︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ︵ᠲᠤᠷᠤᠬᠰᠢ ︽ᠭᠡᠷᠡᠭᠵᠢᠭᠦᠯᠬᠦ ᠠᠷᠭ᠎ᠠ︾ ᠭᠡᠵᠦ ᠲᠦᠭᠦᠮᠴᠢᠯᠡᠨ᠎ᠡ︶ ᠶᠢ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃    ︽ᠬᠡᠷᠡᠭᠵᠢᠭᠦᠯᠬᠦ ᠠᠷᠭ᠎ᠠ︾ ᠨᠢ ᠥᠩᠭᠡᠷᠡᠭᠰᠡᠨ ᠤ 9 ᠪᠦᠯᠦᠭ 48 ᠵᠦᠢᠯ ᠪᠠᠶᠢᠭᠰᠠᠨ ᠠᠴᠠ ᠨᠡᠮᠡᠭᠳᠡᠭᠡᠳ 10 ᠪᠦᠯᠦᠭ 70 ᠵᠦᠢᠯ ᠪᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠶᠢ ᠪᠠᠷᠢᠮᠲᠠᠯᠠᠬᠤ᠂ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠ ᠬᠡᠷᠡᠭᠵᠢᠭᠦᠯᠦᠬᠦᠰᠢᠳᠡᠢ ᠴᠢᠨᠠᠷ ᠢ ᠴᠢᠩᠭᠠᠳᠬᠠᠬᠤ ᠶᠢ ᠪᠠᠷᠢᠮᠲᠠᠯᠠᠬᠤ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠᠬᠢ ᠭᠤᠣᠯᠳᠠᠯᠭ᠎ᠠ ᠲᠠᠢ ᠠᠰᠠᠭᠤᠳᠠᠯ ᠢ ᠲᠤᠪᠤᠶᠢᠯᠭᠠᠨ ᠰᠢᠢᠳᠪᠦᠷᠢᠯᠡᠬᠦ ᠵᠡᠷᠭᠡ 4 ᠶᠡᠭᠡ ᠲᠠᠯ᠎ᠠ ᠠᠴᠠ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ᠃    ︽ᠬᠡᠷᠡᠭᠵᠢᠭᠦᠯᠬᠦ ᠠᠷᠭ᠎ᠠ︾ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠲᠥᠰᠦᠪ ᠲᠡᠭᠡᠨ ᠣᠷᠣᠭᠤᠯᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠶᠢ ᠦᠨᠡᠯᠡᠨ ᠵᠢᠱᠢᠬᠦ ᠠᠵᠢᠯ ᠥᠷᠨᠢᠭᠦᠯᠬᠦ ᠪᠠ ᠬᠦᠢᠰᠦ ᠶᠢᠨ ᠢᠯᠭᠠᠯ ᠤᠨ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠤᠨ ᠲᠠᠯ᠎ᠠ ᠪᠠᠷ᠂ ︽ᠬᠡᠷᠡᠭᠵᠢᠭᠦᠯᠬᠦ ᠠᠷᠭ᠎ᠠ︾ ᠳᠤ ᠠᠵᠢᠯ ᠣᠯᠭᠤᠯᠲᠠ ᠶᠢᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠤᠨ ᠪᠠᠶᠢᠳᠠᠯ ᠢ ᠭᠤᠤᠯᠳᠠᠯᠭ᠎ᠠ ᠲᠠᠢ ᠲᠣᠳᠣᠷᠬᠠᠶᠢᠯᠠᠵᠤ᠂ ᠡᠮᠡᠭᠲᠡᠶ ᠠᠵᠢᠯᠲᠠᠨ ᠠᠵᠢᠯᠴᠢᠨ ᠤ ᠬᠥᠳᠡᠯᠮᠦᠷᠢ ᠶᠢᠨ ᠭᠡᠷ᠎ᠡ᠂ ᠨᠡᠶᠢᠳᠡ ᠶᠢᠨ ᠭᠡᠷ᠎ᠡ᠂ ︽ᠳᠥᠷᠪᠡᠨ ᠬᠤᠭᠤᠴᠠᠭᠠᠨ︾ ᠳᠠᠬᠢ ᠣᠨᠴᠠᠭᠠᠶ ᠬᠠᠮᠠᠭᠠᠯᠠᠯᠲᠠ ᠶᠢᠨ ᠲᠣᠭᠲᠠᠭᠠᠯ ᠢ ᠨᠠᠷᠢᠯᠢᠬᠵᠢᠭᠤᠯᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠠᠵᠢᠯ ᠤᠨ ᠪᠠᠶᠢᠷᠢ ᠳᠤ ᠪᠠᠶᠢᠭ᠎ᠠ ᠡᠮᠡᠭᠲᠡᠶ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠤᠨ ᠪᠠᠷᠢᠮᠵᠢᠶ᠎ᠠ ᠶᠢ ᠬᠥᠳᠡᠯᠦᠩᠭᠦᠶ ᠪᠠᠷ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠵᠤ ᠬᠥᠮᠦᠵᠢᠭᠦᠯᠬᠦ᠂ ᠡᠮᠡᠭᠲᠡᠶ ᠺᠠᠳ᠋ᠷ ᠢ ᠲᠠᠨᠢᠯᠴᠠᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠳᠣᠪᠤᠶᠢᠯᠭᠠᠨ ᠴᠢᠬᠤᠯᠠᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠨᠠᠰᠤᠨ ᠳᠤ ᠥᠯᠥ ᠬᠦᠷᠦᠭᠰᠡᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠬᠤ ᠵᠡᠷᠭᠡ ᠶᠢ ᠪᠦᠲᠦᠭᠡᠯᠴᠢ ᠪᠠᠷ ᠳᠤᠷᠠᠳᠤᠬᠰᠠᠨ ᠪᠠᠶᠢᠨ᠎ᠠ᠃    ᠲᠤᠰ ︽ᠬᠡᠷᠡᠭᠵᠢᠭᠦᠯᠬᠦ ᠠᠷᠭ᠎ᠠ︾ ᠶᠢ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号