ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠭᠠᠨᠰᠦ ᠪᠣᠯᠤᠨ ᠱᠠᠨᠰᠢ ᠶᠢᠨ ᠪᠤᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠳᠡᠰᠢ ᠬᠤᠪᠢᠷᠠᠭᠤᠯᠬᠤ ᠪᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠠᠵᠢᠯ ᠢ ᠲᠦᠷᠭᠡᠨ ᠰᠠᠶᠢᠲᠤᠷ ᠬᠢᠵᠦ᠂ ᠰᠣᠶᠣᠯ ᠤᠨ ᠥᠪ ᠤᠨ ᠪᠦᠬᠦᠯᠢ ᠴᠣᠭᠴᠠᠲᠤ᠂ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠠᠮᠠᠭᠠᠯᠠᠯᠲᠠ ᠶᠢᠨ ᠭᠤᠣᠯᠳᠠᠯᠭ᠎ᠠ ᠨᠢ ᠬᠠᠮᠠᠭᠠᠯᠠᠬᠤ ᠳᠤ ᠪᠠᠶᠢᠬᠤ᠂ ᠵᠠᠰᠠᠬᠤ ᠳᠤ ᠪᠠᠶᠢᠬᠤ ᠴᠢᠬᠤᠯᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠡᠯ᠎ᠡ ᠲᠥᠷᠥᠯ ᠤᠨ ᠠᠰᠠᠭᠤᠳᠠᠯ ᠢ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠬᠠᠲᠤᠨ ᠭᠤᠣᠯ ᠤᠨ ︽ᠳᠣᠬᠤᠢ ᠶᠢᠨ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠠᠯᠠᠱᠠ ᠶᠢᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠠᠷᠠᠯᠲᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠬᠦ ᠬᠡᠷᠡᠭᠲᠡᠢ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠬᠢᠯᠡᠬᠦ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠤᠨ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠳᠠᠯᠪᠢᠬᠤ᠂ ᠤᠯᠤᠰ ᠲᠦᠷᠦ ᠶᠢᠨ ᠵᠦᠪᠯᠡᠯᠭᠡ ᠬᠢᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠳᠤᠮᠳᠠ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠰᠣᠳᠣ ᠮᠡᠷᠭᠡᠨ ᠦᠭᠡ ᠶᠢ ᠢᠯᠡᠭᠦᠬᠡᠨ ᠶᠠᠷᠢᠵᠤ᠂ ᠪᠣᠳᠠᠲᠠᠢ ᠶᠢ ᠡᠷᠬᠢᠮᠯᠡᠬᠦ ᠪᠤᠳᠤᠯᠭ᠎ᠠ ᠶᠢ ᠢᠯᠡᠭᠦᠬᠡᠨ ᠳᠡᠪᠰᠢᠭᠦᠯᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠠᠮᠢᠳᠤᠷᠠᠯ ᠲᠠᠢ ᠣᠶ᠋ᠯᠠᠳᠣᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠠᠬᠢᠯᠭ᠎ᠠ ᠪᠠᠲᠤ ᠶᠢ ᠰᠤᠷᠴᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠥᠷᠭᠡᠨ ᠤᠯᠠᠨ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ︽ᠨᠢᠭᠡ ᠵᠢᠱᠢᠶ᠎ᠡ ᠦᠵᠡᠭᠦᠯᠬᠦ ᠠᠶᠢᠮᠠᠭ᠂ ᠲᠠᠪᠤᠨ ᠶᠡᠭᠡ ᠰᠠᠭᠤᠷᠢᠨ ᠭᠠᠵᠠᠷ᠂ ᠲᠤᠯᠤᠭᠠᠨ ᠶᠡᠭᠡ ᠢᠨᠵᠧᠨᠧᠷᠢᠩ︾ ᠤᠨ ᠠᠵᠢᠯ ᠤᠨ ᠠᠬᠢᠴᠠ ᠶᠢᠨ ᠪᠠᠶᠢᠳᠠᠯ ᠢ ᠳᠣᠭᠢᠷᠠᠭᠤᠯᠤᠨ ᠠᠬᠢᠭᠤᠯᠵᠤ᠂ ᠰᠡᠳᠬᠢᠮᠵᠢ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠠᠬᠢᠭᠤᠯᠤᠯᠲᠠ ᠪᠠᠨ ᠨᠡᠮᠡᠭᠳᠡᠭᠦᠯᠵᠦ᠂ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠰᠤᠳᠤᠯᠤᠨ ᠲᠥᠯᠥᠪᠵᠢᠭᠦᠯᠬᠦ ᠪᠠᠨ ᠴᠢᠩᠭᠠᠳᠬᠠᠵᠤ ᠂ ︽ᠶᠠᠮᠠᠷ ᠬᠠᠷᠠᠯᠲᠠ ᠶᠢ ᠪᠡᠶᠡᠯᠡᠭᠦᠯᠬᠦ᠂ ᠭᠤᠣᠯᠳᠠᠯᠭ᠎ᠠ ᠲᠠᠢ ᠪᠠᠷ ᠶᠠᠭᠤ ᠶᠢ ᠬᠢᠬᠦ᠂ ᠶᠠᠮᠠᠷ ᠦᠷ᠎ᠡ ᠪᠦᠲᠦᠮᠵᠢ ᠳᠤ ᠬᠦᠷᠬᠦ︾ ᠶᠢ ᠴᠢᠩᠭ᠎ᠠ ᠠᠳᠬᠤᠵᠤ᠂ ᠬᠠᠷᠠᠯᠲᠠ ᠪᠠ ᠠᠴᠢᠶᠠᠯᠠᠪᠤᠷᠢ ᠶᠢ ᠱᠠᠳᠤ ᠬᠤᠪᠢᠶᠠᠨ ᠲᠥᠯᠥᠪᠵᠢᠭᠦᠯᠦᠨ ᠲᠣᠭᠲᠠᠭᠠᠵᠤ᠂ ᠪᠣᠳᠠᠲᠠᠢ ᠬᠡᠷᠡᠭᠵᠢᠭᠦᠯᠵᠦ ᠪᠣᠯᠬᠤᠶᠢᠴᠠ ᠡᠭᠦᠷᠭᠡ ᠶᠢᠨ ᠨᠠᠷᠢᠨ ᠲᠠᠩᠰᠠ ᠶᠢ ᠪᠦᠷᠢᠯᠳᠦᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠠᠷᠢᠨ ᠨᠢᠮᠪᠠᠢ ᠨᠥᠭᠡᠴᠡᠯᠡᠵᠦ ᠪᠠᠶᠢᠭᠠᠳ ᠲᠦᠷᠦᠯ ᠵᠦᠢᠯ ᠢ ᠲᠡᠮᠡᠴᠡᠨ ᠣᠯᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠪᠦᠬᠦ ᠬᠦᠴᠦᠨ ᠢᠶᠠᠷ ᠢᠶᠠᠨ ᠲᠤᠬᠢᠷᠠᠭᠤᠯᠭ᠎ᠠ ᠶᠢ ᠠᠳᠬᠤᠵᠤ᠂ ᠦᠢᠯᠡᠴᠢᠯᠡᠭᠡ ᠶᠢ ᠠᠳᠬᠤᠵᠤ᠂ ᠨᠢᠭᠡᠳᠦᠯᠲᠡᠢ ᠪᠦᠷᠢᠳᠬᠡᠬᠦ ᠶᠢ ᠠᠳᠬᠤᠵᠤ᠂ ᠪᠡᠯᠡ ᠣᠷᠣᠭᠤᠯᠤᠯᠲᠠ ᠶᠢᠨ ᠬᠡᠮᠵᠢᠶ᠎ᠡ᠂ ᠪᠣᠳᠠᠲᠤ ᠪᠣᠳᠠᠰ ᠤᠨ ᠬᠡᠮᠵᠢᠶ᠎ᠡ᠂ ᠠᠵᠢᠯ ᠤᠨ ᠬᠡᠮᠵᠢᠶ᠎ᠡ ᠶᠢ ᠴᠥᠮ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠰᠡᠳᠬᠢᠴᠡ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠳᠤ ᠵᠣᠷᠢᠭᠲᠠᠢ ᠪᠠᠷ ᠰᠢᠨ᠎ᠡ ᠶᠢ ᠡᠭᠦᠳᠴᠦ᠂ ᠪᠡᠷᠭᠡ ᠶᠢ ᠳᠠᠪᠠᠨ ᠬᠠᠷᠰᠢ ᠰᠠᠭᠠᠳ ᠢ ᠠᠷᠢᠯᠭᠠᠵᠦ᠂ ᠨᠡᠩ ᠤᠯᠠᠨ ᠠᠯᠠᠱᠠ ᠶᠢᠨ ᠣᠨᠴᠠᠯᠢᠭ ᠲᠠᠢ ᠬᠢᠯᠠᠯᠵᠠᠭᠰᠠᠨ ᠠᠮᠵᠢᠯᠳᠠ ᠶᠢ ᠴᠢᠷᠮᠠᠶᠢᠨ ᠣᠯᠵᠦ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠮᠠᠨ ᠤ ᠠᠶᠢᠮᠠᠭ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠪᠠ ᠨᠥᠭᠡᠴᠡᠯᠡᠬᠦ ᠵᠡᠷᠭᠡ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠴᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠢ ᠴᠢᠩᠭᠠᠳᠬᠠᠬᠤ᠂ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号