ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠢᠴᠢ ᠠᠷᠠᠳ ᠠᠴᠠ | ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠳᠣᠣᠱᠯᠠᠭᠤᠯᠵᠦ᠂ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠳᠡᠮᠵᠢᠬᠦ ᠲᠤᠬᠠᠶ ᠲᠥᠪ ᠪᠠ | ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠠᠷᠠᠳ ᠠᠴᠠ ᠡᠵᠡᠩᠨᠡᠭᠰᠡᠨ ᠠᠵᠤ | ᠠᠬᠤᠶ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠦᠨᠳᠦᠰᠦᠯᠡᠨ᠂ ᠮᠠᠨ ᠤ ᠠᠶᠢᠮᠠᠭ ᠤᠨ | ᠪᠣᠳᠠᠲᠠᠶ ᠲᠠᠢ ᠪᠠᠨ ᠤᠶᠠᠯᠳᠤᠭᠤᠯᠵᠤ᠂ ᠣᠨᠴᠠᠭᠠᠶᠢᠯᠠᠨ ᠳᠣᠤᠷᠠᠬᠢ ᠮᠡᠲᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠢ ᠪᠠᠭᠤᠷᠡᠭᠤᠯᠥᠨ᠎ᠠ | ︵ᠨᠢᠭᠡ︶ ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ ᠡᠭᠦᠷᠭᠡᠯᠡᠯ ᠢ ᠬᠦᠩᠭᠡᠷᠡᠬᠦᠯᠦᠨ᠎ᠡ | 1. ᠨᠡᠶᠢᠳᠡᠮ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠤᠯᠤᠰ ᠤᠨ ᠨᠡᠮᠡᠭᠳᠡᠯ ᠦᠷᠳᠡᠭ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ 3% ᠶᠢᠨ | ᠲᠠᠳᠠᠪᠤᠷᠢᠯᠠᠬᠤ ᠨᠤᠷᠮ᠎ᠠ ᠶᠢ ᠬᠡᠷᠡᠭᠯᠡᠬᠦ ᠳᠤ ᠲᠤᠬᠢᠷᠠᠬᠤ ᠭᠠᠶᠢᠯᠢ ᠲᠠᠲᠠᠪᠤᠷᠢᠯᠠᠬᠤ ᠶᠣᠰᠣᠲᠠᠶ ᠪᠣᠷᠣᠯᠠᠭᠤᠯᠤᠯᠲᠠ ᠶᠢᠨ | ᠣᠷᠣᠯᠭ᠎ᠠ ᠶᠢ 1% ᠪᠠᠷ ᠬᠠᠰᠤᠵᠤ ᠲᠠᠲᠠᠪᠤᠷᠢᠯᠠᠬᠤ᠂ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 10 ᠲᠦᠮᠡᠨ | ᠲᠥᠭᠦᠷᠢᠭ ᠠᠴᠠ ᠳᠣᠷᠣᠭᠰᠢᠬᠢ ᠨᠡᠮᠡᠭᠳᠡᠯ ᠥᠷᠲᠡᠭ ᠤᠨ ᠭᠠᠶᠢᠯᠢ ᠲᠤᠰᠢᠶᠠᠭᠴᠢ ᠠᠴᠠ ᠨᠡᠮᠡᠭᠳᠡᠯ ᠦᠷᠳᠡᠭ ᠤᠨ ᠭᠠᠶᠢᠯᠢ | ᠶᠢ ᠬᠡᠯᠲᠦᠷᠢᠭᠦᠯᠬᠦ᠂ ᠪᠠᠭ᠎ᠠ ᠠᠰᠢᠭ ᠬᠤᠨᠵᠢᠪᠣᠷᠢ ᠲᠠᠢ ᠵᠢᠵᠢᠭ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠭᠠᠶᠢᠯᠢ ᠲᠤᠰᠢᠶᠠᠪᠠᠰᠤ ᠵᠣᠬᠢᠬᠤ ᠣᠯᠵᠠᠪᠤᠷᠢ ᠶᠢ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠬᠡᠰᠡᠭ | ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠵᠢᠴᠢ | ᠨᠡᠮᠡᠭᠳᠡᠯ ᠦᠷᠳᠡᠭ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ᠂ ᠪᠠᠭ᠎ᠠ ᠠᠰᠢᠭ ᠬᠤᠨᠵᠢᠪᠣᠷᠢ ᠲᠠᠢ | ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ︽ᠵᠢᠷᠭᠤᠭᠠᠨ | ᠭᠠᠶᠢᠯᠢ ᠬᠤᠶᠠᠷ ᠰᠦᠢᠳᠬᠡᠯ︾ ᠵᠡᠷᠭᠡ ᠲᠦᠭᠡᠮᠡᠯ ᠬᠠᠷᠠᠭᠠᠯᠵᠠᠯ ᠤᠨ ᠴᠢᠨᠠᠷᠲᠠᠢ ᠭᠠᠶᠢᠯᠢ ᠰᠦᠢᠳᠬᠡᠯ ᠤᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ | ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠭᠠᠶᠢᠯᠢ ᠰᠦᠢᠳᠬᠡᠯ ᠤᠨ | ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ ᠭᠥᠷᠳᠡᠬᠦ ᠶᠢ | ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠣᠯ | ᠥᠷᠢᠰᠥᠯᠳᠦᠬᠦ ᠬᠦᠴᠦᠨ ᠢᠶᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ | 2. ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠎ᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ | ᠬᠥᠭᠵᠢᠯᠲᠡ ᠶᠢ ᠳᠡᠮᠵᠢᠬᠦ ᠣᠷᠣᠨ ᠨᠤᠲᠤᠭ ᠤᠨ ᠴᠢᠨᠠᠷᠲᠠᠶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ ᠨᠠᠶᠢᠳᠠᠪᠤᠷᠢᠵᠢᠭᠤᠯᠤᠨ᠎ᠠ᠃ ᠨᠢᠭᠡ ᠳᠤ᠂ ᠵᠢᠯ ᠤᠨ ᠭᠠᠶᠢᠯᠢ ᠲᠤᠰᠢᠶᠠᠬᠤ | ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠤᠷ᠎ᠠ ᠪᠠᠭ᠎ᠠ ᠠᠰᠢᠭ | ᠬᠤᠨᠵᠢᠪᠣᠷᠢ ᠲᠠᠢ ᠵᠢᠵᠢᠭ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ | ᠣᠷᠣᠨ ᠨᠤᠲᠤᠭ ᠤᠨ ᠬᠤᠪᠢᠶᠠᠯᠴᠠᠨ ᠡᠳ᠋ᠯᠡᠬᠦ ᠬᠡᠰᠡᠭ ᠢ ᠬᠡᠯᠲᠦᠷᠢᠭᠦᠯᠦᠨ᠎ᠡ︔ ᠬᠤᠶᠠᠷ ᠲᠤ᠂ ᠰᠠᠷ᠎ᠠ ᠶᠢᠨ | ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠠᠴᠠ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠶᠢ | ᠬᠡᠯᠲᠦᠷᠢᠭᠦᠯᠦᠨ᠎ᠡ︔ ᠭᠤᠷᠪᠠ ᠳᠤ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠶ ᠠᠵᠢᠯᠯᠠᠬᠤ ᠲᠡᠷᠭᠡ᠂ | ᠬᠦᠷᠳᠦᠳᠦ ᠬᠡᠯᠪᠡᠷᠢ ᠶᠢᠨ ᠲᠤᠰᠬᠠᠶ ᠮᠠᠰᠢᠨ ᠤ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠣᠳᠣ ᠶᠢᠨ | ᠬᠡᠷᠡᠭᠵᠢᠬᠦᠯᠵᠦ ᠪᠠᠶᠢᠭ᠎ᠠ ᠮᠠᠰᠢᠨ ᠣᠩᠭᠤᠴᠠᠨ ᠤ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ ᠳᠤᠭ᠎ᠠ ᠶᠢᠨ 50% ᠪᠠᠷ | ᠲᠠᠲᠠᠪᠤᠷᠢᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠤᠯᠠᠮ | ᠨᠢᠭᠡ ᠠᠯᠬᠤᠮ ᠬᠥᠩᠭᠡᠷᠡᠭᠦᠯᠦᠨ᠎ᠡ᠃ | ︵ᠬᠤᠶᠠᠷ︶ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠣᠨ᠎ᠠ | 3. ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠶᠤᠴᠢᠯᠠᠬᠤ ᠦᠬᠡᠢ ᠪᠠᠷ ᠬᠦᠷᠳᠡᠬᠦ ᠲᠥᠷᠥ ᠶᠢᠨ ᠪᠣᠳᠣᠯᠭ᠎ᠠ ᠶᠢ ᠡᠮᠬᠢᠯᠡᠵᠦ᠂ | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠴᠠ ᠬᠡᠯᠳᠦᠷᠢᠬᠦᠯᠵᠦ᠂ ᠲᠥᠷᠥ ᠶᠢᠨ | ᠪᠣᠳᠣᠯᠭ᠎ᠠ ᠶᠢᠨ ᠠᠰᠢᠭ ᠢ ᠰᠢᠭᠤᠳ ᠬᠦᠷᠳᠡᠭᠡᠨ᠎ᠡ᠃ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠬᠥᠮᠦᠨ ᠤ | ᠬᠦᠴᠦᠨ ᠤ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠢᠨᠵᠢᠯᠡᠬᠦ | ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠴᠠᠬᠢᠯᠭᠠᠨ ᠬᠦᠴᠦᠨ ᠵᠡᠷᠭᠡ ᠣᠯᠠᠨ ᠵᠦᠢᠯ ᠤᠨ | ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ | ᠭᠤᠶᠣᠴᠢᠯᠠᠬᠤ ᠦᠬᠡᠢ ᠪᠠᠷ ᠬᠦᠷᠲᠡᠬᠦ︾ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠰᠢᠨᠡᠳᠬᠡᠬᠦ ᠶᠢᠨ | ᠬᠠᠮᠲᠤ᠂ ᠨᠢᠭᠡᠨᠲᠡ ᠪᠠᠶᠢᠭ᠎ᠠ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠨᠠᠷᠢᠨ ᠬᠠᠭᠤᠳᠠᠰᠤ ᠶᠢ ᠰᠢᠨᠡᠳᠬᠡᠵᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠠᠪᠴᠠᠩ ᠪᠤᠶᠤ ᠲᠤᠬᠠᠶᠢᠯᠠᠭᠰᠠᠨ ᠠᠵᠢᠯ ᠤᠨ ᠲᠤᠰᠬᠠᠶ ᠰᠢᠰᠲ᠋ᠧᠮ ᠳᠤ | ᠲᠦᠰᠢᠭᠯᠡᠬᠦ ᠶᠢ ᠰᠤᠳᠤᠯᠤᠨ ᠰᠦᠪᠡᠭᠴᠢᠯᠡᠵᠦ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠭᠤᠶᠣᠴᠢᠯᠠᠬᠤ ᠥᠬᠡᠶ ᠪᠠᠷ ᠭᠥᠷᠳᠡᠬᠦ︾ ᠶᠢ ᠨᠠᠷᠢᠯᠢᠭ ᠣᠨᠣᠪᠴᠢᠳᠠᠢ | ᠪᠠᠷ ᠬᠦᠷᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠥᠷᠥ ᠶᠢᠨ ᠪᠣᠳᠣᠯᠭ᠎ᠠ ᠶᠢ ᠨᠠᠩ ᠲᠥᠬᠦᠮ | ᠦᠵᠡᠭᠦᠯᠦᠨ᠎ᠡ᠃ | 4. ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠣᠷᠳᠣ ᠬᠤᠭᠤᠴᠠᠭᠠᠨ ᠤ ᠪᠦᠲᠦᠮᠵᠢᠲᠡᠶ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠣᠨ ᠤ ᠦᠨ᠎ᠡ ᠬᠠᠩᠰᠢ ᠶᠢᠨ ᠬᠢᠨᠠᠯᠲᠠ | ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ ᠭᠤᠤᠯᠳᠠᠯᠭ᠎ᠠ ᠲᠠᠢ ᠰᠠᠯᠠᠭ᠎ᠠ ᠮᠥᠴᠢᠷ᠂ ᠭᠤᠤᠯᠳᠠᠯᠭ᠎ᠠ ᠲᠠᠢ ᠭᠠᠵᠠᠷ | ᠣᠷᠣᠨ᠂ ᠭᠤᠤᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠭᠰᠠᠨ | ᠪᠠᠶᠢᠳᠠᠯ ᠢ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠨ᠎ᠠ᠃ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ | ᠬᠤᠷᠢᠶᠠᠬᠤ᠂ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠶ᠂ ᠰᠦᠢᠳᠬᠡᠯ ᠬᠤᠷᠢᠶᠠᠬᠤ ᠶᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠶ ᠵᠡᠷᠭᠡ ᠠᠵᠤ ᠠᠬᠤᠶᠢᠯᠠᠯ ᠳᠤ | ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠳᠤ ᠴᠣᠬᠢᠯᠲᠠ | ᠥᠭᠴᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠵᠦᠭᠦᠷ ᠤᠨ | ᠠᠵᠤ ᠠᠬᠤᠶᠢᠯᠠᠯ ᠳᠤ ᠭᠦᠷᠳᠡᠭᠡᠵᠦ᠂ ᠠᠵᠤ ᠠᠬᠤᠶᠢᠯᠠᠯ ᠳᠤ ᠦᠨᠡᠨᠬᠦ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠶ᠃ | ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ | ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠠᠩᠬᠠᠷᠴᠤ᠂ ᠲᠥᠷᠥ ᠶᠢᠨ | ᠪᠣᠳᠣᠯᠭ᠎ᠠ ᠶᠢ ᠤᠶᠢᠯᠠᠭᠠᠨ᠂ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠲᠣᠭᠲᠠᠭᠠᠯ ᠠᠴᠠ ᠵᠥᠷᠢᠴᠡᠭᠰᠡᠨ | ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢᠨ ᠳᠣᠬᠠᠢ ᠰᠣᠨᠣᠷ ᠰᠡᠷᠡᠮᠵᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ︵ᠭᠤᠷᠪᠠ︶ ᠠᠵᠤ ᠠᠬᠤᠶᠢᠯᠠᠯ ᠤᠨ ᠭᠠᠵᠠᠷ ᠰᠢᠷᠣᠶ ᠬᠡᠷᠡᠭᠯᠡᠬᠦ ᠬᠠᠩᠭᠠᠯᠭ᠎ᠠ ᠶᠢ ᠴᠢᠩᠭᠠᠳᠬᠠᠨ᠎ᠠ | 5. ᠤᠯᠤᠰ ᠤᠨ ᠡᠯ᠎ᠡ ᠲᠥᠷᠥᠯ ᠤᠨ ᠠᠵᠤ ᠦᠢᠯᠡᠰ ᠲᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ | ᠰᠢᠯᠵᠢᠭᠦᠯᠬᠦ᠂ ᠲᠦᠷᠢᠶᠡᠰᠦᠯᠡᠭᠦᠯᠬᠦ ᠪᠠ ᠬᠤᠳᠠᠯᠳᠤᠨ ᠠᠪᠬᠤ ᠶᠢ ᠤᠶᠠᠯᠳᠤᠭᠤᠯᠬᠤ ᠵᠢᠴᠢ ᠤᠶᠠᠨ ᠬᠠᠲᠠᠨ ᠴᠢᠨᠠᠷᠲᠠᠶ | ᠰᠢᠯᠵᠢᠭᠦᠯᠦᠨ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ | ᠬᠠᠩᠭᠠᠬᠤ ᠬᠡᠷᠡᠭᠲᠡᠶ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ | ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠡᠷᠡᠭᠯᠡᠬᠦ ᠭᠠᠵᠠᠷ ᠢ ᠬᠢᠮᠳᠠ ᠪᠠᠷ ᠬᠤᠳᠠᠯᠳᠤᠬᠤ ᠬᠠᠮᠤᠭ ᠤᠨ ᠳᠣᠤᠷ᠎ᠠ ᠦᠨ᠎ᠡ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ | ᠥᠪᠡᠷ ᠤᠨ ᠥᠷᠲᠡᠭ ᠢ ᠦᠨᠡᠨᠬᠦ ᠪᠠᠭᠤᠷᠠᠭᠤᠯᠬᠤ ᠬᠡᠷᠡᠭᠲᠡᠶ᠃ | ︵ᠲᠦᠷᠪᠡ︶ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ | 6. ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠰᠠᠨᠠᠯ︾ ᠢ ᠦᠨᠳᠦᠰᠦᠯᠡᠨ᠂ ᠲᠠᠬᠢᠨ ᠡᠭᠦᠰᠴᠦ | ᠪᠣᠯᠬᠤ ᠡᠨᠧᠷᠭᠢ ᠪᠠ ᠲᠦᠭᠦᠬᠡᠢ ᠮᠠᠲ᠋ᠧᠷᠢᠶᠠᠯ ᠤᠨ ᠡᠨᠧᠷᠭᠢ ᠤᠨ ᠬᠡᠷᠡᠭᠯᠡᠭᠡ ᠶᠢ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠳᠤ ᠣᠷᠣᠭᠤᠯᠬᠤ ᠦᠭᠡᠢ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ | ᠲᠠᠬᠢᠨ ᠡᠭᠦᠰᠴᠦ ᠪᠣᠯᠬᠤ ᠡᠨᠧᠷᠭᠢ ᠶᠢ ᠶᠡᠭᠡ ᠬᠡᠪᠴᠢᠶ᠎ᠡ ᠪᠠᠷ ᠰᠢᠩᠭᠡᠭᠡᠨ ᠠᠪᠴᠤ ᠴᠠᠬᠢᠯᠭᠠᠨ ᠭᠠᠷᠭᠠᠬᠤ ᠶᠢ | ᠵᠣᠷᠢᠭᠵᠢᠭᠤᠯᠵᠤ᠂ ᠠᠯᠠᠱᠠ ᠶᠢ ︽ᠳᠡᠷᠢᠬᠦᠨ ᠤ ᠡᠨᠧᠷᠭᠢ ᠶᠡᠭᠡ ᠠᠴᠢᠶᠠᠯᠠᠵᠦ ᠪᠣᠬᠢᠷᠳᠣᠯ ᠪᠠᠭ᠎ᠠ ᠭᠠᠳᠠᠭᠰᠢᠯᠠᠭᠤᠯᠬᠤ | ᠠᠵᠤ ᠦᠢᠯᠡᠰ ᠲᠥᠪᠯᠡᠷᠡᠭᠰᠡᠨ ᠣᠷᠣᠨ︾ ᠪᠣᠯᠭᠠᠨ ᠪᠦᠳᠦᠭᠡᠨ ᠪᠠᠶᠢᠭᠤᠯᠵᠤ᠂ ᠪᠦᠬᠦ ᠤᠯᠤᠰ ᠤᠨ ᠴᠢᠬᠤᠯᠠ ︽ | ᠴᠡᠪᠡᠷ ᠴᠠᠬᠢᠯᠭᠠᠨ ᠤ ᠥᠪᠡᠷ ᠤᠨ ᠦᠷᠳᠡᠭ ᠤᠨ ᠬᠤᠲᠣᠭᠤᠷ ᠭᠠᠵᠠᠷ᠂ ᠴᠡᠪᠡᠷ ᠡᠨᠧᠷᠭᠢ ᠶᠢᠨ ᠠᠵᠤ ᠠᠬᠤᠢ ᠶᠢᠨ | ᠥᠨᠳᠦᠷᠯᠢᠭ︾ ᠪᠣᠯᠭᠠᠨ ᠪᠦᠳᠦᠭᠡᠨ ᠪᠠᠶᠢᠭᠤᠯᠤᠨ᠎ᠠ᠃ | 7. ᠥᠪᠡᠷᠲᠡᠭᠡᠨ ᠵᠠᠰᠠᠬᠤ ᠣᠷᠣᠨ ᠤ 6 ᠲᠥᠷᠥᠯ ᠤᠨ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ | ᠲᠥᠷᠥ ᠶᠢᠨ ᠪᠣᠳᠣᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠨᠧᠷᠭᠢ ᠨᠡᠯᠢᠶᠡᠳ | ᠶᠡᠭᠡ ᠬᠡᠷᠡᠭᠯᠡᠵᠦ ᠪᠠᠶᠢᠭ᠎ᠠ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠤᠨ ᠵᠣᠯᠭᠠᠭᠤᠯᠵᠤ᠂ ᠠᠵᠤ ᠠᠬᠤᠶᠢᠯᠠᠯ ᠢ | ᠬᠠᠪᠰᠤᠷᠤᠨ ᠰᠢᠨ᠎ᠡ ᠡᠨᠧᠷᠭᠢ ᠶᠢᠨ ᠠᠵᠤ ᠦᠢᠯᠡᠳᠪᠦᠷᠢ ᠶᠢᠨ ᠠᠬᠤᠶ ᠲᠠᠯᠠᠪᠠᠶ ᠶᠢᠨ ᠬᠡᠷᠡᠭᠯᠡᠭᠡᠨ ᠤ ᠲᠥᠷᠥᠯ ᠵᠦᠢᠯ ᠢ | ᠭᠤᠶᠤᠴᠢᠯᠠᠨ ᠮᠡᠳᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠡᠪᠡᠷ ᠡᠨᠧᠷᠭᠢ ᠪᠠᠷ ᠣᠷᠣᠯᠠᠭᠤᠯᠬᠤ | ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ᠬᠤᠶᠠᠷ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ | ︵ᠲᠠᠪᠤ︶ ᠠᠵᠤ ᠠᠬᠤᠶᠢᠯᠠᠯ ᠤᠨ ᠪᠡᠯᠡ ᠳᠣᠬᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ | 8. ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ | ᠳᠣᠭᠳᠠᠭᠠᠵᠦ᠂ ᠲᠣᠭᠲᠠᠮᠠᠯ ᠬᠤᠭᠤᠴᠠᠭ᠎ᠠ ᠲᠠᠢ ᠪᠠᠷ ︽ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ︾ | ᠤᠨ ᠪᠡᠯᠡ ᠲᠣᠬᠢᠷᠠᠭᠤᠯᠬᠤ ᠶᠢ ᠵᠣᠯᠭᠠᠭᠤᠯᠬᠤ ᠬᠤᠷᠠᠯ ᠬᠤᠷᠠᠯᠳᠤᠭᠤᠯᠬᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠳᠤ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠵᠦᠢᠯ ᠢ ᠲᠠᠨᠢᠯᠴᠠᠭᠤᠯᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ | ᠢᠲᠡᠭᠡᠮᠵᠢᠲᠦ ᠵᠢᠭᠡᠯᠡᠯᠭᠡ ᠲᠠᠯᠪᠢᠬᠤ ᠶᠢ ᠥᠷᠭᠡᠳᠬᠡᠨ᠎ᠡ᠃ | 9. ᠳᠤᠮᠳᠠᠳᠤ ᠤᠯᠤᠰ ᠤᠨ ᠠᠷᠠᠳ ᠤᠨ ᠪᠠᠩᠬᠢ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠦᠪᠯᠡᠯ ᠪᠤᠶᠤ ᠲᠡᠮᠳᠡᠭᠲᠦ ᠶᠢᠨ ᠠᠷᠠᠯᠵᠢᠶᠠᠨ ᠤ ᠭᠠᠵᠠᠷ ᠠᠴᠠ ᠺᠣᠮᠫᠠᠨᠢ ᠶᠢᠨ ᠵᠢᠭᠡᠯᠡᠯᠭᠡ ᠶᠢᠨ | ᠲᠡᠮᠳᠡᠭᠲᠦ ︵ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ︶᠂ ᠳᠤᠮᠳᠠ ᠵᠢᠵᠢᠭ ᠠᠵᠤ ᠠᠬᠤᠶᠢᠯᠠᠯ ᠤᠨ | ᠬᠤᠪᠢ ᠪᠠᠷ ᠢᠶᠠᠨ ᠴᠣᠭᠯᠠᠭᠤᠯᠣᠭᠰᠠᠨ ᠵᠢᠭᠡᠯᠡᠯᠭᠡ ᠶᠢᠨ ᠲᠡᠮᠳᠡᠭᠲᠦ᠂ ᠨᠡᠶᠢᠯᠡᠮᠡᠯ ᠵᠢᠭᠡᠯᠡᠯᠭᠡ ᠶᠢᠨ ᠲᠡᠮᠳᠡᠭᠲᠦ ᠵᠢᠴᠢ ᠡᠳ᠋ | ᠬᠥᠷᠥᠩᠭᠡ ᠶᠢᠨ ᠲᠡᠮᠳᠡᠭᠳᠤ ᠶᠢ ᠠᠰᠢᠭᠯᠠᠨ ᠪᠡᠯᠡ ᠮᠥᠩᠭᠦ ᠴᠤᠭᠯᠠᠭᠤᠯᠤᠭᠰᠠᠨ ᠠᠵᠤ ᠠᠬᠤᠶᠢᠯᠠᠯ ᠳᠤ ᠪᠡᠯᠡ ᠮᠥᠩᠭᠦ ᠶᠢ | ᠪᠦᠬᠦᠨ ᠢ ᠪᠣᠳᠠᠳᠠᠶᠢᠵᠢᠭᠤᠯᠣᠭᠰᠠᠨ ᠪᠣᠯ ᠴᠤᠭᠯᠠᠭᠤᠯᠤᠭᠰᠠᠨ ᠪᠡᠯᠡ ᠮᠥᠩᠭᠦ ᠶᠢᠨ 0.5% ᠪᠠᠷ ᠨᠣᠭᠤᠯᠵᠦ | ᠨᠥᠬᠦᠪᠥᠷᠢ ᠣᠯᠭᠤᠨ᠎ᠠ᠃ | ︵ᠵᠢᠷᠭᠤᠭ᠎ᠠ︶ ᠠᠵᠤ ᠠᠬᠤᠶᠢᠯᠠᠯ ᠤᠨ ᠪᠡᠯᠡ ᠳᠣᠬᠢᠷᠠᠭᠤᠯᠬᠤ ᠶᠢ ᠳᠠᠭᠠᠭᠠᠬᠤ ᠦᠢᠯᠡᠴᠢᠯᠡᠭᠡ ᠶᠢ ᠴᠢᠩᠭᠠᠳᠬᠠᠨ᠎ᠠ | 10. ᠵᠠᠰᠠᠭ ᠤᠨ ᠣᠷᠳᠣᠨ ᠤ ᠴᠢᠨᠠᠷᠲᠠᠶ ᠪᠠᠯᠠ ᠳᠣᠬᠢᠷᠠᠭᠤᠯᠬᠤ ᠶᠢ ᠳᠠᠭᠠᠭᠠᠬᠤ ᠪᠠᠶᠢᠭᠤᠯᠤᠮᠵᠢ ᠶᠢᠨ | ᠨᠥᠬᠦᠴᠡᠯ ᠳᠤ ᠨᠡᠶᠢᠴᠡᠬᠦ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠭᠤᠯᠴᠢᠯᠠᠯ | ᠵᠡᠷᠭᠡ ᠠᠵᠢᠯ ᠲᠥᠷᠥᠯ ᠤᠨ ᠳᠤᠮᠳᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠳᠤ ᠪᠠᠯᠠ ᠳᠣᠬᠢᠷᠠᠭᠤᠯᠬᠤ ᠶᠢ ᠳᠠᠭᠠᠭᠠᠬᠤ ᠳᠡᠮᠵᠢᠯᠭᠡ ᠬᠠᠩᠭᠠᠵᠤ᠂ ᠪᠠᠯᠠ ᠳᠣᠬᠢᠷᠠᠭᠤᠯᠬᠤ ᠶᠢ ᠳᠠᠭᠠᠭᠠᠬᠤ | ᠵᠠᠷᠤᠳᠠᠯ ᠤᠨ ᠨᠣᠷᠮ᠎ᠠ ᠶᠢ ᠳᠤᠮᠳᠠᠴᠢ ᠪᠠᠷ 1% ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ ︵1% | ᠪᠠᠭᠲᠠᠨ᠎ᠠ︶᠃ | 11. ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠺᠣᠮᠫᠠᠨᠢ ᠭᠤᠶᠤᠴᠢᠯᠠᠬᠤ᠂ ᠪᠡᠯᠡ ᠣᠷᠣᠭᠤᠯᠬᠤ᠂ | ᠬᠤᠳᠠᠯᠳᠤᠨ ᠠᠪᠬᠤ᠂ ᠬᠠᠮᠲᠤᠷᠠᠯᠴᠠᠬᠤ᠂ ᠮᠥᠩᠭᠦᠨ ᠭᠦᠢᠯᠭᠡᠭᠡᠨ ᠤ ᠭᠤᠣᠯ ᠴᠣᠭᠴᠠ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ ᠤ ᠲᠦᠷᠦᠯ ᠵᠦᠢᠯ ᠢ | ᠪᠠᠶᠠᠯᠢᠭᠵᠢᠭᠤᠯᠵᠤ᠂ ︽ᠮᠥᠩᠭᠦᠨ ᠭᠦᠢᠯᠭᠡᠭᠡ︾ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ | ᠪᠤᠵᠠᠭᠠᠶᠢᠷᠠᠭᠤᠯᠬᠤ ᠶᠢ ᠵᠣᠷᠢᠭᠵᠢᠭᠤᠯᠤᠨ᠎ᠠ︔ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ᠂ ︽ | ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠢ ᠵᠣᠷᠢᠭᠵᠢᠭᠤᠯᠵᠤ᠂ ᠳᠤᠮᠳᠠ ᠵᠢᠵᠢᠭ | ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠤᠬᠠᠶ ᠶᠢᠨ ᠵᠢᠯ ᠤᠨ | ᠰᠢᠨ᠎ᠡ ᠪᠠᠷ ᠨᠡᠮᠡᠭᠳᠡᠭᠰᠡᠨ ᠳᠠᠭᠠᠭᠠᠯᠲᠠ ᠶᠢᠨ ᠲᠤᠭ᠎ᠠ ᠨᠢ 7000 ᠲᠦᠮᠡᠨ ᠲᠥᠭᠦᠷᠢᠭ ᠠᠴᠠ ᠳᠠᠪᠠᠭᠰᠠᠨ ᠪᠠ ︽ | ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠲᠤᠭ᠎ᠠ ᠬᠡᠮᠵᠢᠶ᠎ᠡ ᠨᠢ 5000 ᠲᠦᠮᠡᠨ ᠲᠥᠭᠦᠷᠢᠭ ᠠᠴᠠ | ᠳᠠᠪᠠᠭᠰᠠᠨ ᠬᠡᠰᠡᠭ ᠲᠤ ᠡᠳ᠋ ᠤᠨ ᠵᠠᠰᠠᠭ ᠠᠴᠠ ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢᠨ ᠳᠡᠮᠵᠢᠯᠭᠡ | ᠦᠵᠡᠭᠦᠯᠦᠨ᠎ᠡ︔ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠪᠡᠯᠡ ᠮᠥᠩᠭᠦ᠂ ᠳᠠᠭᠠᠭᠠᠯᠲᠠ ᠶᠢᠨ ᠪᠣᠳᠠᠲᠤ | ᠬᠦᠴᠦᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠪᠡᠯᠡ | ᠳᠣᠬᠢᠷᠠᠭᠤᠯᠬᠤ ᠶᠢ ᠳᠠᠭᠠᠭᠠᠬᠤ ᠺᠣᠮᠫᠠᠨᠢ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠳᠠᠭᠠᠭᠠᠯᠲᠠ ᠶᠢᠨ | ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ | ᠴᠢᠩᠭᠠᠷᠠᠭᠤᠯᠤᠨ᠎ᠠ᠃ | ︵ᠳᠤᠯᠤᠭ᠎ᠠ︶ ᠥᠷᠢ ᠥᠭᠴᠡᠭᠡ ᠶᠢ ᠪᠠᠶᠢᠩᠭᠤ ᠤᠷᠢᠳᠴᠢᠯᠠᠨ ᠰᠡᠷᠭᠡᠶᠢᠯᠡᠬᠦ ᠪᠠ ᠢᠯᠭᠠᠷᠠᠭᠤᠯᠤᠨ ᠳᠢᠭᠯᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ | 12. ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠥᠭᠬᠦ ᠶᠢ ᠪᠠᠲᠤᠯᠠᠬᠤ ᠳᠦᠷᠢᠮ︾ ᠢ ᠴᠢᠩᠭ᠎ᠠ | ᠬᠡᠷᠡᠭᠵᠢᠭᠦᠯᠵᠦ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ ᠪᠠᠷ | ᠰᠢᠮᠳᠠᠭᠤᠯᠤᠨ ᠪᠠᠶᠢᠴᠠᠭᠠᠬᠤ︾ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠲᠠᠪᠴᠠᠩ ᠪᠣᠯᠤᠨ ᠭᠡᠷ᠎ᠡ ᠠᠴᠠ ᠵᠥᠷᠢᠴᠡᠨ | ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠤᠨ ᠵᠦᠢᠯ ᠤᠨ ᠳᠠᠩᠰᠠᠯᠠᠯᠲᠠ ︵ᠵᠠᠭᠠᠯᠳᠤᠯᠭ᠎ᠠ︶ | ᠶᠢᠨ ᠲᠠᠪᠴᠠᠩ ᠳᠤ ᠲᠦᠰᠢᠭᠯᠡᠨ᠂ ᠵᠠᠭᠠᠯᠳᠤᠯᠭ᠎ᠠ ᠬᠢᠬᠦ ᠵᠦᠢᠯᠡᠰ ᠢ ᠬᠤᠭᠤᠴᠠᠭ᠎ᠠ ᠬᠢᠵᠠᠭᠠᠷᠯᠠᠨ ᠰᠢᠮᠳᠠᠭᠤᠯᠤᠨ | ᠰᠢᠢᠳᠪᠦᠷᠢᠯᠡᠬᠦᠯᠵᠦ ᠬᠠᠷᠢᠭᠤ ᠲᠤᠰᠬᠠᠨ᠎ᠠ᠃ ᠭᠡᠷ᠎ᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠡᠯ᠎ᠡ ᠬᠤᠰᠢᠭᠤ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠪᠣᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ | ᠬᠤᠯᠪᠣᠭᠳᠠᠬᠤ ᠭᠡᠷ᠎ᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠠᠵᠢᠯᠲᠠᠨ ᠤ ᠬᠤᠪᠢᠷᠠᠯᠲᠠ ᠪᠠᠷ | ᠳᠣᠲᠣᠭᠠᠳᠤ ᠶᠢᠨ ᠵᠣᠭᠤᠰ ᠥᠭᠬᠦ ᠴᠤᠪᠤᠷᠠᠯ ᠢ ᠬᠦᠢᠴᠡᠳᠭᠡᠵᠦ ᠪᠣᠯᠬᠤ ᠥᠬᠡᠶ᠂ ᠡᠰᠡᠬᠦᠯ᠎ᠡ ᠭᠡᠷ᠎ᠡ ᠳᠤ ᠪᠣᠯᠵᠣᠨ | ᠲᠣᠭᠲᠠᠭᠰᠠᠨ ᠪᠠᠶᠢᠳᠠᠯ ᠤᠨ ᠳᠣᠤᠷ᠎ᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠴᠣᠬᠤᠯᠠᠪᠤᠷᠢᠯᠠᠬᠤ᠂ | ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠶᠢ ᠬᠦᠯᠢᠶᠡᠵᠦ ᠪᠠᠶᠢᠭ᠎ᠠ ᠵᠡᠷᠭᠡ ᠪᠠᠷ ᠰᠢᠯᠲᠠᠭ ᠪᠣᠯᠭᠠᠵᠤ᠂ ᠠᠵᠤ | ᠠᠬᠤᠶᠢᠯᠠᠯ ᠤᠨ ᠵᠣᠭᠤᠰ ᠥᠭᠬᠦ ᠶᠢ ᠲᠡᠪᠴᠢᠬᠦ ᠪᠤᠶᠤ ᠬᠤᠶᠢᠰᠢᠯᠠᠭᠤᠯᠵᠤ ᠪᠣᠯᠬᠤ ᠦᠬᠡᠢ᠂ ᠬᠢᠨᠠᠨ ᠪᠤᠳᠤᠬᠤ ᠰᠠᠯᠠᠭ᠎ᠠ | ᠮᠥᠴᠢᠷ ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠭ᠎ᠠ | ᠠᠰᠠᠭᠤᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠳᠠᠩᠰᠠᠨ ᠤ ᠵᠣᠭᠤᠰ ᠢ ᠥᠷᠢᠲᠦᠵᠦ | ᠪᠠᠶᠢᠭ᠎ᠠ ᠢᠲᠡᠭᠡᠮᠵᠢ ᠳᠤ ᠬᠢᠨᠠᠯᠲᠠ ᠲᠠᠯᠪᠢᠵᠤ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠢᠯᠭᠠᠷᠠᠭᠤᠯᠤᠨ | ᠳᠢᠭᠯᠡᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠷᠠᠭᠤᠯᠤᠨ᠂ ᠴᠠᠭ ᠳᠣᠬᠠᠢ ᠳᠤᠨᠢ ᠳᠣᠭᠢᠷᠠᠭᠤᠯᠤᠨ ᠮᠡᠳᠡᠭᠡᠯᠡᠬᠦ᠂ ᠪᠣᠯᠵᠣᠨ ᠶᠠᠷᠢᠯᠴᠠᠬᠤ ᠵᠡᠷᠭᠡ | ᠬᠡᠯᠪᠡᠷᠢ ᠪᠠᠷ ᠥᠷᠢᠲᠦᠵᠦ ᠪᠠᠶᠢᠭ᠎ᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠰᠢᠮᠳᠠᠭᠤᠯᠵᠤ᠂ ᠬᠤᠳᠠᠯ ᠢᠶᠠᠷ ᠮᠡᠳᠡᠭᠦᠯᠦᠭᠰᠡᠨ᠂ ᠣᠷᠬᠢᠭᠳᠠᠭᠤᠯᠣᠨ ᠮᠡᠳᠡᠭᠦᠯᠦᠭᠰᠡᠨ᠂ ᠳᠥᠯᠥᠵᠦ ᠲᠠᠭᠤᠰᠬᠠᠭᠰᠠᠨ | ᠥᠬᠡᠶ᠂ ᠵᠣᠷᠢᠭᠤᠳᠠ ᠥᠷᠢᠲᠦᠭᠰᠡᠨ ᠵᠡᠷᠭᠡ ᠭᠡᠷᠡᠭ ᠤᠨ ᠵᠢᠱᠢᠶ᠎ᠡ ᠶᠢ ᠬᠠᠤᠯᠢ ᠶᠣᠰᠣᠭᠠᠷ ᠢᠯᠡᠴᠢᠯᠡᠨ᠎ᠡ᠃ | ︵ᠨᠠᠢᠮᠠ︶ ᠳᠡᠮᠵᠢᠬᠦ ᠲᠦᠷᠦ ᠶᠢᠨ ᠪᠣᠳᠣᠯᠭ᠎ᠠ ᠶᠢ ᠰᠢᠭᠤᠳ ᠲᠦᠷᠭᠡᠨ ᠬᠦᠷᠳᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ | 13. ᠰᠢᠭᠤᠳ ᠪᠡᠯᠡ ᠮᠥᠩᠭᠦ ᠶᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ | ᠬᠦᠷᠲᠡᠭᠡᠬᠦ ᠳᠣᠬᠠᠢ ᠡᠳ᠋ ᠤᠨ ᠵᠠᠰᠠᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ︽ᠴᠠᠭ ᠲᠤᠬᠠᠶ ᠳᠤᠨᠢ | ᠂ ᠰᠢᠭᠤᠳ ᠬᠦᠷᠭᠡᠬᠦ᠂ ᠨᠠᠷᠢᠯᠢᠭ ᠣᠨᠣᠪᠴᠢᠳᠠᠢ᠂ ᠠᠮᠤᠷ ᠲᠦᠪᠰᠢᠨ᠂ ᠠᠮᠵᠢᠯᠲᠠ ᠪᠦᠲᠦᠮᠵᠢ︾ ᠶᠢ ᠦᠨᠡᠨᠬᠦ | ᠪᠠᠲᠤᠯᠠᠵᠤ᠂ ᠰᠢᠭᠤᠳ ᠪᠡᠯᠡ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠢᠶᠠᠷ ᠲᠤᠯᠭᠠᠭᠤᠷᠢᠯᠠᠯ ᠪᠣᠯᠭᠠᠵᠤ᠂ ᠰᠢᠭᠤᠳ | ᠪᠡᠯᠡ ᠮᠥᠩᠭᠦ ᠶᠢ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠤᠨ᠂ ᠪᠡᠯᠡ ᠮᠥᠩᠭᠦ ᠶᠢ ᠬᠢᠨᠠᠨ ᠡᠵᠡᠮᠳᠡᠬᠦ ᠠᠵᠢᠯ ᠢ | ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠳᠣᠯᠠᠨ᠎ᠠ᠃ | ᠭᠤᠷᠪᠠ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ | ︵ᠶᠢᠰᠦ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠦᠭᠵᠢᠬᠦ ᠶᠢ ᠳᠡᠮᠵᠢᠨ᠎ᠡ | 14. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ | ᠪᠠᠶᠢᠭᠤᠯᠤᠯᠲᠠ ᠶᠢ ᠳᠡᠮᠵᠢᠨ᠎ᠡ᠃ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠠ | ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠯᠢᠳᠡᠭ ᠢ ᠨᠢ ᠰᠣᠩᠭᠤᠨ ᠨᠢᠭᠡ | ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ | ᠬᠡᠷᠡᠭᠲᠡᠶ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠬᠦ ᠦᠢᠯᠡᠰ ᠤᠨ | ᠰᠢᠨ᠎ᠡ ᠶᠢ ᠡᠭᠦᠳᠬᠦ ᠲᠥᠪ︔ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠶᠢᠨ ᠰᠢᠨᠵᠢᠯᠡᠬᠦ | ᠤᠬᠠᠭᠠᠨ ᠤ ᠠᠵᠢᠭᠯᠠᠯᠲᠠ ᠶᠢᠨ ᠰᠤᠳᠤᠯᠭᠠᠨ ᠤ ᠥᠷᠲᠡᠭᠡ︔ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠵᠢᠴᠢ ᠲᠠᠷᠢᠶᠠᠯᠠᠩ ᠮᠠᠯ ᠠᠵᠤ | ᠠᠬᠤᠶ ᠶᠢᠨ ᠣᠨᠴᠠᠯᠢᠭᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰᠵᠢᠯᠳᠡ ᠶᠢᠨ ᠰᠠᠭᠤᠷᠢᠨ ᠭᠠᠵᠠᠷ︔ | ᠠᠶᠢᠮᠠᠭ ᠤᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠵᠢᠴᠢ ᠲᠠᠷᠢᠶᠠᠯᠠᠩ ᠮᠠᠯ ᠠᠵᠤ ᠠᠬᠤᠶ ᠶᠢᠨ | ᠣᠨᠴᠠᠯᠢᠭᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰᠵᠢᠯᠳᠡ ᠶᠢᠨ ᠰᠠᠭᠤᠷᠢᠨ ᠭᠠᠵᠠᠷ︔ ᠠᠺᠠᠳᠧᠮᠢᠴᠢ | ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ | ᠳᠡᠮᠵᠢᠯᠭᠡ ᠶᠢᠨ ᠪᠡᠯᠡ ᠮᠥᠩᠭᠦ ᠶᠢ ᠴᠥᠮ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠳᠤ ᠬᠡᠷᠡᠭᠯᠡᠨ᠎ᠡ᠃ | ︵ᠠᠷᠪᠠ︶ ᠠᠵᠤ ᠠᠬᠤᠶᠢᠯᠠᠯ ᠤᠨ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠵᠣᠷᠢᠭᠵᠢᠭᠤᠯᠤᠨ᠎ᠠ | 15. ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ ᠶᠢ ᠲᠥᠯᠥᠪᠵᠢᠭᠦᠯᠬᠦ ᠪᠠ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠬᠠᠮᠳᠣ ᠪᠠᠷ | ᠦᠨᠡᠯᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠦᠷ᠎ᠡ ᠪᠦᠲᠦᠭᠡᠯ ᠢ ᠬᠠᠮᠳᠣ | ᠪᠠᠷ ᠬᠤᠪᠢᠶᠠᠯᠴᠠᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠢᠭᠡᠨᠲᠡ ᠲᠥᠯᠥᠪᠵᠢᠭᠦᠯᠦᠭᠰᠡᠨ ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠥᠷᠨᠢᠭᠦᠯᠦᠭᠰᠡᠨ ᠪᠥᠭᠡᠳ ᠬᠦᠴᠦᠨ ᠪᠦᠬᠦᠢ ᠬᠤᠭᠤᠴᠠᠭᠠᠨ ᠳᠠᠭᠠᠨ | ᠪᠠᠶᠢᠪᠠᠯ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠳᠤ | ︽ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠳᠤ ᠨᠡᠶᠢᠴᠡᠬᠦ ᠴᠢᠨᠠᠷᠲᠠᠶ ᠵᠠᠳᠠᠯᠤᠯᠲᠠ᠂ ᠭᠠᠵᠠᠷ ᠰᠣᠩᠭᠤᠬᠤ | ᠣᠷᠴᠢᠨ ᠲᠣᠭᠤᠷᠢᠨ ᠤ ᠵᠦᠶ ᠶᠣᠰᠣᠴᠢ ᠴᠢᠨᠠᠷ ᠪᠠ ᠪᠣᠯᠤᠮᠵᠢᠲᠤ ᠴᠢᠨᠠᠷ ᠤᠨ ᠨᠤᠲᠠᠯᠠᠯ︾ ᠵᠡᠷᠭᠡ ᠬᠠᠮᠢᠶ᠎ᠠ ᠪᠦᠬᠦᠢ | ᠦᠨᠡᠯᠡᠬᠦ ᠠᠭᠤᠯᠭ᠎ᠠ ᠶᠢ ᠳᠥᠭᠦᠮᠴᠢᠯᠡᠵᠦ᠂ ᠣᠷᠣᠨ ᠪᠦᠰᠡ ᠶᠢᠨ ᠣᠷᠴᠢᠨ ᠲᠣᠭᠤᠷᠢᠨ ᠤ ᠦᠨᠡᠯᠡᠨ ᠵᠢᠱᠢᠭᠰᠡᠨ ᠦᠷ᠎ᠡ | ᠪᠦᠲᠦᠭᠡᠯ ᠢ ᠡᠰᠢᠯᠡᠨ ᠬᠡᠷᠡᠭᠯᠡᠵᠦ ᠬᠤᠪᠢᠶᠠᠯᠴᠠᠵᠦ ᠪᠣᠯᠤᠨ᠎ᠠ᠃ | ︵ᠠᠷᠪᠠᠨ ᠨᠢᠭᠡ︶ ᠣᠨᠴᠠᠯᠢᠭᠲᠤ ᠳᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ ᠶᠢ ᠵᠣᠷᠢᠭᠵᠢᠭᠤᠯᠤᠨ᠎ᠠ | 16. ︽ᠬᠤᠪᠢ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯ ᠢ ᠠᠬᠢᠭᠤᠯᠵᠤ᠂ | ᠳᠠᠩᠰᠠᠯᠠᠭᠰᠠᠨ ᠬᠤᠭᠤᠴᠠᠭ᠎ᠠ ᠨᠢ ᠨᠢᠭᠡ ᠵᠢᠯ ᠠᠴᠠ ᠳᠡᠭᠡᠭᠰᠢ᠂ ᠨᠢᠭᠡᠨᠲᠡ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠲᠤ ᠡᠩ ᠤᠨ ᠭᠠᠶᠢᠯᠢ ᠲᠤᠰᠢᠶᠠᠭᠴᠢ ᠪᠠᠷ ᠪᠦᠷᠢᠳᠬᠡᠭᠦᠯᠦᠭᠰᠡᠨ ᠪᠥᠭᠡᠳ ᠦᠢᠯᠡᠳᠬᠦᠨ ᠤ ᠥᠷᠲᠡᠭ ᠪᠠ | ᠪᠣᠷᠣᠯᠠᠭᠤᠯᠬᠤ ᠬᠡᠪᠴᠢᠶ᠎ᠡ ᠪᠠᠷ ᠨᠡᠯᠢᠶᠡᠳ ᠶᠡᠭᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠂ | ᠦᠷᠭᠦᠯᠵᠢᠯᠡᠨ 12 ᠰᠠᠷ᠎ᠠ ᠶᠢᠨ ᠨᠡᠮᠡᠭᠳᠡᠯ ᠥᠷᠲᠡᠭ ᠤᠨ ᠭᠠᠶᠢᠯᠢ ᠶᠢᠨ ᠪᠣᠷᠣᠯᠠᠭᠤᠯᠭ᠎ᠠ ᠶᠢᠨ ᠶᠡᠷᠦᠩᠬᠡᠶ ᠲᠤᠭ᠎ᠠ ᠨᠢ | 500 ᠲᠦᠮᠡᠨ ᠲᠥᠭᠦᠷᠢᠭ ᠠᠴᠠ ᠳᠠᠪᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠭᠤᠣᠯᠳᠠᠯᠭ᠎ᠠ ᠲᠠᠢ ᠳᠡᠮᠵᠢᠬᠦ ᠡᠲᠡᠭᠡᠳ ᠲᠤ ᠵᠢᠭᠰᠠᠭᠠᠨ ᠣᠷᠣᠭᠤᠯᠵᠤ᠂ ᠠᠩᠬ᠎ᠠ ᠤᠳᠠᠭ᠎ᠠ ︽ᠬᠤᠪᠢ ᠡᠷᠦᠭᠡ ᠶᠢ | ᠠᠵᠤ ᠠᠬᠤᠶᠢᠯᠠᠯ ᠪᠣᠯᠭᠠᠨ ᠬᠤᠪᠢᠷᠠᠭᠤᠯᠵᠤ︾ 2 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ᠂ | ᠢᠲᠡᠭᠡᠮᠵᠢ ᠶᠢᠨ ᠮᠠᠭᠤ ᠲᠡᠮᠳᠡᠭᠯᠡᠯ ᠦᠭᠡᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 10 ᠲᠦᠮᠡᠨ | ᠲᠥᠭᠦᠷᠢᠭ ᠤᠨ ᠨᠥᠬᠦᠪᠥᠷᠢ ᠣᠯᠭᠤᠨ᠎ᠠ᠃ | ᠳᠥᠷᠪᠡ᠂ ᠠᠵᠤ ᠠᠬᠤᠶᠢᠯᠠᠯ ᠢ ᠭᠦᠭᠵᠢᠬᠦᠯᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ | ︵ᠠᠷᠪᠠᠨ ᠬᠤᠶᠠᠷ︶ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠤᠢ | ᠪᠣᠯᠭᠠᠨ᠎ᠠ | 17. ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠠᠵᠤ | ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠳᠠᠩᠰᠠᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠬᠠᠤᠯᠢ | ᠴᠠᠭᠠᠵᠠ ᠶᠢᠨ ᠲᠣᠭᠲᠠᠭᠠᠯ ᠳᠤ ᠨᠡᠶᠢᠴᠡᠬᠦ ᠬᠡᠷᠡᠭ ᠲᠤ ︽ᠭᠤᠷᠪᠠᠨ ᠲᠤᠬᠠᠶ ᠶᠢᠨ ᠲᠠᠯᠠᠪᠤᠷ︾ ᠤᠨ ᠲᠦᠷᠢᠮ ᠢ ᠴᠢᠩᠭ᠎ᠠ | ᠬᠡᠷᠡᠭᠵᠢᠭᠦᠯᠦᠨ᠎ᠡ᠂ ᠲᠤᠬᠠᠶᠢᠯᠠᠪᠠᠯ᠄ ᠬᠡᠷᠡᠭ ᠮᠡᠳᠡᠭᠦᠯᠦᠭᠴᠢ ᠬᠡᠷᠡᠭ ᠮᠡᠳᠡᠭᠦᠯᠦᠭᠰᠡᠨ ᠪᠣᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠲᠡᠷᠡ ᠳᠣᠤᠷ᠎ᠠ ᠨᠢ ᠰᠦᠯᠵᠢᠶᠡᠨ ᠳᠡᠭᠡᠷ᠎ᠡ ᠬᠡᠷᠡᠭ ᠢ ᠬᠦᠯᠢᠶᠡᠨ ᠠᠪᠤᠭᠰᠠᠨ | ᠳᠠᠩᠰᠠᠯᠠᠯᠲᠠ ᠬᠢᠵᠦ᠂ ᠲᠤᠬᠠᠶ ᠶᠢᠨ ᠲᠠᠯᠠᠪᠤᠷ ᠲᠤ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠭᠥᠯᠢᠶᠡᠨ ᠠᠪᠴᠤ᠂ ᠲᠡᠷᠡ | ᠳᠣᠤᠷ᠎ᠠ ᠨᠢ ᠪᠠᠷᠢᠮᠳᠠ ᠥᠭᠬᠦ ᠶᠢᠨ ᠬᠠᠮᠲᠤ ᠬᠡᠷᠡᠭ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠯᠠᠪᠯᠠᠬᠤ᠂ | ᠵᠠᠭᠠᠯᠳᠤᠬᠤ ᠪᠠ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠬᠦ | ᠬᠡᠷᠡᠭᠲᠡᠶ᠃ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠬᠠᠯᠳᠠᠯᠭ᠎ᠠ ᠳᠤ ᠤᠴᠠᠷᠠᠭᠰᠠᠨ ᠴᠠᠭᠳᠠᠭ᠎ᠠ ᠳᠤ | ᠮᠡᠳᠡᠭᠦᠯᠵᠦ ᠲᠤᠰᠠᠯᠠᠮᠵᠢ ᠭᠤᠶᠤᠴᠢᠯᠠᠬᠤ ᠵᠦᠢᠯ ᠳᠤ᠂ ᠬᠡᠷᠡᠭ ᠮᠡᠳᠡᠬᠦᠯᠦᠭᠰᠡᠨ ᠪᠣᠯ ᠵᠠᠪᠠᠯ ᠬᠦᠯᠢᠶᠡᠨ ᠠᠪᠴᠤ᠂ | ᠬᠦᠯᠢᠶᠡᠨ ᠠᠪᠤᠪᠠᠯ ᠵᠠᠪᠠᠯ ᠰᠢᠢᠳᠪᠦᠷᠢᠯᠡᠵᠦ᠂ ᠬᠡᠷᠡᠭ ᠪᠠᠶᠢᠪᠠᠯ ᠵᠠᠪᠠᠯ ᠪᠠᠶᠢᠴᠠᠭᠠᠬᠤ ᠬᠡᠷᠡᠭᠲᠡᠶ᠃ ᠠᠵᠤ ᠠᠬᠤᠶᠢᠯᠠᠯ ᠤᠨ | ᠬᠡᠷᠡᠭ ᠢ ᠰᠢᠢᠳᠪᠦᠷᠢᠯᠡᠬᠦ ᠪᠥᠬᠦ ᠶᠠᠪᠤᠴᠠ ᠳᠤ ᠬᠢᠨᠠᠯᠲᠠ ᠲᠠᠯᠪᠢᠨ᠎ᠠ᠃ ᠠᠵᠤ ᠠᠬᠤᠶᠢᠯᠠᠯ ᠤᠨ ᠡᠳ᠋ ᠬᠥᠷᠥᠩᠭᠡ ᠶᠢᠨ | ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠵᠠᠷᠭᠤ᠂ ᠮᠠᠭᠤ ᠰᠠᠨᠠᠭ᠎ᠠ ᠲᠠᠢ ᠪᠠᠷ ᠵᠠᠷᠭᠤᠯᠳᠤᠬᠤ ᠲᠤᠰᠬᠠᠶ ᠠᠵᠢᠯᠯᠠᠭ᠎ᠠ | ᠳᠤ ᠴᠣᠬᠢᠯᠳᠠ ᠦᠭᠭᠦᠨ᠎ᠡ᠃ | 18. ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠪᠠᠭᠲᠠᠭᠠᠮᠵᠢᠲᠠᠶ ᠬᠢᠨᠠᠭᠤᠷ | ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠰᠢᠮᠳᠠᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ︽ᠳᠥᠷᠪᠡᠨ ᠨᠠᠷᠢᠨ ᠲᠠᠩᠰᠠ︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠣᠴᠠ ᠳᠠᠬᠢ | ᠬᠠᠷᠢᠭᠤᠴᠠᠯᠭ᠎ᠠ ᠶᠢᠨ ᠳᠦᠷᠢᠮ ᠪᠣᠯᠤᠨ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠠᠴᠠ | ᠵᠥᠷᠢᠴᠡᠭᠰᠡᠨ ᠨᠡᠶᠢᠲᠡᠯᠢᠭ ᠬᠡᠷᠡᠭ ᠤᠨ ᠨᠡᠪᠲᠡᠷᠡᠭᠦᠯᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠬᠤ | ᠬᠡᠷᠡᠭᠲᠡᠶ᠃ ︵ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ︶ | ︵ᠠᠷᠪᠠᠨ ᠭᠤᠷᠪᠠ︶ ᠳᠥᠭᠦᠮ ᠳᠥᠲᠡ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ | ᠪᠣᠯᠭᠠᠨ᠎ᠠ | 19. ᠠᠵᠤ ᠠᠬᠤᠶᠢᠯᠠᠯ ᠤᠨ ᠪᠥᠬᠦ ᠠᠵᠢᠯ ᠤᠨ ᠬᠤᠭᠤᠴᠠᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠢ | ᠬᠠᠪᠰᠤᠷᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠡᠮᠬᠢᠯᠡᠨ ᠳᠢᠭᠯᠡᠵᠦ᠂ ᠨᠠᠩ | ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠷᠴᠢᠮᠵᠢᠭᠦᠯᠦᠨ ᠲᠥᠪᠯᠡᠷᠡᠭᠦᠯᠬᠦ᠂ ᠳᠥᠭᠦᠮ ᠳᠥᠲᠡ | ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠪᠥᠬᠦ ᠠᠶᠢᠮᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ | ᠵᠦᠢᠯ ᠤᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠨᠥᠭᠡᠴᠡᠯᠡᠬᠦ᠂ ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠬᠤ᠂ ᠳᠠᠭᠤᠰᠬᠠᠬᠤ᠂ ᠠᠰᠢᠭᠯᠠᠯᠲᠠ ᠳᠤ | ᠣᠷᠣᠭᠤᠯᠬᠤ ᠵᠡᠷᠭᠡ ᠭᠤᠭᠴᠤᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠦᠷ᠎ᠡ | ᠪᠦᠲᠦᠮᠵᠢ ᠤᠯᠬᠤ ᠶᠢ ᠠᠬᠢᠭᠤᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭ ᠨᠡᠮᠡᠭᠳᠡᠭᠦᠯᠬᠦ | ᠦᠢᠯᠡᠴᠢᠯᠡᠭᠡ ᠶᠢ ᠥᠷᠭᠡᠳᠬᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ︾ ᠴᠤᠩᠬᠤᠪᠴᠢ ᠭᠠᠷᠭᠠᠵᠤ᠂ ᠠᠵᠤ | ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠶᠠᠪᠤᠴᠠ ᠳᠤ ᠲᠤᠯᠭᠠᠷᠠᠭᠰᠠᠨ ︽ᠪᠠᠴᠢᠮ᠂ ᠬᠦᠴᠢᠷ᠂ ᠵᠣᠪᠠᠨᠢᠯ᠂ | ᠬᠦᠰᠡᠯ︾ ᠢ ᠴᠤᠭᠯᠠᠭᠤᠯᠵᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠰᠢᠢᠳᠪᠦᠷᠢᠯᠡᠬᠦ ᠶᠢ ᠢᠳᠡᠪᠬᠢᠲᠡᠶ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ | ︵ᠠᠷᠪᠠᠨ ᠳᠦᠷᠪᠡ︶ ᠴᠢᠳᠠᠪᠤᠷᠢᠲᠠᠨ ᠪᠠ ᠠᠵᠢᠯᠴᠢᠨ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ | 20. ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ᠂ ᠰᠢᠯᠢᠳᠡᠭ ᠠᠵᠤ | ᠠᠬᠤᠶᠢᠯᠠᠯᠲᠠᠨ ᠵᠢᠴᠢ ᠢᠨᠵᠧᠨᠧᠷ ᠤᠨ ᠴᠢᠳᠠᠪᠤᠷᠢᠲᠠᠨ ᠳᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠥᠬᠦᠶ ᠨᠥᠬᠦᠴᠡᠯ ᠳᠤ ᠨᠡᠶᠢᠴᠡᠬᠦ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ | ᠲᠤᠰᠬᠠᠶ ᠮᠡᠷᠭᠡᠵᠢᠯᠲᠡᠨ ᠴᠢᠳᠠᠪᠤᠷᠢᠲᠠᠨ᠂ ᠰᠢᠯᠢᠳᠡᠭ ᠠᠵᠤ ᠠᠬᠤᠶᠢᠯᠠᠯᠲᠠᠨ ᠵᠢᠴᠢ ᠢᠨᠵᠧᠨᠧᠷ ᠲᠤ ︽ᠠᠯᠠᠱᠠ ᠶᠢᠨ | ᠴᠢᠳᠠᠪᠤᠷᠢᠲᠠᠨ ᠢ ᠬᠠᠷᠠᠭᠠᠯᠵᠠᠬᠤ ᠺᠠᠷᠲ︾ ᠲᠠᠷᠬᠠᠭᠠᠵᠤ᠂ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ᠂ | ᠡᠮᠴᠢᠯᠡᠭᠡ ᠡᠷᠡᠭᠦᠯᠵᠢᠯ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠢᠯᠡᠴᠢᠯᠡᠭᠡ ᠵᠡᠷᠭᠡ 20 ᠭᠠᠷᠤᠶ ᠵᠦᠢᠯ ᠤᠨ ᠬᠠᠷᠠᠭᠠᠯᠵᠠᠯ ᠤᠨ ᠦᠢᠯᠡᠴᠢᠯᠡᠭᠡ ᠶᠢ ᠬᠦᠷᠳᠡᠭᠡᠵᠦ᠂ | ᠴᠢᠳᠠᠪᠤᠷᠢᠲᠠᠨ ᠢ ᠲᠠᠨᠢᠵᠤ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠬᠦᠨᠳᠦᠳᠬᠡᠵᠦ ᠴᠢᠳᠠᠪᠤᠷᠢᠲᠠᠨ ᠢ | ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠨ᠎ᠠ᠃ | 21. ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠦ ᠥᠭᠬᠦ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠬᠦ ᠬᠤᠪᠢ ᠬᠥᠮᠦᠨ ᠳᠤ | ᠲᠠᠯᠪᠢᠭᠰᠠᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ | ᠠᠷᠪᠢᠨ ᠳᠠᠭᠠᠨ 30 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠬᠤᠪᠢ ᠬᠥᠮᠦᠨ ᠤ ᠠᠳᠠᠯ ᠦᠢᠯᠡᠰ | ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ ᠬᠤᠷᠰᠢᠨ ᠠᠳᠠᠯ | ᠦᠢᠯᠡᠰ ᠴᠣᠭᠴᠠᠯᠠᠭᠰᠠᠨ ᠪᠣᠯ᠂ ᠬᠤᠷᠰᠢᠨ ᠠᠳᠠᠯ ᠦᠢᠯᠡᠰ ᠴᠣᠭᠴᠠᠯᠠᠭᠰᠠᠨ ᠬᠥᠮᠦᠨ ᠤ ᠲᠤᠭ᠎ᠠ ᠶᠢ ᠦᠨᠳᠦᠰᠦᠯᠡᠨ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠢ ᠪᠠᠷ ᠳᠡᠭᠡᠭᠰᠢᠯᠡᠬᠦᠯᠵᠦ᠂ ᠬᠠᠮᠤᠭ ᠤᠨ ᠥᠨᠳᠥᠷ ᠲᠡᠭᠡᠨ | ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ | ᠬᠡᠮᠵᠢᠶᠡᠨ ᠤ ᠳᠡᠭᠡᠳᠦ ᠬᠢᠵᠠᠭᠠᠷ ᠤᠨ ᠨᠡᠶᠢᠳᠡ ᠮᠦᠩᠬᠦ ᠶᠢᠨ 110% ᠠᠴᠠ ᠬᠡᠲᠦᠷᠡᠭᠦᠯᠵᠦ ᠪᠣᠯᠬᠤ ᠦᠭᠡᠢ ᠪᠥᠭᠡᠳ | ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ | ᠬᠡᠮᠵᠢᠶᠡᠨ ᠤ ᠳᠡᠭᠡᠳᠦ ᠬᠢᠵᠠᠭᠠᠷ ᠠᠴᠠ ᠬᠡᠲᠦᠷᠡᠭᠦᠯᠵᠦ ᠪᠣᠯᠬᠤ ᠦᠭᠡᠢ᠃ ᠬᠤᠪᠢ ᠬᠥᠮᠦᠨ ᠤ ᠠᠳᠠᠯ ᠦᠢᠯᠡᠰ | ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 3 ᠵᠢᠯ ᠠᠴᠠ | ᠬᠡᠲᠦᠷᠡᠭᠦᠯᠵᠦ ᠪᠣᠯᠬᠤ ᠥᠬᠡᠶ᠂ 3 ᠠᠴᠠ ᠢᠯᠡᠬᠦᠦ ᠤᠳᠠᠭ᠎ᠠ ᠵᠢᠭᠡᠯᠡᠵᠦ ᠪᠣᠯᠬᠤ ᠥᠬᠡᠶ᠃ | 22. ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ | ᠬᠦᠦ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠵᠢᠭ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠵᠢᠵᠢᠭ ᠠᠵᠤ ᠠᠬᠤᠶᠢᠯᠠᠯ ᠤᠨ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠭᠠᠷᠲᠠᠨ ᠡᠷᠬᠢᠯᠡᠬᠦ ᠪᠠᠩᠬᠢ ᠠᠴᠠ ᠵᠢᠵᠢᠭ ᠠᠵᠤ ᠠᠬᠤᠶᠢᠯᠠᠯ ᠤᠨ ᠪᠣᠳᠠᠲᠠᠶ | ᠡᠯᠰᠡᠨ ᠬᠡᠷᠡᠭᠯᠡᠬᠦ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ ᠶᠢ ᠦᠨᠳᠦᠰᠦᠯᠡᠨ ᠵᠦᠢ ᠵᠣᠬᠢᠰᠲᠠᠶ ᠲᠣᠭᠲᠠᠭᠠᠵᠤ᠂ | ᠬᠠᠮᠤᠭ ᠤᠨ ᠠᠷᠪᠢᠨ ᠳᠠᠭᠠᠨ 400 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ᠵᠢᠵᠢᠭ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ | ᠤᠷᠲᠤ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠶ᠂ 3 ᠤᠳᠠᠭ᠎ᠠ ᠠᠴᠠ ᠢᠯᠡᠬᠦᠦ ᠵᠢᠭᠡᠯᠡᠵᠦ ᠪᠣᠯᠬᠤ | ᠦᠭᠡᠶ᠃ | 23. ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠳᠣᠴᠢ ᠴᠢᠨᠠᠷᠲᠠᠶ ᠪᠠᠷ ᠪᠠᠭᠤᠷᠠᠭᠤᠯᠤᠨ᠎ᠠ᠃ | ᠨᠠᠰᠤᠵᠢᠯ ᠤᠨ ᠳᠠᠭᠠᠳᠬᠠᠯ ᠤᠨ ᠪᠠᠶᠢᠭᠤᠯᠭ᠎ᠠ ᠨᠢᠭᠡᠴᠡ ᠶᠢᠨ ᠰᠦᠢᠳᠬᠡᠯ ᠲᠤᠰᠢᠶᠠᠬᠤ ᠨᠣᠷᠮ᠎ᠠ ᠶᠢ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠭᠤᠶᠤᠴᠢᠯᠠᠬᠤ ᠥᠬᠡᠶ ᠪᠠᠷ ᠭᠥᠷᠳᠡᠬᠦ︾ ᠦᠢᠯᠡᠴᠢᠯᠡᠭᠡᠨ ᠤ | ᠵᠠᠭᠪᠤᠷ ᠢ ᠭᠠᠷᠭᠠᠵᠤ᠂ ᠠᠯᠠᠱᠠ ᠠᠶᠢᠮᠠᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠰᠦᠢᠳᠬᠡᠯ ᠲᠤᠰᠢᠶᠠᠬᠤ ᠨᠢᠭᠡᠴᠡ ᠦᠨᠳᠦᠰᠦᠨ ᠨᠠᠰᠤᠵᠢᠯ ᠤᠨ | ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠶᠢ 19% ᠪᠠᠶᠢᠭᠰᠠᠨ ᠠᠴᠠ 16% ᠪᠣᠯᠭᠠᠨ | ᠳᠣᠷᠣᠭᠰᠢᠯᠠᠭᠤᠯᠣᠨ᠎ᠠ᠃ | 24. ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠠᠪᠴᠤ ᠠᠵᠢᠯ | ᠣᠯᠭᠤᠬᠤ ᠶᠢ ᠵᠣᠷᠢᠭᠵᠢᠭᠤᠯᠤᠨ᠎ᠠ᠃ ᠰᠤᠷᠭᠠᠭᠤᠯᠢ ᠳᠡᠭᠦᠰᠦᠭᠰᠡᠳ ᠪᠣᠯᠤᠨ ᠰᠤᠷᠭᠠᠭᠤᠯᠢ ᠳᠡᠭᠦᠰᠦᠭᠡᠳ ᠬᠤᠶᠠᠷ | ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠲᠠᠢ 1 ᠵᠢᠯ ᠠᠴᠠ ᠳᠡᠭᠡᠭᠰᠢ | ᠬᠤᠭᠤᠴᠠᠭ᠎ᠠ ᠪᠦᠬᠦᠢ ᠬᠦᠳᠡᠯᠮᠦᠷᠢ ᠶᠢᠨ ᠭᠡᠷ᠎ᠡ ᠳᠣᠭᠳᠠᠭᠰᠠᠨ ᠪᠦᠬᠡᠳ ᠳᠡᠳᠡᠨ ᠳᠤ ᠨᠡᠶᠢᠭᠡᠮ ᠤᠨ ᠳᠠᠭᠠᠳᠬᠠᠯ ᠤᠨ | ᠰᠦᠢᠳᠬᠡᠯ ᠢ ᠨᠢ ᠲᠤᠰᠢᠶᠠᠭᠰᠠᠨ ᠵᠢᠵᠢᠭ ᠠᠵᠤ ᠠᠬᠤᠶᠢᠯᠠᠯ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ | ᠦᠭᠭᠦᠨ᠎ᠡ᠃ ᠪᠠᠷᠢᠮᠵᠢᠶ᠎ᠠ ᠨᠢ ᠪᠠᠶᠢᠭᠤᠯᠭ᠎ᠠ ᠨᠢᠭᠡᠴᠡ ᠠᠴᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠣᠯᠤᠨ ᠠᠵᠢᠯ | ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠳᠣᠰᠢᠶᠠᠵᠦ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ | ᠬᠥᠮᠦᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠶ᠃ ᠰᠤᠷᠭᠠᠭᠤᠯᠢ ᠳᠡᠭᠦᠰᠦᠭᠡᠳ ᠬᠤᠶᠠᠷ ᠵᠢᠯ ᠤᠨ | ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠤᠭᠰᠠᠨ ᠤ | ᠳᠠᠷᠠᠭ᠎ᠠ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠭᠰᠠᠨ ᠪᠣᠯ ᠵᠣᠬᠢᠬᠤ ᠲᠣᠭᠠᠨ ᠤ ᠨᠡᠶᠢᠭᠡᠮ ᠤᠨ | ᠳᠠᠭᠠᠳᠬᠠᠯ ᠤᠨ ᠨᠥᠬᠦᠪᠥᠷᠢ ᠣᠯᠭᠤᠵᠤ᠂ ᠨᠥᠬᠦᠪᠥᠷᠢ ᠶᠢᠨ ᠪᠠᠷᠢᠮᠵᠢᠶ᠎ᠠ ᠶᠢ ᠠᠵᠢᠯ ᠣᠯᠬᠤ ᠳᠤ ᠬᠦᠴᠢᠷᠳᠡᠯ ᠲᠠᠢ | ᠬᠥᠮᠦᠰ ᠤᠨ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠪᠠᠷ | ᠯᠠᠪᠯᠠᠯᠲᠠ ᠪᠣᠯᠭᠠᠨ ᠬᠡᠷᠡᠭᠵᠢᠭᠦᠯᠵᠦ᠂ ᠨᠥᠬᠦᠪᠥᠷᠢ ᠶᠢᠨ ᠪᠠᠷᠢᠮᠵᠢᠶ᠎ᠠ ᠶᠢ ᠨᠢ ᠵᠠᠷᠴᠢᠮ ᠳᠡᠭᠡᠷ᠎ᠡ ᠪᠠᠨ ᠲᠤᠰᠢᠶᠠᠭᠰᠠᠨ | ᠵᠠᠷᠤᠳᠠᠯ ᠤᠨ 2/3 ᠶᠢ ᠳᠠᠪᠠᠭᠤᠯᠬᠤ ᠦᠭᠡᠶ ᠪᠠᠶᠢᠵᠤ᠂ ᠨᠥᠬᠦᠪᠥᠷᠢᠯᠡᠬᠦ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ | 2 ᠵᠢᠯ ᠠᠴᠠ ᠬᠡᠲᠦᠷᠡᠭᠦᠯᠵᠦ ᠪᠣᠯᠬᠤ ᠦᠭᠡᠶ᠃ | 25. ᠠᠩᠬ᠎ᠠ ᠤᠳᠠᠭ᠎ᠠ ᠵᠢᠵᠢᠭ ᠠᠵᠤ ᠠᠬᠤᠶᠢᠯᠠᠯ ᠪᠠᠶᠢᠭᠤᠯᠤᠨ ᠡᠷᠬᠢᠯᠡᠭᠰᠡᠨ ᠪᠤᠶᠤ ᠬᠤᠪᠢ ᠶᠢᠨ ᠡᠵᠡᠩᠨᠡᠯᠲᠡ | ᠬᠢᠭᠰᠡᠨ ᠮᠥᠷᠲᠡᠭᠡᠨ ᠪᠠᠶᠢᠭᠤᠯᠤᠭᠰᠠᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ | ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠭᠰᠡᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ | ᠶᠣᠰᠣᠭᠠᠷ ᠡᠵᠡᠩᠨᠡᠭᠰᠡᠨ ᠰᠤᠷᠭᠠᠭᠤᠯᠢ ᠳᠡᠭᠦᠰᠦᠭᠡᠳ 2 ᠵᠢᠯ ᠪᠣᠯᠵᠦ ᠪᠠᠶᠢᠭ᠎ᠠ ᠳᠡᠭᠡᠳᠦ ᠰᠤᠷᠭᠠᠭᠤᠯᠢ ᠲᠡᠭᠦᠰᠦᠭᠰᠡᠳ | ︵ᠰᠤᠷᠭᠠᠭᠤᠯᠢ ᠳᠤ ᠪᠠᠶᠢᠭ᠎ᠠ ᠰᠤᠷᠤᠭᠴᠢ ᠪᠠᠭᠲᠠᠨ᠎ᠠ︶᠂ ᠠᠵᠢᠯ ᠣᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ | ᠠᠩᠭᠢᠵᠢᠷᠠᠭᠰᠠᠨ ᠬᠥᠳᠡᠯᠮᠦᠷᠢ ᠬᠦᠴᠦᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ | ᠲᠠᠷᠢᠶᠠᠴᠢᠨ᠂ ᠵᠡᠮᠳᠡᠭᠴᠦᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ | ᠠᠴᠠ ᠪᠤᠰᠤᠳ ᠬᠥᠳᠡᠯᠮᠦᠷᠢᠴᠢᠳ ᠢ ᠳᠠᠶᠢᠴᠢᠯᠠᠨ ᠠᠵᠢᠯ ᠣᠯᠭᠤᠭᠰᠠᠨ ᠪᠥᠭᠡᠳ ᠬᠡᠪ ᠤᠨ ᠶᠣᠰᠣᠭᠠᠷ ᠭᠠᠶᠢᠯᠢ | ᠲᠤᠰᠢᠶᠠᠭᠰᠠᠨ ᠪᠣᠯ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠃ | 26 . ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠣᠶᠢᠵᠢᠭᠤᠯᠬᠤ ᠰᠠᠭᠤᠷᠢᠨ ᠭᠠᠵᠠᠷ | ᠲᠠᠬᠢ ᠪᠣᠶᠢᠵᠢᠭᠤᠯᠬᠤ ᠠᠵᠤ ᠠᠬᠤᠶᠢᠯᠠᠯ ᠤᠨ ᠠᠵᠢᠯᠴᠢᠨ ᠡᠯᠰᠡᠨ ᠦᠯᠡᠳᠡᠭᠡᠬᠦ ᠶᠢ ᠳᠡᠮᠵᠢᠵᠦ᠂ ᠠᠵᠢᠯ | ᠣᠯᠭᠤᠯᠲᠠ ᠶᠢᠨ ᠶᠠᠰᠤ ᠴᠢᠨᠠᠷ ᠢᠶᠠᠷ ᠰᠠᠶᠢᠨ᠂ ᠠᠵᠢᠯᠲᠠᠨ ᠢ ᠦᠯᠡᠳᠡᠭᠡᠨ ᠬᠡᠷᠡᠭᠯᠡᠬᠦ ᠨᠣᠷᠮ᠎ᠠ ᠪᠠᠷ ᠥᠨᠳᠥᠷ | ᠪᠣᠶᠢᠵᠢᠭᠤᠯᠬᠤ ᠠᠵᠤ ᠠᠬᠤᠶᠢᠯᠠᠯ ᠳᠤ 1 ᠬᠥᠮᠦᠨ ᠨᠡᠮᠡᠭᠳᠡᠬᠦ ᠪᠦᠷᠢ 3000 ᠲᠥᠭᠦᠷᠢᠭ ᠪᠦᠬᠦᠢ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠥᠷᠢ ᠣᠯᠭᠤᠵᠤ ᠪᠣᠯᠤᠨ᠎ᠠ᠃ | 27. ᠪᠠᠶᠢᠭᠤᠯᠭ᠎ᠠ ᠨᠢᠭᠡᠴᠡ ᠠᠴᠠ ᠠᠵᠢᠯ ᠣᠯᠬᠤ ᠳᠤ ᠬᠦᠴᠢᠷᠲᠡᠶ ᠬᠥᠮᠦᠰ ᠢ ᠡᠯᠰᠡᠨ ᠠᠪᠣᠭᠰᠠᠨ ᠨᠡᠶᠢᠭᠡᠮ ᠤᠨ | ᠳᠠᠭᠠᠳᠬᠠᠯ ᠤᠨ ᠨᠥᠬᠦᠪᠥᠷᠢ ᠶᠢ ᠣᠯᠭᠤᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠢ ᠡᠯᠰᠡᠨ ᠬᠡᠷᠡᠭᠯᠡᠭᠰᠡᠨ | ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠨᠢᠭᠡᠴᠡ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠣᠯᠬᠤ ᠳᠤ ᠬᠦᠴᠢᠷᠲᠡᠶ ᠬᠥᠮᠦᠰ ᠢ ᠲᠥᠪᠬᠢᠨᠡᠭᠦᠯᠦᠭᠰᠡᠨ ᠤ | ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠨᠢᠭᠡᠴᠡ ᠶᠢᠨ ᠠᠵᠢᠯ ᠣᠯᠬᠤ ᠳᠤ ᠬᠦᠴᠢᠷᠲᠡᠶ | ᠬᠥᠮᠦᠰ ᠲᠤ ᠳᠣᠰᠢᠶᠠᠵᠦ ᠦᠭᠭᠦᠭᠰᠡᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠪᠣᠯᠤᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠪᠠᠭᠳᠠᠵᠦ᠂ | ᠠᠵᠢᠯ ᠣᠯᠬᠤ ᠳᠤ ᠬᠦᠴᠢᠷᠲᠡᠶ ᠬᠥᠮᠦᠰ ᠤᠨ ᠬᠤᠪᠢ ᠬᠥᠮᠦᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ | ᠦᠭᠡᠶ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ 5 ᠵᠢᠯ ᠬᠦᠷᠬᠦ ᠦᠭᠡᠢ ᠠᠵᠢᠯ | ᠣᠯᠬᠤ ᠳᠤ ᠬᠦᠴᠢᠷᠲᠡᠶ ᠬᠥᠮᠦᠰ ᠠᠵᠢᠯ ᠠᠴᠠ ᠪᠠᠨ ᠠᠮᠠᠷᠠᠬᠤ ᠬᠦᠷᠲᠡᠯ᠎ᠡ ᠤᠷᠲᠤᠳᠬᠠᠵᠤ ᠪᠣᠯᠬᠤ ᠶᠢ ᠭᠠᠷᠭᠠᠪᠠᠯ᠂ | ᠪᠤᠰᠤᠳ ᠬᠥᠮᠦᠰ ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠶ ︵ᠠᠩᠬ᠎ᠠ ᠣᠳᠠᠭ᠎ᠠ | ᠨᠡᠶᠢᠭᠡᠮ ᠤᠨ ᠳᠠᠭᠠᠳᠬᠠᠯ ᠤᠨ ᠨᠥᠬᠦᠪᠥᠷᠢ ᠬᠦᠷᠲᠡᠬᠦ ᠦᠶ᠎ᠡ ᠶᠢᠨ ᠬᠢᠨᠢ ᠪᠠᠷᠢᠮᠵᠢᠶ᠎ᠠ ᠪᠠᠷ ᠬᠢᠨᠠᠨ ᠲᠣᠭᠲᠠᠭᠠᠬᠤ | ᠬᠡᠷᠡᠭᠲᠡᠶ︶᠃ | 28. ᠵᠠᠰᠠᠭ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠮᠲᠤ ᠪᠠᠷ ᠡᠳ᠋ᠯᠡᠬᠦ | ᠲᠠᠪᠴᠠᠩ ᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠢ ᠬᠡᠷᠡᠭᠯᠡᠨ ᠠᠵᠤ ᠠᠬᠤᠶᠢᠯᠠᠯ ᠳᠤ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠳᠡᠮᠵᠢᠯᠭᠡ ᠬᠠᠩᠭᠠᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠭᠰᠠᠨ ᠪᠥᠭᠡᠳ ᠲᠣᠪᠤᠶᠢᠮ᠎ᠠ ᠠᠮᠵᠢᠯᠲᠠ ᠣᠯᠤᠭᠰᠠᠨ ᠪᠠᠶᠢᠪᠠᠯ᠂ ᠠᠵᠤ ᠠᠬᠤᠶᠢᠯᠠᠯ ᠳᠤ ᠬᠠᠮᠤᠭ ᠤᠨ | ᠥᠨᠳᠥᠷ ᠲᠡᠭᠡᠨ 30 ᠲᠦᠮᠡᠨ ᠲᠥᠭᠦᠷᠢᠭ ᠤᠨ ᠴᠢᠳᠠᠪᠤᠷᠢᠲᠠᠨ ᠣᠷᠣᠭᠤᠯᠤᠨ ᠠᠪᠴᠢᠷᠠᠭᠰᠠᠨ ᠱᠠᠩᠨᠠᠯ | ᠨᠥᠬᠦᠪᠥᠷᠢ ᠶᠢᠨ ᠪᠠᠯᠠ ᠮᠥᠩᠭᠦ ᠣᠯᠭᠤᠵᠤ ᠪᠣᠯᠤᠨ᠎ᠠ︔ ᠰᠢᠨ᠎ᠡ ᠪᠠᠷ ᠣᠷᠣᠭᠤᠯᠤᠨ ᠠᠪᠴᠢᠷᠠᠭᠰᠠᠨ ᠵᠠᠩᠭᠢᠯᠠᠭ᠎ᠠ ᠶᠢᠨ | ᠭᠤᠤᠯᠯᠠᠬᠤ ᠮᠡᠷᠭᠡᠵᠢᠯ ᠢ ᠡᠵᠡᠮᠰᠢᠭᠰᠡᠨ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠵᠤ ᠴᠢᠳᠠᠬᠤ | ᠤᠯᠤᠰ ᠤᠨ ᠳᠣᠲᠣᠭᠠᠳᠤ ᠭᠠᠳᠠᠭᠠᠳᠤ ᠶᠢᠨ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠳᠤ ︽ᠨᠢᠭᠡ | ᠶᠠᠪᠤᠳᠠᠯ ᠢ ᠨᠢᠭᠡ ᠵᠥᠪᠯᠡᠬᠦ︾ ᠮᠠᠶ᠋ᠢᠭ ᠢᠶᠠᠷ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ | ᠪᠣᠯᠤᠨ᠎ᠠ᠃ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯ ᠤᠨ ᠥᠷᠲᠡᠭᠡ ︵ᠰᠢᠯᠵᠢᠮᠡᠯ ᠥᠷᠲᠡᠭᠡ︶᠂ ᠠᠬᠠᠯᠠᠭᠴᠢ ᠳ᠋ᠣᠺᠲ᠋ᠣᠷ ᠤᠨ ᠰᠢᠨ᠎ᠡ ᠶᠢ ᠡᠭᠦᠳᠬᠦ | ᠦᠢᠯᠡᠳᠦᠯᠭᠡ ᠶᠢᠨ ᠰᠠᠭᠤᠷᠢᠨ ᠭᠠᠵᠠᠷ ᠬᠢᠭᠡᠳ ᠬᠢᠨᠠᠨ ᠰᠢᠯᠭᠠᠵᠤ ᠦᠨᠡᠯᠡᠨ ᠵᠢᠱᠢᠬᠦ ᠪᠠᠷ ᠳᠠᠮᠵᠢᠭᠠᠳ ᠰᠢᠯᠢᠳᠡᠭ | ᠪᠣᠯᠣᠭᠰᠠᠳ ᠲᠤ ᠥᠪᠡᠷᠲᠡᠭᠡᠨ ᠵᠠᠰᠠᠬᠤ ᠣᠷᠣᠨ ᠤ ᠦᠵᠡᠬᠦᠯᠦᠭᠰᠡᠨ ᠳᠡᠮᠵᠢᠯᠭᠡ ᠶᠢᠨ ᠰᠠᠭᠤᠷᠢᠨ ᠳᠡᠭᠡᠷ᠎ᠡ ᠲᠤᠰ ᠲᠤᠰ | ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠪᠡᠯᠡ ᠮᠥᠩᠭᠦ ᠶᠢᠨ | ᠳᠡᠮᠵᠢᠯᠭᠡ ᠦᠵᠡᠬᠦᠯᠵᠦ ᠪᠣᠯᠤᠨ᠎ᠠ᠃ ᠰᠢᠨ᠎ᠡ ᠪᠠᠷ ᠣᠷᠣᠵᠤ ᠢᠷᠡᠭᠰᠡᠨ ᠠᠬᠠᠯᠠᠭᠴᠢ ᠳ᠋ᠣᠺᠲ᠋ᠣᠷ ᠤᠨ ᠰᠤᠳᠤᠯᠬᠤ | ᠬᠥᠮᠦᠰ ᠲᠤ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠰᠠᠭᠤᠷᠢᠨ ᠳᠡᠭᠡᠷ᠎ᠡ ᠬᠥᠮᠦᠨ ᠪᠦᠷᠢ ᠰᠠᠷ᠎ᠠ ᠳᠤ | 3000 ᠲᠥᠭᠦᠷᠢᠭ ᠤᠨ ᠠᠮᠢᠳᠤᠷᠠᠯ ᠤᠨ ᠨᠥᠬᠦᠪᠥᠷᠢ ︵ᠨᠥᠬᠦᠪᠥᠷᠢᠯᠡᠬᠦ ᠬᠤᠭᠤᠴᠠᠭ᠎ᠠ ᠨᠢ 2 ᠵᠢᠯ︶ ᠣᠯᠭᠤᠵᠤ | ᠪᠣᠯᠤᠨ᠎ᠠ᠃ ᠠᠶᠢᠮᠠᠭ ᠤᠨ ᠭᠠᠳᠠᠨ᠎ᠠ ︽ᠴᠢᠳᠠᠪᠤᠷᠢᠲᠠᠨ ᠤ ᠣᠷᠣᠨ ᠠᠯᠤᠰᠯᠠᠭᠰᠠᠨ ᠭᠠᠵᠠᠷ︾ ᠭᠠᠷᠭᠠᠭᠰᠠᠨ ᠪᠠᠶᠢᠪᠠᠯ᠂ | ︽ᠨᠢᠭᠡ ᠬᠡᠷᠡᠭ ᠢ ᠨᠢᠭᠡ ᠵᠥᠪᠯᠡᠬᠦ︾ ᠮᠠᠶ᠋ᠢᠭ ᠢᠶᠠᠷ ᠪᠡᠯᠡ ᠮᠥᠩᠭᠦᠨ ᠤ ᠳᠡᠮᠵᠢᠯᠭᠡ ᠦᠵᠡᠭᠦᠯᠵᠦ ᠪᠣᠯᠤᠨ᠎ᠠ᠃ | ᠵᠢᠷᠭᠤᠭ᠎ᠠ᠂ ᠦᠢᠯᠡᠴᠢᠯᠡᠭᠡ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ | ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | 29᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠳ ᠠᠷᠠᠳ ᠠᠴᠠ ᠡᠵᠡᠩᠨᠡᠭᠰᠡᠨ ᠠᠵᠤ | ᠠᠬᠤᠶ ᠶᠢᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ | ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ᠂ | ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠡᠷᠡᠭᠦᠯ ᠢᠶᠠᠷ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠶ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ | ᠬᠤᠳᠠᠯᠳᠤᠭᠠᠨ ᠤ ᠨᠡᠶᠢᠭᠡᠮᠯᠢᠭ ᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠲᠠᠪᠴᠠᠩ | ᠪᠠᠶᠢᠭᠤᠯᠵᠤ᠂ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ | ︵ᠠᠷᠪᠠᠨ ᠵᠢᠷᠭᠤᠭ᠎ᠠ︶ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ | 30᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠤ | ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠲᠥᠯᠥᠪᠵᠢᠭᠦᠯᠭᠡ ᠶᠢ ᠲᠣᠭᠲᠠᠭᠠᠬᠤ ᠳᠠᠭᠠᠨ ᠠᠵᠤ ᠠᠬᠤᠶᠢᠯᠠᠯ ᠤᠨ | ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ | ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ᠃ | ︵ᠠᠷᠪᠠᠨ ᠳᠣᠯᠤᠭ᠎ᠠ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ | 31᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠰᠣᠨᠢᠨ | ᠮᠡᠳᠡᠭᠡᠨ ᠤ ᠵᠠᠭᠤᠴᠢᠯᠠᠭᠤᠷ ᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠣᠨᠣᠪᠴᠢᠲᠠᠶ ᠤᠬᠠᠭᠤᠯᠬᠤ ᠪᠠ ᠬᠦᠷᠭᠡᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ | ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠶ᠃ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠬᠢᠬᠦ ᠶᠠᠪᠤᠳᠠᠯ ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ︔ ᠡᠭᠦᠨ ᠠᠴᠠ ᠡᠮᠦᠨ᠎ᠡ ᠨᠡᠶᠢᠲᠡᠯᠡᠭᠰᠡᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠨᠢ | ᠲᠤᠰ ᠠᠷᠭ᠎ᠠ ᠬᠡᠮᠵᠢᠶ᠎ᠡ ᠲᠠᠢ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ᠃ |