ᠸᠠᠩ ᠯᠢ ᠰᠢᠶᠠ ᠲᠦᠩᠯᠢᠶᠣᠤ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠤᠨ ᠦᠷᠭᠡᠳᠬᠡᠬᠦ ᠶᠢ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠤᠯᠭᠠᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 24 ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠦᠩᠯᠢᠶᠣᠤ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠤᠨ ᠦᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃    ᠨᠢᠰᠭᠡᠯ ᠠᠴᠠ ᠪᠠᠭᠤᠮᠠᠭᠴᠠ᠂ ᠸᠠᠩ ᠯᠢ ᠰᠢᠶᠠ ᠶᠠᠳᠠᠭᠤ ᠠᠴᠠ ᠠᠩᠭᠢᠵᠢᠷᠠᠭᠰᠠᠨ ᠡᠷᠦᠬᠡ ᠷᠦᠩ ᠮᠤᠤ ᠭᠧ ᠶᠢᠨ ᠭᠡᠷ ᠲᠤ ᠬᠦᠷᠴᠦ᠂ ᠡᠪᠡᠳᠴᠢᠨ ᠦᠵᠡᠭᠦᠯᠬᠦ ᠳᠤ ᠳᠥᠭᠦᠮ ᠪᠠᠶᠢᠬᠤ ᠡᠰᠡᠬᠦ᠂ ᠬᠥᠭᠰᠢᠨ ᠤ ᠬᠢᠨᠢ ᠪᠡᠶ᠎ᠡ ᠮᠠᠬᠠᠪᠤᠳ ᠨᠢ ᠶᠠᠮᠠᠷ ᠵᠡᠷᠭᠡ ᠪᠠᠶᠢᠬᠤ᠂ ᠬᠡᠦᠬᠡᠳ ᠨᠢ ᠬᠠᠮᠢᠭ᠎ᠠ ᠠᠵᠢᠯ ᠤᠯᠤᠭᠰᠠᠨ ᠢ ᠬᠠᠯᠠᠮᠵᠢᠯᠠᠨ ᠠᠰᠠᠭᠤᠵᠥ᠂ ᠳᠡᠳᠡᠨ ᠤ ᠣᠷᠣᠯᠭ᠎ᠠ ᠶᠢ ᠠᠰᠠᠭᠤᠵᠥ᠂ ᠬᠤᠷᠢᠶᠠᠯᠲᠠ ᠶᠢ ᠶᠠᠷᠢᠵᠥ᠂ ᠭᠡᠷ ᠵᠠᠭᠤᠷ᠎ᠠ ᠶᠢᠨ ᠵᠣᠭᠤᠭ ᠳᠡᠯᠭᠡᠪᠡ᠃ ᠳᠠᠷᠠᠭ᠎ᠠ ᠨᠢ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠥᠬᠡᠶ ᠪᠠᠷ ᠰᠢᠭᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠴᠧᠨ ᠢᠦᠶ ᠵᠢᠶᠦ᠋ᠨ ᠤ ᠬᠡᠷ ᠲᠤ ᠬᠦᠷᠴᠦ᠂ ᠬᠦᠷᠢᠶᠡᠨ ᠳᠣᠲᠣᠷᠠᠬᠢ ᠠᠷᠪᠠᠨ ᠬᠡᠳᠦᠨ ᠦᠬᠡᠷ ᠢ ᠦᠵᠡᠭᠡᠳ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠣᠷᠣᠯᠭ᠎ᠠ ᠳᠤ ᠦᠵᠡᠬᠦᠯᠬᠦ ᠨᠥᠯᠥᠭᠡ ᠶᠡᠭᠡ ᠡᠰᠡᠬᠦ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠡᠰᠡᠬᠦ ᠶᠢ ᠨᠢ ᠠᠰᠠᠭᠤᠪᠠ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠲᠡᠷᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠶᠠᠳᠠᠭᠤ ᠠᠴᠠ ᠠᠩᠬᠢᠵᠢᠷᠠᠬᠰᠠᠨ ᠣᠯᠠᠨ ᠲᠦᠮᠡᠨ ᠤ ᠪᠣᠳᠠᠲᠠᠶ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠨᠢᠨ ᠳᠡᠬᠡᠷ᠎ᠡ ᠨᠢ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠶᠢᠨ ᠲᠦᠪᠰᠢᠨ ᠢ ᠪᠠᠭᠤᠷᠠᠭᠤᠯᠬᠤ ᠥᠬᠡᠶ᠂ ᠠᠮᠢᠳᠤᠷᠠᠯ ᠤᠨ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠬᠡᠯᠡᠪᠡ᠃    ᠲᠦᠩᠯᠢᠶᠣᠤ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠪᠣᠯᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠨᠣᠮ ᠤᠩᠰᠢᠬᠤ ᠳᠠᠭᠤᠨ ᠬᠠᠩᠭᠢᠨᠠᠨ᠎ᠠ᠃ ᠸᠠᠩ ᠯᠢ ᠰᠢᠶᠠ ᠬᠢᠴᠢᠶᠡᠯ ᠤᠨ ᠭᠡᠷ ᠲᠤ ᠣᠷᠣᠵᠤ᠂ ᠲᠤᠬᠠᠢ ᠶᠢᠨ ᠲᠠᠯᠠᠪᠠᠢ ᠳᠤ ᠵᠢᠭᠠᠨ ᠰᠤᠷᠭᠠᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠪᠣᠯᠤᠨ ᠠᠳᠠᠯᠢ ᠪᠤᠰᠤ ᠣᠨ ᠤ ᠰᠤᠷᠤᠭᠴᠢᠳ ᠲᠠᠢ ᠶᠠᠷᠢᠯᠴᠠᠨ ᠰᠣᠯᠢᠯᠴᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃    25 ᠤ ᠦᠳᠡ ᠶᠢᠨ ᠬᠤᠶᠢᠨ᠎ᠠ᠂ ᠸᠠᠩ ᠯᠢ ᠰᠢᠶᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠵᠡᠭᠦᠨ ᠬᠡᠰᠡᠭ ᠤᠨ ᠣᠷᠣᠨ ᠤ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠬᠠᠮᠰᠠᠷ ᠠᠴᠠ ᠪᠠᠨ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ᠂ ᠦᠨᠳᠦᠰᠦ ᠶᠢ ᠪᠠᠬᠢᠵᠢᠭᠦᠯᠬᠦ ᠤᠯᠤᠰ ᠲᠦᠷᠦ ᠶᠢᠨ ᠦᠨᠳᠦᠷᠴᠡ ᠳᠤ ᠵᠤᠭᠰᠤᠨ ᠡᠯ᠎ᠡ ᠵᠦᠢᠯ ᠤᠨ ᠠᠵᠢᠯ ᠢᠶᠠᠨ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ︽ᠠᠯᠢᠪᠠ ᠪᠦᠬᠦᠨ ᠬᠡᠦᠬᠡᠳ ᠤᠨ ᠲᠥᠯᠥᠭᠡ︾ ᠪᠠᠶᠢᠬᠤ ᠪᠣᠯ ᠰᠤᠷᠭᠠᠨ ᠬᠥᠮᠦᠵᠢᠯ ᠤᠨ ᠦᠨᠳᠦᠰᠦᠨ ᠣᠶᠢᠯᠠᠭᠠᠭᠳᠠᠬᠤᠨ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠬᠡᠳᠦᠶ ᠡᠷᠲᠡ ᠭᠥᠷᠳᠡᠪᠡᠯ ᠬᠡᠦᠬᠡᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠲᠡᠳᠦᠶ ᠠᠰᠢᠭᠲᠠᠶ ᠶᠤᠮ᠃ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠡᠦᠬᠡᠳ ᠲᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠭᠦᠯᠵᠦ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ ᠰᠠᠶᠢᠳᠤᠷ ᠡᠵᠡᠮᠰᠢᠭᠦᠯᠵᠦ᠂ ᠣᠳᠣᠬᠢᠴᠢᠯᠠᠭᠰᠠᠨ ᠮᠡᠷᠭᠡᠵᠢᠯ ᠤᠷ᠎ᠠ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠭᠤᠣᠯ ᠰᠢᠵᠢᠮ ᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠰᠢᠨᠵᠢᠯᠡᠭᠡᠨ ᠤ ᠬᠥᠮᠦᠵᠢᠯ ᠤᠨ ᠪᠦᠬᠦ ᠶᠠᠪᠤᠴᠠ ᠳᠤ ᠳᠣᠣᠱᠯᠠᠭᠤᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠲᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠬᠰᠢᠯᠠᠬᠤ ᠶᠢ ᠰᠤᠷᠭᠠᠨ ᠬᠥᠮᠦᠵᠢᠭᠦᠯᠵᠦ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠬᠡᠪᠡ᠃    ᠶᠠᠩ ᠵᠢᠶᠧ ᠬᠡᠰᠡᠭ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号