ᠠᠯᠠᠱᠠ ᠵᠡᠭᠦᠨ ᠬᠤᠰᠢᠭᠤ ᠮᠤᠵᠢ ᠠᠯᠤᠰᠯᠠᠭᠰᠠᠨ ᠶᠠᠪᠤᠳᠠᠯ ᠢ ᠲᠤᠬᠠᠢ ᠶᠢᠨ ᠭᠠᠵᠠᠷ ᠲᠤᠨᠢ ᠬᠦᠢᠴᠡᠳᠭᠡᠵᠣ ᠪᠠᠶᠢᠨ᠎ᠠ
ᠨᠡᠶᠢᠲᠡᠯᠡᠭᠰᠡᠨ ᠴᠠᠭ᠄
2024/9/26
    ᠣᠶᠢᠷ᠎ᠠ ᠠᠴᠠ᠂ ᠠᠯᠠᠱᠠ ᠵᠡᠭᠦᠨ ᠬᠤᠰᠢᠭᠤ ᠣᠷᠣᠨ ᠪᠦᠰᠡ ᠠᠯᠤᠰᠯᠠᠨ ᠲᠤᠬᠠᠢ ᠶᠢᠨ ᠭᠠᠵᠠᠷ ᠲᠤ ᠭᠠᠶᠢᠯᠢ ᠭᠦᠢᠴᠡᠳᠭᠡᠬᠦ ᠶᠢ ᠪᠡᠶᠡᠯᠡᠬᠦᠯᠪᠡ᠃    ᠲᠢᠶᠠᠨᠵᠢᠨ ᠬᠤᠲᠠ ᠶᠢᠨ ᠨᠢᠭᠡᠨ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠳᠥᠷᠪᠡᠳᠦᠭᠡᠷ ᠪᠠᠷᠢᠯᠭ᠎ᠠ ᠶᠢᠨ ᠠᠯᠠᠱᠠ ᠠᠶᠢᠮᠠᠭ ᠤᠨ ᠬᠢᠯᠢ ᠶᠢᠨ ᠳᠣᠲᠣᠷᠠᠬᠢ ᠪᠠᠷᠢᠮᠵᠢᠶᠠᠲᠤ ᠬᠡᠰᠡᠭ ᠤᠨ ᠲᠥᠷᠥᠯ ᠵᠦᠢᠯ ᠢ ᠳᠠᠭᠠᠭᠠᠴᠢᠯᠠᠭᠠᠳ᠂ ᠣᠷᠣᠨ ᠪᠦᠰᠡ ᠠᠯᠤᠰᠯᠠᠭᠰᠠᠨ ᠭᠠᠶᠢᠯᠢ ᠳᠤ ᠬᠤᠯᠪᠣᠭᠳᠠᠬᠤ ᠵᠦᠢᠯᠡᠰ ᠤᠨ ᠳᠠᠩᠰᠠᠯᠠᠯᠲᠠ ᠶᠢᠨ ᠮᠡᠳᠡᠭᠦᠯᠦᠯᠲᠡ ᠶᠢᠨ ᠳ᠋ᠤᠭᠠᠷᠯᠠᠯ ᠢ ᠪᠤᠷᠤᠭᠤ ᠰᠣᠩᠭᠤᠭᠰᠠᠨ ᠠᠴᠠ ᠪᠣᠯᠵᠤ᠂ ᠤᠷᠢᠳᠴᠢᠯᠠᠨ ᠲᠤᠰᠢᠶᠠᠭᠰᠠᠨ ᠭᠠᠶᠢᠯᠢ ᠶᠢᠨ ᠵᠣᠭᠤᠰ ᠢ ᠪᠥᠬᠦ ᠲᠤᠭ᠎ᠠ ᠪᠠᠷ ᠨᠢ ᠪᠤᠷᠤᠭᠤ ᠲᠤᠰᠢᠶᠠᠵᠤ᠂ ᠨᠢᠭᠡᠨᠲᠡ ᠲᠤᠰᠢᠶᠠᠭᠰᠠᠨ ᠭᠠᠶᠢᠯᠢ ᠶᠢᠨ ᠵᠣᠭᠤᠰ ᠢ ᠰᠦᠯᠵᠢᠶᠡᠨ ᠳᠡᠭᠡᠷ᠎ᠡ ᠵᠠᠯᠠᠷᠠᠭᠤᠯᠬᠤ ᠶᠢᠨ ᠠᠷᠭ᠎ᠠ ᠦᠭᠡᠢ ᠪᠣᠯᠵᠠᠢ᠂ ᠬᠡᠷᠪᠡ ᠬᠤᠶᠠᠷ ᠭᠠᠵᠠᠷ ᠲᠤ ᠲᠣᠰ ᠠᠰᠠᠭᠤᠳᠠᠯ ᠢ ᠰᠢᠢᠳᠪᠦᠷᠢᠯᠡᠬᠦ ᠳᠤ ᠭᠦᠷᠪᠡᠯ ᠭᠤᠷᠪᠠ ᠳᠥᠷᠪᠡᠨ ᠡᠳᠦᠷ ᠤᠨ ᠴᠠᠭ ᠬᠡᠷᠡᠭᠰᠡᠬᠦ ᠮᠥᠷᠲᠡᠭᠡᠨ ᠪᠠᠰᠠ ᠬᠥᠮᠥᠨ ᠤ ᠬᠦᠴᠦᠨ ᠤ ᠥᠪᠡᠷ ᠤᠨ ᠥᠷᠲᠡᠭ ᠢ ᠨᠡᠮᠡᠭᠳᠡᠬᠦᠯᠬᠦ ᠪᠣᠯᠣᠨ᠎ᠠ᠃ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠪᠠᠶᠢᠳᠠᠯ ᠢ ᠲᠦᠷᠭᠡᠨ ᠬᠠᠷᠭᠤᠭᠤᠯᠤᠨ ᠲᠣᠳᠣᠯᠠᠵᠤ᠂ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠲᠢᠶᠠᠨᠵᠢᠨ ᠬᠤᠲᠠ ᠶᠢᠨ ᠵᠢᠢ ᠵᠧᠦ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ᠂ ᠠᠯᠤᠰ ᠠᠴᠠ ᠮᠠᠲ᠋ᠧᠷᠢᠶᠠᠯ ᠳᠠᠮᠵᠢᠭᠤᠯᠵᠤ᠂ ᠲᠣᠰ ᠤᠳᠠᠭᠠᠨ ᠤ ᠣᠷᠣᠨ ᠪᠦᠰᠡ ᠠᠯᠤᠰᠯᠠᠭᠰᠠᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠵᠦᠢᠯᠡᠰ ᠢ ᠨᠠᠷᠢᠯᠢᠭ ᠣᠨᠣᠪᠴᠢᠳᠠᠢ ᠪᠥᠭᠡᠳ ᠥᠨᠳᠥᠷ ᠪᠦᠲᠦᠮᠵᠢᠲᠡᠶ ᠪᠠᠷ ᠲᠦᠷᠭᠡᠨ ᠰᠢᠢᠳᠪᠦᠷᠢᠯᠡᠵᠦ᠂ ᠭᠠᠶᠢᠯᠢ ᠲᠤᠰᠢᠶᠠᠭᠴᠢ ᠶᠢᠨ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠬᠦᠢᠴᠡᠳᠭᠡᠬᠦ ᠬᠠᠷᠠᠯᠲᠠ ᠪᠠᠷ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠬᠠᠷᠢᠯᠴᠠᠨ ᠦᠢᠯᠡᠳᠦᠯᠴᠡᠬᠦ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠮᠤᠵᠢ ᠠᠯᠤᠰᠯᠠᠨ ᠬᠤᠯᠪᠤᠭᠠᠯᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠠᠬᠢᠭᠤᠯᠵᠤ᠂ ᠭᠠᠶᠢᠯᠢ ᠲᠤᠰᠢᠶᠠᠭᠴᠢ ᠶᠢᠨ ᠨᠠᠭᠠᠰᠢ ᠴᠠᠭᠠᠰᠢ ᠭᠦᠶᠦᠬᠦ ᠶᠠᠷᠰᠢᠭ ᠢ ᠰᠢᠢᠳᠪᠤᠷᠢᠯᠡᠨ᠂ ᠭᠠᠶᠢᠯᠢ ᠲᠤᠰᠢᠶᠠᠭᠴᠢ ᠳᠤ ︽ᠭᠦᠢᠴᠡᠳᠭᠡᠬᠦ ᠪᠠ ᠯᠠᠪᠯᠠᠨ ᠠᠰᠠᠭᠤᠬᠤ ᠶᠢ ᠬᠠᠮᠵᠢᠯᠴᠠᠭᠤᠯᠬᠤ︾ ᠰᠢᠨ᠎ᠡ ᠭᠠᠶᠢᠯᠢ ᠳᠣᠰᠢᠶᠠᠬᠤ ᠪᠡᠶᠡᠴᠢ ᠣᠶᠢᠯᠠᠭᠠᠯᠲᠠ ᠶᠢ ᠦᠵᠡᠬᠦᠯᠵᠡᠢ᠃    ᠡᠨᠡ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠰᠦᠢᠳᠭᠡᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠵᠡᠩᠨᠡᠯᠳᠡ ᠶᠢᠨ ᠣᠷᠴᠢᠨ ᠳᠣᠭᠤᠷᠢᠨ ᠢ ᠰᠢᠯᠢᠳᠡᠭᠵᠢᠭᠦᠯᠦᠨ᠂ ︽ᠨᠠᠷᠢᠯᠢᠭ ᠣᠨᠣᠪᠴᠢᠳᠠᠢ ᠪᠠᠷ ᠬᠦᠷᠭᠡᠬᠦ᠂ ᠣᠶᠤᠨᠴᠢ ᠪᠠᠷ ᠬᠠᠷᠢᠯᠴᠠᠨ ᠰᠣᠯᠢᠯᠴᠠᠬᠤ᠂ ᠭᠦᠢᠴᠡᠳᠭᠡᠬᠦ ᠪᠠ ᠠᠰᠠᠭᠤᠬᠤ ᠶᠢ ᠬᠠᠮᠵᠢᠯᠴᠠᠭᠤᠯᠬᠤ᠂ ᠪᠥᠬᠦ ᠶᠠᠪᠤᠴᠠ ᠪᠠᠷ ᠬᠠᠷᠢᠯᠴᠠᠨ ᠬᠥᠳᠡᠯᠦᠯᠴᠡᠬᠦ︾ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠪᠠᠶᠢᠭᠤᠯᠵᠤ᠂ ᠲᠠᠲᠠᠪᠤᠷᠢᠯᠠᠬᠤ ᠪᠠ ᠲᠤᠰᠢᠶᠠᠬᠤ ᠶᠢ ᠬᠠᠷᠢᠯᠴᠠᠨ ᠠᠬᠢᠭᠤᠯᠬᠤ ᠪᠠᠷ ᠬᠠᠷᠠᠯᠲᠠ ᠪᠣᠯᠭᠠᠨ᠂ ᠣᠶᠤᠨᠴᠢ᠂ ᠥᠨᠳᠥᠷ ᠪᠦᠲᠦᠮᠵᠢᠲᠡᠶ᠂ ᠨᠠᠷᠢᠯᠢᠭ ᠣᠨᠣᠪᠴᠢᠳᠠᠢ᠂ ᠳᠥᠭᠦᠮ ᠳᠥᠲᠡ ᠬᠠᠷᠢᠯᠴᠠᠨ ᠠᠬᠢᠭᠤᠯᠬᠤ ᠦᠢᠯᠡᠴᠢᠯᠡᠭᠡ ᠶᠢ ᠭᠠᠶᠢᠯᠢ ᠰᠦᠢᠳᠭᠡᠯ ᠤᠨ ᠦᠢᠯᠡᠴᠢᠯᠡᠭᠡᠨ ᠤ ᠪᠥᠬᠦ ᠶᠠᠪᠤᠴᠠ ᠳᠤ ᠠᠭᠤᠰᠬᠠᠪᠠ᠃    ᠣᠲᠣ ᠪᠣᠯᠲᠠᠯ᠎ᠠ᠂ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠬᠠᠷᠢᠯᠴᠠᠨ ᠦᠢᠯᠡᠳᠦᠯᠴᠡᠬᠦ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠢ 1250 ᠭᠠᠷᠤᠢ ᠤᠳᠠᠭ᠎ᠠ ᠪᠡᠶᠡᠯᠡᠭᠦᠯᠵᠦ᠂ ᠮᠤᠵᠢ ᠠᠯᠤᠰᠯᠠᠬᠰᠠᠨ ᠠᠵᠢᠯ ᠢ 10 ᠤᠳᠠᠭ᠎ᠠ ᠬᠦᠢᠴᠡᠳᠬᠡᠵᠤ᠂ ᠭᠠᠶᠢᠯᠢ ᠰᠦᠢᠳᠭᠡᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠨᠠᠩ ᠲᠥᠬᠦᠮ᠂ ᠨᠠᠩ ᠲᠦᠷᠭᠡᠨ ᠪᠣᠯᠭᠠᠭᠰᠠᠨ ᠪᠠᠶᠢᠨ᠎ᠠ᠃ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠬᠢᠮ ᠤᠨ ᠳᠡᠳ᠋ ᠡᠷᠬᠢᠯᠡᠭᠴᠢ ᠷᠧᠨ ᠶᠤᠸᠠᠢ ᠡᠯ᠄ ︽ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢᠨ ᠬᠡᠷᠡᠭᠴᠡᠭᠡ ᠱᠠᠭᠠᠷᠳᠠᠯᠭ᠎ᠠ ᠳᠤ ᠨᠠᠷᠢᠯᠢᠭ ᠣᠨᠣᠪᠴᠢᠳᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠳᠠᠳᠠᠪᠣᠷᠢᠯᠠᠵᠣ ᠳᠣᠰᠢᠶᠠᠬᠤ ᠬᠠᠷᠢᠯᠴᠠᠨ ᠦᠢᠯᠡᠳᠦᠯᠴᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠭᠠᠶᠢᠯᠢ ᠰᠦᠢᠳᠭᠡᠯ ᠤᠨ ᠲᠥᠷᠥ ᠶᠢᠨ ᠪᠣᠳᠣᠯᠭ᠎ᠠ ᠶᠢᠨ ᠳᠠᠮᠵᠢᠭᠤᠯᠭ᠎ᠠ ᠵᠢᠴᠢ ᠭᠠᠶᠢᠯᠢ ᠪᠠ ᠠᠵᠤ ᠠᠬᠤᠶᠢᠯᠠᠯ ᠤᠨ ᠨᠡᠪᠲᠡᠷᠡᠯᠴᠡᠭᠡ ᠰᠣᠯᠢᠯᠴᠠᠭ᠎ᠠ ᠶᠢᠨ ᠰᠢᠨ᠎ᠡ ᠬᠥᠭᠦᠷᠭᠡ ᠶᠢ ᠪᠠᠶᠢᠭᠤᠯᠵᠤ ᠪᠠᠶᠢᠨ᠎ᠠ︾ ᠬᠡᠵᠤ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号