ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠳᠤ ᠲᠥᠪ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠤᠷᠢᠳᠴᠢᠯᠠᠨ ᠰᠡᠷᠭᠡᠶᠢᠯᠡᠬᠦ᠂ ᠭᠥᠯᠢᠶᠡᠨ ᠠᠪᠬᠤ᠂ ᠰᠢᠢᠳᠪᠦᠷᠢᠯᠡᠬᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠂ ᠡᠮᠬᠢ ᠳᠢᠭᠯᠢᠮ ᠢ ᠬᠠᠮᠠᠭᠠᠯᠠᠬᠤ︾ ᠵᠡᠷᠭᠡ ᠡᠯ᠎ᠡ ᠭᠤᠭᠴᠤᠭ᠎ᠠ ᠶᠢᠨ ᠬᠠᠣᠯᠢ ᠪᠠᠷ ᠵᠠᠰᠠᠬᠤ ᠵᠠᠩᠬᠢᠯᠠᠭ᠎ᠠ ᠶᠢ ᠴᠢᠩᠭ᠎ᠠ ᠠᠳᠬᠤᠵᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠬᠠᠤᠯᠢ ᠶᠣᠰᠣᠭᠠᠷ ᠠᠵᠢᠯᠯᠠᠵᠤ᠂ ᠵᠥᠷᠢᠴᠡᠯ ᠵᠠᠭᠤᠷᠠᠯᠳᠤᠭᠠᠨ ᠢ ᠤᠯᠠᠨ ᠳᠠᠯ᠎ᠠ ᠠᠴᠠ ᠰᠢᠢᠳᠪᠦᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠣᠯᠢ ᠪᠠᠷ ᠵᠠᠰᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠭᠡᠬᠦ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠥᠬᠦ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠪᠠᠶᠢᠳᠠᠯ ᠢ ᠰᠣᠨᠣᠰᠴᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠢᠨᠠᠠ ᠬᠠᠮᠢᠶᠠᠷᠬᠤ ᠶᠢ ᠴᠢᠩᠭᠠᠳᠬᠠᠵᠤ᠂ ᠳᠠᠭᠠᠳᠬᠠᠯ ᠢ ᠮᠡᠬᠡᠯᠡᠬᠦ᠂ ᠲᠣᠭᠲᠠᠭᠠᠯ ᠠᠴᠠ ᠵᠥᠷᠢᠴᠡᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠵᠡᠷᠭᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ︽ᠡᠮ ᠡᠮᠨᠡᠯᠭᠡ ᠶᠢᠨ ᠳᠠᠭᠠᠳᠬᠠᠯ ᠡᠮᠴᠢᠯᠡᠭᠡ ᠡᠮ ᠡᠮᠨᠡᠯᠭᠡ︾ ᠬᠠᠮᠵᠢᠯᠴᠠᠨ ᠬᠥᠭᠵᠢᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠡᠮ ᠡᠮᠨᠡᠯᠬᠡ ᠶᠢᠨ ᠭᠤᠷᠪᠠᠨ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠦᠮᠦᠰ ᠪᠣᠯᠤᠨ ᠶᠠᠳᠠᠭᠤ ᠠᠴᠠ ᠠᠩᠭᠢᠵᠢᠷᠠᠭᠰᠠᠨ ᠬᠦᠮᠦᠰ ᠢ ᠬᠥᠳᠡᠯᠦᠩᠭᠦᠶ ᠬᠢᠨᠠᠨ ᠬᠡᠮᠵᠢᠬᠦ ᠶᠢ ᠴᠢᠩᠭᠠᠳᠬᠠᠵᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠥᠬᠦ ᠠᠶᠢᠮᠠᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠᠶᠢᠳᠠᠯ ᠢ ᠰᠣᠨᠣᠰᠴᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠪᠣᠬᠢᠷᠲᠤᠯ ᠢ ᠵᠠᠰᠠᠬᠤ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ᠂ ᠲᠣᠭᠤᠰᠣ ᠳᠣᠷᠳᠤᠭ ᠢ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠲᠦᠷᠬᠡᠨ ᠠᠬᠢᠭᠤᠯᠵᠤ᠂ ᠣᠷᠴᠢᠨ ᠲᠣᠭᠤᠷᠢᠨ ᠤ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号