ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ 9 ᠰᠠᠷ᠎ᠠ ᠶᠢᠨ 26 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃    ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠭᠡᠵᠦ᠂ ᠣᠳᠣᠬᠠᠨ ᠤ ᠠᠵᠤ ᠠᠬᠤᠢ ᠶᠢᠨ ᠠᠵᠢᠯ ᠢ ᠨᠡᠩ ᠯᠠᠪᠳᠠᠭᠤᠨ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠨᠠᠷᠢᠨ ᠬᠢᠨᠠᠮᠠᠭᠠᠢ ᠰᠤᠳᠤᠯᠤᠨ ᠨᠢᠭᠲᠠ ᠮᠥᠷᠳᠡᠵᠦ᠂ ᠰᠠᠨᠠᠭᠠᠴᠢᠯᠠᠭ᠎ᠠ ᠠᠴᠠ ᠪᠠᠨ ᠠᠵᠠ ᠲᠣᠬᠢᠶᠠᠯ ᠡᠷᠢᠵᠦ᠂ ᠳᠡᠮᠵᠢᠯᠭᠡ ᠡᠷᠢᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠬᠠᠨᠳᠤᠯᠭᠠᠲᠤ ᠴᠢᠨᠠᠷᠲᠠᠢ ᠰᠠᠶᠢᠲᠤᠷ ᠤᠬᠠᠭᠠᠯᠠᠨ ᠳᠦᠯᠦᠪᠯᠡᠬᠦ ᠬᠡᠷᠡᠭᠲᠡᠢ᠃ ᠬᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠴᠠᠬ ᠲᠠᠭᠠᠨ ᠠᠰᠠᠷ ᠢᠶᠠᠨ ᠳᠤᠰᠢᠶᠠᠬᠤ ᠶᠢ ᠪᠠᠳᠤᠯᠠᠬᠤ ᠠᠵᠢᠯ ᠢ ᠡᠷᠡᠰ ᠰᠠᠶᠢᠲᠤᠷ ᠬᠢᠬᠦ ᠬᠡᠷᠡᠭᠳᠡᠢ᠃ ᠣᠳᠣᠬᠠᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠢᠷᠤᠮᠵᠢᠭᠤᠯᠤᠨ ᠥᠨᠳᠥᠷ ᠪᠦᠲᠦᠮᠵᠢᠲᠡᠶ ᠪᠠᠷ ᠥᠷᠨᠢᠭᠦᠯᠬᠦ ᠬᠡᠷᠡᠭᠳᠡᠢ᠃ ᠠᠷᠠᠳ ᠤᠨ ᠠᠮᠢᠳᠤᠷᠠᠯ ᠢ ᠯᠠᠪᠳᠠᠭᠤᠨ ᠪᠠᠲᠤᠲᠠᠶ ᠪᠠᠲᠤᠯᠠᠨ ᠰᠠᠶᠢᠵᠢᠷᠠᠭᠤᠯᠵᠤ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠪᠠ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ ᠶᠢ ᠰᠠᠶᠢᠲᠤᠷ ᠠᠳᠬᠤᠬᠤ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠢ ᠬᠥᠲᠥᠯᠪᠦᠷᠢ ᠪᠣᠯᠭᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠬᠤᠷᠠᠭᠰᠠᠨ᠂ ᠬᠠᠷᠢᠯᠴᠠᠭ᠎ᠠ ᠥᠷᠭᠡᠨ ᠳᠡᠯᠭᠡᠷ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠭᠤᠷᠢᠨ ᠳᠤ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠳᠡᠢ᠃ ᠪᠦᠯᠬᠦᠮᠳᠡᠨ ᠲᠡᠮᠡᠴᠡᠬᠦ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠬᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠳᠣᠣᠱᠯᠠᠭᠤᠯᠬᠤ ᠶᠢ ᠡᠯ᠎ᠡ ᠵᠦᠢᠯ ᠤᠨ ᠠᠵᠢᠯ ᠳᠠᠭᠠᠨ ᠦᠨᠡᠨ ᠪᠣᠳᠠᠲᠠᠢ ᠢᠯᠡᠷᠡᠭᠦᠯᠬᠦ ᠬᠡᠷᠡᠭᠲᠡᠢ᠃ ᠠᠵᠢᠯ ᠤᠨ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠠᠴᠠ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠬᠦ ᠲᠠᠯ᠎ᠠ ᠶᠢᠨ ᠠᠵᠢᠯ ᠤᠨ ᠳᠤᠮᠳᠠ ᠲᠠᠯᠪᠢᠵᠤ ᠤᠬᠠᠭᠠᠯᠠᠨ ᠳᠦᠯᠦᠪᠯᠡᠵᠥ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢᠶᠠᠨ ᠥᠷᠨᠢᠭᠦᠯᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ᠃ ᠰᠠᠨᠰᠠᠷ ᠤᠨ ᠠᠶᠠᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠦᠢᠷ᠎ᠠ ᠣᠭᠲᠠᠷᠭᠤᠢ ᠶᠢᠨ ᠠᠵᠤ ᠠᠬᠤᠢ ᠶᠢ ᠲᠦᠷᠭᠡᠨ ᠬᠥᠭᠵᠢᠭᠦᠯᠵᠦ᠂ ᠥᠪᠥᠷ ᠮᠣᠩᠭᠤᠯ ᠤᠨ ︽ᠰᠠᠨᠰᠠᠷ ᠤᠨ ᠠᠶᠠᠯᠠᠯ ᠤᠨ ᠦᠯᠢᠭᠡᠷ︾ ᠢ ᠰᠠᠶᠢᠲᠤᠷ ᠶᠠᠷᠢᠬᠤ ᠬᠡᠷᠡᠭᠳᠡᠢ ᠬᠡᠵᠥ ᠴᠢᠬᠤᠯᠠᠴᠢᠯᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠬᠤ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠵᠠᠭᠤᠴᠢᠯᠠᠭᠤᠷ ᠤᠨ ᠲᠤᠰᠬᠠᠶ ᠮᠡᠷᠭᠡᠵᠢᠯ ᠤᠨ ᠰᠤᠷᠭᠠᠭᠤᠯᠢ ᠡᠷᠭᠢᠯᠡᠬᠦ ᠶᠢ ᠠᠬᠢᠭᠤᠯᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号