︽ᠲᠣᠭᠠᠴᠢᠯᠠᠭᠰᠠᠨ ᠪᠠᠬᠢᠯᠡᠯᠲᠡ︾ ᠠᠯᠠᠱᠠ ᠶᠢᠨ ᠬᠢᠯᠢ ᠬᠢᠵᠠᠭᠠᠷ ᠢ ᠰᠠᠬᠢᠠ ᠬᠠᠮᠠᠭᠠᠯᠠᠬᠤ ᠬᠦᠨᠳᠤ ᠡᠬᠦᠷᠭᠡ ᠶᠢ ᠡᠬᠦᠷᠭᠡᠯᠡᠬᠦ ᠪᠤᠯᠤᠯ᠎ᠠ
ᠨᠡᠶᠢᠲᠡᠯᠡᠭᠰᠡᠨ ᠴᠠᠭ᠄
2024/9/26
    ᠠᠯᠠᠱᠠ ᠠᠯᠤᠰ ᠬᠤᠯᠠ ᠭᠤᠪᠢ ᠪᠤᠶᠢᠳᠠ ᠪᠠᠷ ᠢᠶᠠᠨ ᠬᠤᠯᠠ ᠤᠶᠢᠷ᠎ᠠ ᠶᠢᠨ ᠬᠢᠨ ᠤ ᠰᠤᠨᠤᠰᠬᠠᠯ ᠪᠤᠯᠵᠤ ᠪᠠᠶᠢᠬᠰᠠᠠ ᠪᠤᠯ ᠤᠳᠤ ᠠᠳᠠᠬᠢ ᠦᠷᠭᠡᠠ ᠠᠭᠤᠳᠠᠮ ᠨᠤᠳᠤᠭ ᠳᠠᠪᠢᠰᠭᠡᠷ ᠳᠡᠭᠡᠷ᠎ᠠ ︽ᠳᠤᠭᠠᠴᠢᠯᠠᠯᠳᠠ︾ ᠭᠡᠬᠦ ᠰᠢᠨ᠎ᠠ ᠴᠠᠬ ᠦᠶ᠎ᠠ ᠶᠢᠨ ᠳᠤᠮᠤ ᠬᠤᠪᠢᠰᠤᠯᠳᠠ ᠦᠷᠨᠢᠵᠤ᠂ ᠰᠤᠷᠠᠭ ᠳᠤᠯᠬᠢᠶᠠᠠ ᠤ ᠦᠷᠳᠡᠭᠡ ᠬᠢᠯᠢ ᠨᠤᠳᠤᠭ ᠢᠶᠠᠷ ᠳᠦᠬᠡᠮᠡᠯᠵᠢᠠ᠂ ᠬᠦᠮᠦᠠ ᠦᠬᠡᠢ ᠨᠢᠰᠬᠡᠯ ᠦᠷᠭᠡᠠ ᠭᠤᠪᠢ ᠪᠠᠷ ᠰᠦᠯᠵᠢᠬᠦ ᠪᠤᠯᠤᠯ᠎ᠠ᠃ ︽ᠨᠠᠮᠤᠭᠤᠠ ᠲᠣᠷᠬᠢᠯᠲᠠ ᠪᠠᠷ ᠦᠢᠷ᠎ᠠ ᠬᠠᠪᠢ ᠶᠢ ᠬᠢᠨᠠᠠ ᠭᠡᠮᠵᠢᠬᠦ ᠰᠢᠰᠲ᠋ᠧᠮ︾ ᠠᠯᠠᠱᠠ ᠶᠢᠨ ᠬᠢᠯᠢ ᠶᠢᠨ ᠬᠠᠮᠢᠶᠠᠷᠤᠯᠳᠠ ᠶᠢᠨ ᠤᠷᠤᠠ ᠳᠤ ᠪᠥᠬᠦ ᠳᠠᠯ᠎ᠠ ᠶᠢᠨ᠂ ᠥᠨᠳᠥᠷ ᠪᠦᠲᠦᠮᠵᠢᠲᠡᠶ ︽ᠲᠣᠭᠠᠴᠢᠯᠠᠭᠰᠠᠨ ᠪᠠᠬᠢᠯᠡᠯᠲᠡ︾ ᠶᠢ ᠪᠠᠶᠢᠭᠤᠯᠵᠤ ᠪᠠᠶᠢᠨ᠎ᠠ᠃    ᠠᠯᠠᠱᠠ ᠵᠡᠭᠦᠨ ᠬᠤᠰᠢᠭᠤᠨ ᠤ ᠢᠩᠬᠡᠨ ᠰᠤᠮᠤᠨ ᠤ ᠬᠢᠯᠢ ᠬᠠᠮᠠᠭᠠᠯᠠᠭᠴᠢ ᠠᠯᠳ᠋ᠬᠠᠭᠤᠯᠠ ᠬᠢᠯᠢ ᠶᠢᠨ ᠱᠤᠭᠤᠮ ᠢᠶᠠᠷ ᠪᠠᠶᠢᠴᠠᠭᠠᠵᠤ ᠶᠠᠪᠤᠭᠠᠳ ᠬᠢᠯᠢ ᠶᠢᠨ ᠤᠲᠠᠰᠤ ᠦᠶᠡᠷ ᠲᠤ ᠠᠪᠲᠠᠭᠰᠠᠨ ᠢ ᠮᠡᠳᠡᠭᠡᠳ ᠲᠤᠤᠷ᠎ᠠ ᠪᠠᠨ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠩᠬᠡᠨ ᠬᠢᠯᠢ ᠶᠢᠨ ᠲᠣᠮᠢᠯᠠᠭᠰᠠᠨ ᠰᠠᠯᠪᠤᠷᠢ ᠳᠤ ᠮᠡᠳᠡᠭᠦᠯᠵᠦ᠂ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳᠠᠷᠤᠢ ᠲᠦᠷᠭᠡᠨ ᠬᠥᠳᠡᠯᠦᠯᠴᠡᠵᠦ᠂ ᠬᠢᠯᠢ ᠬᠠᠮᠠᠭᠠᠯᠠᠭᠴᠢ ᠲᠠᠢ ᠬᠠᠮᠲᠤ ᠬᠢᠯᠢ ᠶᠢᠨ ᠤᠲᠠᠰᠤ ᠶᠢ ᠰᠡᠯᠪᠢᠨ ᠵᠠᠰᠠᠵᠡᠢ᠃ ᠠᠯᠳ᠋ᠬᠠᠭᠤᠯᠠ᠂ ᠤᠤᠯ ᠳᠠᠭᠠᠨ ᠬᠢᠯᠢ ᠳᠠᠭᠠᠤ ᠰᠦᠯᠵᠢᠶ᠎ᠡ ᠶᠡᠭᠡ ᠮᠠᠭᠤ ᠪᠠᠶᠢᠭᠰᠠᠨ᠂ ᠬᠡᠯᠡ ᠤᠯᠠ ᠠᠪᠴᠤ ᠴᠢᠳᠠᠬᠤ ᠦᠭᠡᠢ ᠦᠶ᠎ᠡ ᠳᠤ ᠮᠣᠲ᠋ᠤᠷ ᠤᠨᠤᠵᠤ ᠬᠤᠷᠢᠠ ᠭᠡᠳᠤᠠ ᠤ ᠭᠠᠵᠠᠷ ᠶᠠᠪᠤᠵᠤ ᠪᠠᠶᠢᠮᠠᠠ ᠴᠠᠭᠳᠠᠭ᠎ᠠ ᠳᠤ ᠮᠡᠳᠡᠭᠳᠡᠳᠡᠭ᠃ ᠵᠠᠷᠢᠮ ᠳᠠᠭᠠᠨ ᠬᠦᠮᠦᠨ ᠢᠶᠠᠷ ᠬᠡᠯᠡ ᠳᠠᠮᠵᠢᠭᠤᠯᠤᠨ᠎ᠠ᠃ ᠳᠡᠭᠡᠷ᠎ᠠ ᠵᠢᠯ ᠠᠴᠠ ᠠᠳᠠ ᠭᠠᠷ ᠤᠳᠠᠰᠤᠨ ᠤ ᠰᠦᠯᠵᠢᠶ᠎ᠡ ᠶᠡᠭᠡ ᠰᠠᠶᠢᠨ ᠪᠤᠯᠤᠬᠰᠠᠠ ᠭᠡᠵᠤ ᠪᠠᠶᠢᠯ᠎ᠠ᠃ ᠥᠩᠭᠡᠷᠡᠭᠰᠡᠨ ᠳᠤ᠂ ᠬᠢᠯᠢ ᠬᠠᠮᠠᠭᠠᠯᠠᠭᠴᠢᠳ ᠳᠤᠭᠤᠷᠢᠠ ᠪᠠᠶᠢᠴᠠᠭᠠᠬᠤ ᠶᠠᠪᠤᠴᠠ ᠳᠤ ᠰᠡᠵᠢᠭᠯᠡᠯᠲᠡᠶ ᠪᠠᠶᠢᠳᠠᠯ ᠲᠠᠭᠠᠷᠠᠬᠤ ᠳᠤ ᠬᠦᠷᠪᠡᠯ ᠰᠠᠯᠪᠤᠷᠢ ᠳᠤ ᠬᠦᠷᠴᠤ ᠬᠠᠪᠰᠤᠷᠤᠯᠭ᠎ᠠ ᠭᠤᠶᠤᠴᠢᠯᠠᠬᠤ ᠯᠠ ᠬᠡᠷᠡᠭᠲᠡᠶ ᠪᠠᠶᠢᠭᠰᠠᠨ ᠪᠤᠯ ᠣᠳᠣ ᠳᠦᠭᠦᠷᠡᠩ ᠳᠣᠬᠢᠶ᠎ᠠ ᠲᠠᠢ ᠪᠤᠯᠤᠭᠰᠠᠨ ᠢᠶᠠᠷ ᠲᠡᠳᠡ ᠴᠠᠭ ᠲᠤᠬᠠᠶ ᠳᠤᠨᠢ ᠲᠣᠮᠢᠯᠠᠭᠰᠠᠨ ᠰᠠᠯᠪᠤᠷᠢ ᠲᠠᠢ ᠬᠠᠷᠢᠯᠴᠠᠵᠤ ᠴᠢᠳᠠᠬᠤ ᠪᠤᠯᠵᠤ᠂ ᠬᠢᠯᠢ ᠶᠢᠨ ᠠᠮᠤᠷ ᠲᠦᠪᠰᠢᠨ ᠢ ᠪᠠᠳᠤᠯᠠᠬᠤ ᠳᠤ ᠤᠯᠠᠮ ᠳᠦᠬᠦᠮ ᠪᠤᠯᠵᠠᠢ᠃    ᠰᠤᠷᠠᠭ ᠳᠣᠬᠢᠶ᠎ᠠ ᠨᠢ ᠬᠢᠯᠢ ᠬᠢᠵᠠᠭᠠᠷ ᠣᠷᠣᠨ ᠳᠤ ᠠᠪᠴᠤ ᠭᠡᠯᠠᠪᠠᠯ ᠨᠢᠭᠡ ᠵᠦᠢᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠬᠢᠯᠢ ᠬᠢᠵᠠᠭᠠᠷ ᠢ ᠰᠠᠬᠢᠨ ᠬᠠᠮᠠᠭᠠᠯᠠᠬᠤ ᠠᠮᠤᠷ ᠲᠦᠪᠰᠢᠨ ᠤ ᠲᠦᠯᠬᠢᠭᠦᠷ ᠪᠣᠯᠤᠨ᠎ᠠ᠃ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠬᠢᠯᠢ ᠶᠢᠨ ᠠᠮᠤᠷ ᠲᠦᠪᠰᠢᠨ ᠤ ᠱᠤᠭᠤᠮ ᠢ ᠪᠠᠲᠤ ᠴᠣᠭᠴᠠᠯᠠᠬᠤ ᠪᠠᠷ ᠬᠠᠷᠠᠯᠲᠠ ᠪᠣᠯᠭᠠᠨ᠂ ︽ᠳᠤᠲᠠᠭᠤᠳᠠᠯ ᠢ ᠨᠥᠬᠦᠪᠥᠷᠢᠯᠡᠠ᠂ ᠳᠤᠬᠢᠶ᠎ᠠ ᠦᠬᠡᠢ ᠣᠷᠣᠨ ᠢ ᠠᠷᠢᠯᠭᠠᠬᠤ︾ ᠵᠠᠷᠴᠢᠮ ᠢᠶᠠᠷ᠂ ᠳᠣᠬᠢᠶᠠᠨ ᠤ ᠰᠠᠭᠤᠷᠢ ᠥᠷᠳᠡᠭᠡᠨ ᠤ ᠲᠥᠷᠥᠯ ᠵᠦᠢᠯ ᠢ ᠬᠢᠯᠢ ᠶᠢᠨ ᠬᠠᠷᠢᠶ᠎ᠠ ᠣᠷᠣᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠬᠢᠯᠢ ᠳᠠᠭᠠᠤ ᠤᠷᠤᠨ ᠤ ᠳᠣᠬᠢᠶᠠᠨ ᠤ ᠪᠦᠷᠬᠦᠴᠡ ᠶᠢᠨ ᠨᠣᠷᠮ᠎ᠠ ᠶᠢ ᠶᠡᠭᠡ ᠪᠠᠷ ᠨᠡᠮᠡᠭᠳᠡᠭᠦᠯᠵᠠᠢ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠥᠯᠵᠡᠶ ᠬᠢᠯᠢ ᠶᠢᠨ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠣᠭᠴᠢ ᠱᠤ᠋ ᠯᠢ ᠬᠤᠶ᠂ ᠣᠷᠴᠢᠮ ᠡᠯᠡᠰᠦᠨ ᠰᠢᠭᠤᠷᠭ᠎ᠠ᠂ ᠪᠣᠷᠣᠭᠠᠨ ᠲᠠᠢ ᠠᠭᠤᠷ ᠠᠮᠢᠰᠬᠤᠯ ᠤᠨ ᠨᠦᠯᠦᠬᠡ ᠪᠠᠷ ᠲᠤᠭᠤᠷᠢᠨ ᠪᠠᠶᠢᠴᠠᠭᠠᠬᠤ ᠡᠭᠦᠷᠭᠡ ᠤᠯᠠᠮ ᠬᠦᠨᠳᠦ ᠪᠤᠯᠵᠠᠢ᠃ ᠡᠶᠢᠮᠤ ᠪᠠᠶᠢᠳᠠᠯ ᠳᠤᠤᠷ᠎ᠠ ᠪᠢᠳᠠ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠭᠡᠷᠡᠭᠯᠡᠭᠰᠡᠠ ᠨᠢ ᠭᠡᠵᠢᠶ᠎ᠠ ᠴᠤ ᠡᠬᠦᠰᠴᠤ ᠮᠡᠳᠡᠬᠦ ᠭᠡᠨᠡᠳᠲᠡ ᠶᠢᠨ ᠭᠡᠷᠡᠭ ᠢ ᠴᠠᠭ ᠳᠤᠬᠠᠢ ᠳᠤᠨᠢ ᠠᠷᠭᠠᠴᠠᠵᠤ ᠴᠢᠳᠠᠬᠤ ᠪᠤᠯᠤᠬᠰᠠᠠ ᠭᠡᠵᠤ ᠪᠠᠶᠢᠯ᠎ᠠ᠃     ᠱᠤ᠋ ᠯᠢ ᠬᠤᠶ ᠶᠢᠨ ᠭᠠᠷ ᠲᠤ ᠪᠠᠶᠢᠭ᠎ᠠ ︽ᠳᠥᠷᠪᠡᠨ ᠡᠷᠭᠢᠯᠳᠦᠭᠡ ᠳᠠᠯᠠᠪᠴᠢᠲᠤ ᠵᠢᠯᠣᠭᠤᠴᠢ ᠥᠬᠡᠶ ᠨᠢᠰᠭᠡᠯ︾ ᠨᠢ ᠶᠠᠭ ᠳᠤᠮᠳᠠᠳᠤ ᠮᠣᠩᠭᠤᠯ ᠤᠨ ᠬᠢᠯᠢ ᠳᠠᠭᠠᠤ ᠤᠷᠤᠨ ᠢᠶᠠᠷ ᠲᠤᠭᠤᠷᠢᠨ ᠪᠠᠶᠢᠴᠠᠭᠠᠵᠤ ᠪᠠᠶᠢᠯ᠎ᠠ᠃ ᠡᠨᠡ ᠵᠢᠯᠤᠭᠤᠴᠢ ᠦᠭᠡᠢ ᠨᠢᠰᠭᠡᠯ ᠪᠣᠯ ᠱᠤ᠋ ᠯᠢ ᠬᠤᠶ ᠶᠢᠨ ᠰᠢᠨ᠎ᠡ ︽ᠳᠠᠶᠢᠴᠢᠨ ᠬᠠᠨᠢ︾ ᠪᠣᠯᠤᠨ᠎ᠠ᠃ ᠱᠤ᠋ ᠯᠢ ᠬᠤᠢ ᠡᠨᠡ ᠬᠦ ᠬᠢᠯᠢ ᠶᠢᠨ ᠱᠤᠭᠤᠮ ᠢ ᠨᠢᠭᠡᠨᠲᠡ 8 ᠵᠢᠯ ᠭᠠᠷᠤᠢ ᠰᠠᠬᠢᠵᠤ ᠪᠤᠢ᠃ ᠤᠳᠤ ᠪᠤᠯᠬᠤ ᠳᠤ ᠬᠦᠮᠦᠨ ᠢᠶᠠᠷ ᠰᠡᠷᠬᠡᠶᠢᠯᠡᠬᠦ᠂ ᠪᠣᠳᠠᠰ ᠢᠶᠠᠷ ᠰᠡᠷᠬᠡᠶᠢᠯᠡᠬᠦ᠂ ᠮᠡᠷᠭᠡᠵᠢᠯ ᠢᠶᠠᠷ ᠰᠡᠷᠬᠡᠶᠢᠯᠡᠬᠦ ᠪᠣᠰᠤᠭ᠎ᠠ ᠴᠣᠭᠴᠠᠲᠤ ᠬᠢᠯᠢ ᠬᠠᠮᠠᠭᠠᠯᠠᠬᠤ ᠵᠠᠭᠪᠤᠷ ᠪᠦ᠋ᠷᠢᠯᠳᠦᠠ᠂ ᠳᠤᠮᠳᠠᠳᠤ ᠮᠣᠩᠭᠤᠯ ᠤᠨ ᠬᠢᠯᠢ ᠳᠠᠭᠠᠤ ᠭᠠᠵᠠᠷ ᠤᠨ ︽ᠠᠮᠤᠷ ᠲᠦᠪᠰᠢᠨ ᠤ ᠲᠣᠤᠷ︾ ᠢ ᠨᠢᠭᠲᠠ ᠰᠦᠯᠵᠢᠵᠦ᠂ ᠡᠬᠡ ᠤᠯᠤᠰ ᠤᠨ ᠬᠢᠯᠢ ᠶᠢᠨ ᠱᠤᠭᠤᠮ ᠢ ᠰᠠᠬᠢᠨ ᠬᠠᠮᠠᠭᠠᠯᠠᠵᠤ ᠪᠠᠶᠢᠨ᠎ᠠ᠃ ᠱᠤ᠋ ᠯᠢ ᠬᠤᠶ᠂ ᠵᠢᠯᠣᠭᠤᠴᠢ ᠥᠬᠡᠶ ᠨᠢᠰᠭᠡᠯ ᠢ ᠬᠡᠷᠡᠭᠯᠡᠭᠰᠡᠠ ᠢᠶᠠᠷ ᠬᠢᠯᠢ ᠪᠠᠷ ᠣᠷᠣᠵᠤ ᠭᠠᠷᠬᠤ᠂ ᠬᠠᠤᠯᠢ ᠪᠤᠰᠤ ᠪᠠᠷ ᠬᠢᠯᠢ ᠳᠠᠪᠠᠭ᠋ᠣ ᠠᠵᠢᠯᠯᠠᠭ᠎ᠠ ᠶᠢ ᠴᠠᠭ ᠲᠤᠬᠠᠶ ᠳᠤᠨᠢ ᠤᠯᠵᠤ ᠬᠠᠷᠠᠬᠤ᠂ ᠴᠠᠭ ᠲᠤᠬᠠᠶ ᠳᠤᠨᠢ ᠰᠢᠢᠳᠪᠦᠷᠢᠯᠡᠬᠦ ᠶᠢ ᠪᠡᠶᠡᠯᠡᠬᠦᠯᠵᠤ᠂ ᠳᠠᠯᠳᠠ ᠬᠡᠮ ᠢ ᠠᠷᠢᠯᠭᠠᠨ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠠ ᠰᠢᠤ ᠭᠡᠵᠤ ᠰᠤᠷᠪᠤᠯᠵᠢᠯᠠᠬᠴᠢ ᠳᠤ ᠳᠠᠨᠢᠯᠴᠠᠭᠤᠯᠤᠯ᠎ᠠ᠃ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠵᠢᠯᠣᠭᠤᠳᠬᠤ ᠲᠥᠪ ᠲᠤ᠂ ︽ᠨᠠᠮᠤᠭᠤᠠ ᠲᠣᠷᠬᠢᠯᠲᠠ ᠪᠠᠷ ᠦᠢᠷ᠎ᠠ ᠬᠠᠪᠢ ᠶᠢ ᠬᠢᠨᠠᠠ ᠬᠡᠮᠵᠢᠬᠦ ᠰᠢᠰᠲ᠋ᠧᠮ︾ ᠰᠠᠷᠠᠮᠵᠢ ᠶᠢᠨ ᠳᠤᠬᠢᠶ᠎ᠠ ᠶᠢ ᠳᠤᠰᠤᠠ ᠠᠪᠤᠯ᠎ᠠ᠃ ᠪᠠᠶᠢᠴᠠᠭᠠᠨ ᠦᠵᠡᠬᠦ ᠳᠤ᠂ ᠰᠦᠷᠦᠭ ᠲᠡᠮᠡᠭᠡ ᠶᠠᠭ ᠬᠢᠯᠢ ᠶᠢᠨ ᠱᠤᠭᠤᠮ ᠵᠦᠭ ᠦᠢᠷᠠᠳᠴᠤ ᠪᠠᠶᠢᠯ᠎ᠠ᠃ ᠵᠢᠵᠢᠭᠦᠷ ᠴᠠᠭᠳᠠᠭ᠎ᠠ ᠳᠠᠷᠤᠢ ᠳᠦᠷᠭᠡᠠ ᠬᠠᠮᠤᠭ ᠤᠨ ᠣᠶᠢᠷ᠎ᠠ ᠪᠠᠶᠢᠭ᠎ᠠ ᠴᠠᠭᠳᠠᠭ᠎ᠠ ᠪᠣᠯᠤᠨ ᠬᠢᠯᠢ ᠬᠠᠮᠠᠭᠠᠯᠠᠭᠴᠢ ᠳᠤ ᠮᠡᠳᠡᠭᠳᠡᠭᠰᠡᠠ ᠢᠶᠠᠷ ᠲᠡᠮᠡᠭᠡᠨ ᠰᠦᠷᠦᠭ ᠤᠨ ᠬᠢᠯᠢ ᠳᠠᠪᠠᠭ᠋ᠤ ᠶᠢ ᠬᠤᠷᠢᠬᠯᠠᠵᠤ᠂ ᠮᠠᠯᠴᠢᠳ ᠢ ᠬᠤᠬᠢᠷᠠᠯ ᠠᠴᠠ ᠵᠠᠶᠢᠯᠠᠭᠤᠯᠤᠬᠰᠠᠠ ᠪᠠᠶᠢᠨ᠎ᠠ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠯᠢ ᠶᠢᠨ ᠬᠠᠮᠢᠶᠠᠷᠤᠯᠲᠠ ᠶᠢᠨ ᠭᠠᠵᠠᠷ ᠤᠨ ᠠᠷᠠᠳ ᠤᠨ ᠴᠠᠭᠳᠠᠭ᠎ᠠ ᠶᠣᠣ ᠰᠢᠶᠤᠤ ᠯᠦᠩ᠂ ︽ᠨᠠᠮᠤᠭᠤᠠ ᠲᠣᠷᠬᠢᠯᠲᠠ ᠪᠠᠷ ᠦᠢᠷ᠎ᠠ ᠬᠠᠪᠢ ᠶᠢ ᠬᠢᠨᠠᠠ ᠬᠡᠮᠵᠢᠬᠦ ᠰᠢᠰᠲ᠋ᠧᠮ︾ ᠨᠢ ᠪᠠᠭ᠎ᠠ ᠰᠠᠭ᠎ᠠ ᠳᠣᠷᠭᠢᠯᠲᠠ ᠶᠢ ᠣᠨᠣᠪᠴᠢᠲᠠᠶ ᠰᠡᠷᠡᠵᠦ ᠮᠡᠳᠡᠬᠦ ᠶᠢᠨ ᠬᠠᠮᠲᠤ ᠲᠤᠬᠠᠶ ᠶᠢᠨ ᠲᠠᠯᠠᠪᠠᠶ ᠶᠢ ᠬᠢᠨᠠᠨ ᠡᠵᠡᠮᠳᠡᠬᠦ ᠪᠠ ᠲᠤᠭ᠎ᠠ ᠪᠠᠷᠢᠮᠲᠠ ᠳᠤ ᠵᠠᠳᠠᠯᠤᠯᠲᠠ ᠬᠢᠬᠦ ᠪᠠᠷ ᠳᠠᠮᠵᠢᠭᠤᠯᠤᠨ ᠦᠳᠲᠡᠷ ᠲᠦᠷᠭᠡᠨ ᠰᠡᠷᠡᠮᠵᠢᠯᠡᠭᠦᠯᠳᠡᠭ᠂ ᠴᠠᠭᠳᠠᠭ᠎ᠠ ᠮᠡᠳᠡᠭᠡ ᠵᠠᠩᠭᠢ ᠶᠢ ᠦᠨᠳᠦᠰᠦᠯᠡᠨ ᠬᠡᠷᠡᠭ ᠤᠨ ᠪᠠᠶᠢᠷᠢ ᠶᠢ ᠦᠳᠲᠡᠷ ᠲᠦᠷᠭᠡᠨ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠰᠶᠢᠳᠪᠤᠷᠢᠯᠡᠬᠦ ᠠᠷᠭ᠎ᠠ ᠭᠡᠮᠵᠢᠶ᠎ᠠ ᠶᠢ ᠠᠪᠴᠤ ᠴᠢᠳᠠᠳᠠᠭ᠃ ᠲᠡᠭᠦᠨ ᠤ ᠥᠨᠳᠥᠷ ᠪᠦᠲᠦᠮᠵᠢᠲᠡᠶ ᠮᠡᠳᠡᠷᠡᠬᠦ ᠪᠠ ᠲᠦᠰᠦᠬᠡᠯᠡᠨ ᠪᠤᠳᠤᠬᠤ ᠴᠢᠳᠠᠪᠤᠷᠢ ᠨᠢ ᠰᠠᠯᠪᠤᠷᠢ ᠠᠩᠭᠢ ᠶᠢᠨ ᠬᠢᠯᠢ ᠶᠢᠨ ᠪᠠᠶᠢᠭᠤᠯᠤᠯᠲᠠ ᠳᠤ ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ ᠭᠡᠪᠠ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠪᠠᠰᠠ ︽ᠡᠭᠦᠯᠡᠨ MAS︾ ᠵᠠᠳᠠᠯᠤᠨ ᠬᠠᠷᠢᠴᠠᠭᠤᠯᠬᠤ ᠲᠠᠪᠴᠠᠩ ᠵᠡᠷᠭᠡ ᠰᠢᠨ᠎ᠠ ᠰᠢᠨᠵᠢᠯᠡᠭᠡ ᠮᠡᠷᠭᠡᠵᠢᠯ ᠤᠨ ᠲᠠᠪᠴᠠᠩ ᠢ ᠪᠠᠶᠢᠷᠢᠯᠠᠭᠤᠯᠵᠤ᠂ ᠣᠯᠠᠨ ᠬᠡᠮᠵᠢᠯᠳᠦ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠠ ᠬᠢᠯᠢ ᠬᠢᠵᠠᠭᠠᠷ ᠣᠷᠣᠨ ᠢ ᠪᠥᠬᠦ ᠲᠠᠯ᠎ᠠ ᠪᠠᠷ ᠬᠢᠨᠠᠨ ᠬᠠᠷᠠᠬᠤ ᠪᠠ ᠨᠠᠷᠢᠯᠢᠭ ᠣᠨᠣᠪᠴᠢᠲᠠᠶ ᠬᠠᠮᠢᠶᠠᠷᠤᠨ ᠡᠵᠡᠮᠳᠡᠬᠦ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ᠂ ᠰᠢᠨ᠎ᠡ ᠲᠣᠨᠤᠭ ᠲᠥᠬᠦᠭᠡᠷᠦᠮᠵᠢ ᠪᠠᠷ ᠡᠯ᠎ᠡ ᠲᠥᠷᠥᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠦᠮᠡ ᠭᠠᠷᠤᠶ ᠭᠥᠯᠢᠶᠡᠨ ᠠᠪᠴᠤ᠂ ᠠᠳᠡᠬᠦᠷᠡᠵᠤ ᠬᠢᠯᠢ ᠪᠠᠷ ᠣᠷᠣᠵᠤ ᠢᠷᠡᠭᠰᠡᠨ 100 ᠭᠠᠷᠤᠶ ᠬᠥᠮᠦᠨ ᠢ ᠴᠠᠭ ᠲᠤᠬᠠᠶ ᠳᠤᠨᠢ ᠢᠳᠬᠠᠨ ᠪᠤᠴᠠᠭᠠᠵᠤ᠂ ᠰᠦᠯᠵᠢᠶᠡᠨ ᠳᠡᠭᠡᠷ᠎ᠡ ᠵᠠᠷᠯᠠᠬᠰᠠᠠ ᠤᠷᠭᠤᠳᠤᠤᠯ 8 ᠬᠥᠮᠦᠨ ᠢ ᠪᠠᠷᠢᠪᠴᠢᠯᠠᠠ᠂ ᠬᠤᠯᠠᠭᠠᠢ ᠪᠠᠷ ᠭᠠᠵᠠᠷ ᠮᠠᠯᠲᠠᠭᠰᠠᠨ 6 ᠬᠡᠷᠡᠭ ᠢ ᠪᠠᠶᠢᠴᠠᠭᠠᠵᠤ᠂ ᠣᠯᠠᠨ ᠲᠦᠮᠡᠨ ᠢ ᠬᠠᠪᠰᠤᠷᠤᠨ 100 ᠭᠠᠷᠤᠶ ᠮᠠᠯ ᠢ ᠨᠢ ᠡᠷᠢᠵᠦ ᠦᠭᠪᠠ᠃    ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠡᠦ ᠵᠢᠶᠠᠨ ᠲᠤᠤ᠂ ᠣᠶᠢᠷ᠎ᠠ ᠶᠢᠨ ᠵᠢᠯ ᠠᠴᠠ᠂ ᠮᠠᠨ ᠤ ᠰᠠᠯᠪᠤᠷᠢ ᠠᠩᠭᠢ ︽ᠭᠤᠷᠪᠠᠨ ᠰᠢᠨ᠎ᠡ ᠪᠥᠲᠥᠭᠡᠨ ᠪᠠᠶᠢᠭᠤᠯᠤᠯᠲᠠ︾ ᠶᠢ ᠶᠡᠭᠡ ᠪᠠᠷ ᠠᠬᠢᠭᠤᠯᠵᠤ᠂ ᠰᠢᠨ᠎ᠡ ᠲᠣᠨᠤᠭ ᠲᠥᠬᠦᠭᠡᠷᠦᠮᠵᠢ᠂ ᠮᠡᠷᠭᠡᠵᠢᠯ ᠤᠨ ᠠᠷᠭ᠎ᠠ ᠪᠠᠷᠢᠯ ᠤᠨ ᠪᠠᠶᠢᠭᠤᠯᠤᠯᠲᠠ ᠶᠢ ᠤᠯᠠᠮᠵᠢᠯᠠᠯᠲᠤ ᠬᠢᠯᠢ ᠶᠢᠨ ᠬᠠᠮᠢᠶᠠᠷᠤᠯᠲᠠ ᠶᠢᠨ ᠠᠷᠭ᠎ᠠ ᠪᠠᠷᠢᠯ ᠲᠠᠢ ᠨᠢᠭᠲᠠ ᠤᠶᠠᠯᠳᠤᠭᠤᠯᠤᠠ᠂ ᠠᠯᠠᠱᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠪᠣᠰᠤᠭ᠎ᠠ ᠴᠣᠭᠴᠠᠲᠤ ᠬᠢᠯᠢ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠬᠢᠯᠢ ᠬᠢᠵᠠᠭᠠᠷ ᠤᠨ ᠬᠠᠮᠢᠶᠠᠷᠤᠨ ᠡᠵᠡᠮᠳᠡᠬᠦ ᠵᠠᠭᠪᠤᠷ ᠢ ᠤᠯᠠᠮ ᠨᠢᠭᠡ ᠠᠯᠬᠤᠮ ᠰᠢᠯᠢᠳᠡᠭᠵᠢᠭᠦᠯᠤᠠ᠂ ᠤᠯᠠᠮᠵᠢᠯᠠᠯᠲᠤ ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠲᠣᠭᠠᠴᠢᠯᠠᠯᠲᠠ᠂ ᠤᠶᠤᠨᠴᠢᠯᠠᠯᠲᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠬᠠᠷᠢᠶᠠᠲᠤ ᠣᠷᠣᠨ ᠳᠤ ᠨᠢᠭᠡᠨ ᠥᠨᠳᠥᠷ ᠪᠦᠲᠦᠮᠵᠢᠲᠡᠶ᠂ ᠪᠥᠬᠦ ᠲᠠᠯ᠎ᠠ ᠶᠢᠨ᠂ ᠪᠣᠰᠤᠭ᠎ᠠ ᠴᠣᠭᠴᠠᠲᠤ ︽ᠲᠣᠭᠠᠴᠢᠯᠠᠭᠰᠠᠨ ᠪᠠᠬᠢᠯᠡᠯᠲᠡ︾ ᠶᠢ ᠪᠠᠶᠢᠭᠤᠯᠵᠠᠢ ᠭᠡᠵᠤ ᠳᠠᠨᠢᠯᠴᠠᠭᠤᠯᠤᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号