠳᠣᠣᠷ᠎ᠠ ᠣᠯᠤᠭᠰᠠᠨ ᠶᠤᠮ ᠬᠡᠪᠡ᠃ ᠲᠡᠷᠡ᠂ ᠥᠪᠥᠷ ᠮᠣᠩᠭᠤᠯ ᠳᠤ ᠦᠵᠡᠰᠭᠦᠯᠡᠩᠲᠦ ᠰᠠᠶᠢᠬᠠᠨ ᠪᠠᠶᠢᠭᠠᠯᠢ ᠶᠢᠨ ᠦᠵᠡᠮᠵᠢ ᠲᠠᠢ᠂ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ᠂ ᠭᠠᠵᠠᠷ ᠰᠢᠷᠣᠶ ᠪᠠ ᠰᠠᠯᠬᠢᠨ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠲᠠᠢ ᠪᠠᠶᠢᠵᠥ᠂ ᠨᠡᠭᠦᠷᠡᠰᠦᠨ ᠤ ᠦᠢᠯᠡᠳᠪᠦᠷᠢᠯᠡᠯ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠪᠠ ᠦᠨᠢᠶᠡᠨ ᠰᠦ᠂ ᠦᠬᠡᠷ ᠬᠤᠨᠢᠨ ᠮᠢᠬ᠎ᠠ᠂ ᠢᠮᠠᠭᠠᠨ ᠨᠣᠯᠣᠣᠷ ᠤᠨ ᠭᠠᠷᠤᠯᠲᠠ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ ᠭᠠᠳᠠᠭᠠᠳᠤ ᠨᠡᠭᠡᠭᠡᠯᠲᠡ ᠶᠠᠭ ᠪᠥᠬᠦ ᠲᠠᠯ᠎ᠠ ᠪᠠᠷ᠂ ᠥᠨᠳᠥᠷ ᠲᠦᠪᠰᠢᠨ ᠢᠶᠠᠷ ᠠᠭᠢᠵᠤ ᠪᠤᠢ᠃ ᠡᠯ᠎ᠡ ᠰᠤᠷᠤᠯᠭᠠᠲᠠᠳ ᠤᠨ ᠥᠪᠥᠷ ᠮᠣᠩᠭᠤᠯ ᠳᠤ ᠪᠠᠶᠢᠩᠭᠤ ᠢᠷᠡᠵᠦ᠂ ᠥᠪᠥᠷ ᠮᠣᠩᠭᠤᠯ ᠢ ᠤᠢᠢᠯᠠᠭᠠᠨ᠂ ᠥᠪᠥᠷ ᠮᠣᠩᠭᠤᠯ ᠳᠤ ᠳᠠᠪᠠᠳᠠᠶᠢᠬᠠᠨ ᠵᠢᠭᠤᠯᠴᠢᠯᠠᠵᠤ᠂ ᠥᠪᠥᠷ ᠮᠣᠩᠭᠤᠯ ᠪᠣᠯᠤᠨ ᠡᠯ᠎ᠡ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠤ ᠰᠣᠯᠢᠯᠴᠠᠭ᠎ᠠ ᠶᠠᠪᠤᠯᠴᠠᠭ᠎ᠠ ᠶᠢ ᠢᠳᠡᠪᠬᠢᠲᠡᠢ ᠠᠬᠢᠭᠤᠯᠵᠤ᠂ ᠪᠦᠬᠦ ᠪᠥᠮᠪᠥᠷᠴᠡᠭ ᠤᠨ ᠬᠦᠭᠵᠢᠵᠥ ᠪᠠᠶᠢᠭ᠎ᠠ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠪᠡ᠃ ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠬᠢᠨ ᠤ ᠨᠡᠩ ᠤᠯᠠᠨ ᠰᠤᠷᠤᠯᠭᠠᠳᠠᠳ ᠤᠨ ᠠᠵᠢᠯᠯᠠᠭ᠎ᠠ ᠪᠠᠨ ᠥᠪᠥᠷ ᠮᠣᠩᠭᠤᠯ ᠳᠤ ᠥᠷᠨᠢᠭᠦᠯᠬᠦ ᠶᠢᠨ ᠬᠠᠮᠲᠤ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠪᠡ᠃    ᠹᠠᠩ ᠹᠠᠩ᠂ ᠪᠡᠭᠡᠵᠢᠩ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠭᠦᠨ ᠵᠤᠵᠠᠭᠠᠨ ᠡᠬᠢ ᠰᠤᠷᠪᠤᠯᠵᠢ ᠲᠠᠢ ᠪᠠᠶᠢᠵᠥ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠨᠧᠷᠭᠢ᠂ ᠡᠮᠴᠢᠯᠡᠭᠡ᠂ ᠴᠢᠳᠠᠪᠤᠷᠢᠲᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠰᠣᠯᠢᠯᠴᠠᠭ᠎ᠠ ᠨᠢᠭᠲᠠ ᠪᠠᠶᠢᠳᠠᠭ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠲᠠᠯ᠎ᠠ ᠪᠠᠷ ᠶᠡᠷᠦ ᠪᠤᠰᠤ ᠶᠢᠨ ᠠᠮᠵᠢᠯᠲᠠ ᠣᠯᠵᠤ᠂ ᠡᠬᠡ ᠤᠯᠤᠰ ᠤᠨ ᠤᠮᠠᠷᠠᠲᠤ ᠬᠢᠯᠢ ᠳᠤ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ ᠪᠠ ᠥᠷᠨᠢᠯ ᠪᠠᠳᠠᠷᠠᠯ ᠢᠶᠠᠷ ᠪᠢᠯᠬᠠᠮ᠎ᠠ ᠪᠠᠶᠢᠨ᠎ᠠ᠃ ᠡᠯ᠎ᠡ ᠰᠤᠷᠤᠯᠭᠠᠲᠠᠳ ᠡᠨᠡ ᠤᠳᠠᠭ᠎ᠠ ᠶᠢᠨ ᠳᠤᠭᠤᠷᠢᠨ ᠠᠶᠢᠯᠴᠢᠯᠠᠯᠲᠠ ᠪᠠᠷ ᠲᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠭᠦᠨᠵᠡᠭᠡᠢ ᠣᠶᠢᠯᠠᠭᠠᠵᠤ᠂ ᠥᠪᠥᠷ ᠮᠣᠩᠭᠤᠯ ᠤᠨ ᠲᠤᠷᠰᠢᠯᠭ᠎ᠠ ᠶᠢ ᠰᠤᠷᠤᠯᠴᠠᠨ ᠬᠤᠪᠢᠶᠠᠯᠴᠠᠵᠤ᠂ ᠲᠤᠰ ᠤᠯᠤᠰ ᠪᠣᠯᠤᠨ ᠳᠤᠮᠳᠠᠳᠤ ᠤᠯᠤᠰ ᠤᠨ ᠨᠡᠩ ᠥᠨᠳᠥᠷ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠵᠤ᠂ ᠨᠠᠶᠢᠷᠠᠮᠳᠠᠯ ᠨᠥᠬᠦᠷᠯᠡᠯ ᠤᠨ ᠰᠠᠶᠢᠨ ᠡᠯᠴᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃    ᠰᠤᠷᠤᠯᠭᠠᠳᠠᠳ ᠤᠨ ᠲᠥᠯᠥᠭᠡᠯᠡᠭᠴᠢ ᠬᠦᠯᠠᠶᠢᠳᠧ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠷᠢᠳᠤ ᠡᠮᠦᠨ᠎ᠡ ᠪᠠᠶᠢᠭ᠎ᠠ ᠦᠭᠡᠢ ᠠᠮᠵᠢᠯᠲᠠ ᠣᠯᠵᠠᠢ᠃ ᠪᠢᠳᠡ ᠡᠨᠡ ᠤᠳᠠᠭ᠎ᠠ ᠥᠪᠥᠷ ᠮᠣᠩᠭᠤᠯ ᠳᠤ ᠳᠤᠭᠤᠷᠢᠨ ᠠᠶᠢᠯᠴᠢᠯᠠᠵᠤ᠂ ᠠᠷᠠᠳ ᠲᠦᠮᠡᠨ ᠤ ᠡᠶ᠎ᠡ ᠵᠣᠬᠢᠴᠠᠩᠭᠤᠢ ᠠᠮᠤᠷ ᠠᠮᠤᠭᠤᠯᠠᠩ ᠢ ᠣᠯᠵᠤ ᠬᠠᠷᠠᠨ᠂ ᠬᠥᠮᠦᠨ ᠲᠥᠷᠥᠯᠬᠢᠲᠡᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ ᠪᠠᠶᠢᠬᠤ ᠶᠢ ᠣᠯᠵᠤ ᠬᠠᠷᠠᠨ᠂ ᠠᠵᠤ ᠠᠬᠤᠢ ᠨᠡᠶᠢᠭᠡᠮ ᠤᠨ ᠬᠥᠭᠵᠢᠯ ᠴᠡᠴᠡᠭᠯᠡᠯ ᠢ ᠣᠯᠵᠤ ᠬᠠᠷᠠᠵᠥ᠂ ᠶᠡᠬᠡᠳᠡ ᠭᠠᠶᠢᠬᠠᠰᠢ ᠠᠯᠳᠠᠪᠠ᠃ ᠳᠤᠮᠳᠠᠳᠤ ᠤᠯᠤᠰ ︽ᠬᠥᠭᠵᠢᠯᠲᠡ︾ ᠶᠢᠨ ᠤᠬᠠᠭᠳᠠᠬᠤᠨ ᠢ ᠳᠠᠬᠢᠨ ᠲᠣᠮᠢᠶᠠᠯᠠᠪᠠ᠂ ᠪᠢᠳᠡ ᠳᠤᠮᠳᠠᠳᠤ ᠤᠯᠤᠰ ᠤᠨ ᠲᠤᠷᠰᠢᠯᠭ᠎ᠠ ᠪᠠᠷ ᠲᠤᠯᠢ ᠪᠣᠯᠭᠠᠵᠤ᠂ ᠳᠤᠮᠳᠠᠳᠤ ᠤᠯᠤᠰ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠮᠠᠨ ᠤ ᠪᠣᠳᠠᠲᠤ ᠪᠠᠶᠢᠳᠠᠯ ᠳᠠᠭᠠᠨ ᠨᠡᠶᠢᠴᠡᠭᠰᠡᠨ ᠦᠷᠭᠦᠯᠵᠢᠯᠡᠬᠦ ᠬᠥᠭᠵᠢᠯᠲᠡ ᠶᠢᠨ ᠵᠠᠮ ᠢ ᠰᠦᠪᠡᠭᠴᠢᠯᠡᠬᠦ ᠶᠢ ᠬᠦᠰᠡᠵᠦ ᠪᠠᠶᠢᠨ᠎ᠠ ᠬᠡᠵᠥ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号