ᠠᠯᠠᠱᠠ ᠵᠡᠭᠦᠨ ᠬᠤᠰᠢᠭᠤ ᠣᠷᠴᠢᠨ ᠲᠣᠭᠤᠷᠢᠨ ᠢ ᠴᠡᠭᠴᠡᠯᠡᠨ ᠵᠠᠰᠠᠵᠣ ᠬᠤᠲᠠ ᠶᠢᠨ ᠳᠦᠷᠢ ᠳᠦᠷᠬᠦ ᠶᠢ ᠰᠠᠶᠢᠵᠢᠷᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2024/9/3
    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ᠲᠢᠶᠠᠨ ᠢ ᠣᠷᠳᠣᠨ ᠰᠠᠭᠤᠭᠠᠯᠢ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠡᠢ᠃    ᠲᠢᠶᠠᠨ ᠢ ᠣᠷᠳᠣᠨ ᠰᠠᠭᠤᠭᠠᠯᠢ ᠲᠤᠭᠤᠷᠢᠭ ᠤᠨ ᠪᠠᠷᠠᠭᠤᠨ ᠲᠠᠯ᠎ᠠ ᠳᠤ ᠪᠠᠶᠢᠭᠰᠠᠨ ᠬᠠᠶᠢᠷ ᠴᠢᠯᠠᠭᠤ ᠲᠠᠢ ᠡᠩᠬᠦᠯ ᠳᠤᠩᠬᠤᠯ ᠭᠠᠵᠠᠷ ᠨᠢ ᠣᠲᠣ ᠨᠢᠭᠡᠨᠲᠡ ᠳᠡᠭᠰᠢ ᠪᠣᠯᠵᠣ᠂ ᠬᠤᠳᠠᠯᠳᠤᠭᠠᠨ ᠤ ᠳᠡᠯᠭᠡᠬᠦᠷ ᠤᠨ ᠡᠮᠣᠨᠡᠬᠢ ᠲᠡᠷᠭᠡ ᠵᠣᠭᠰᠣᠭᠠᠬᠤ ᠭᠠᠵᠠᠷ ᠢ ᠵᠢᠷᠤᠵᠤ ᠭᠠᠷᠭᠠᠭᠠᠳ ᠲᠤᠷ᠎ᠠ ᠪᠠᠷ ᠳᠡᠷᠭᠡ ᠵᠣᠭᠰᠣᠬᠤ ᠠᠰᠠᠭᠤᠳᠠᠯ ᠢ ᠰᠢᠢᠳᠪᠦᠷᠢᠯᠡᠵᠡᠢ᠃ ᠪᠥᠬᠦ ᠲᠠᠯ᠎ᠠ ᠪᠠᠷ ᠴᠡᠭᠴᠡᠯᠡᠨ ᠵᠠᠰᠠᠬᠤ ᠪᠠᠷ ᠳᠡᠮᠵᠢᠨ᠂ ᠣᠷᠴᠢᠨ ᠲᠣᠭᠤᠷᠢᠨ ᠰᠠᠶᠢᠵᠢᠷᠠᠭᠰᠠᠨ ᠢᠶᠠᠷ ᠪᠠᠷᠠᠬᠤ ᠦᠭᠡᠢ᠂ ᠣᠯᠠᠨ ᠲᠦᠮᠡᠨ ᠴᠦ ᠣᠷᠴᠢᠨ ᠲᠣᠭᠤᠷᠢᠨ ᠤ ᠠᠷᠢᠭᠤᠨ ᠴᠡᠪᠡᠷ ᠢ ᠠᠶᠠᠨᠳᠠᠭᠠᠨ ᠬᠠᠮᠠᠭᠠᠯᠠᠵᠤ ᠡᠬᠢᠯᠡᠭᠰᠡᠨ ᠪᠠᠶᠢᠨ᠎ᠠ᠃    ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠳᠤ ᠨᠡᠶᠢᠲᠡ ᠵᠠᠭᠤ ᠭᠠᠷᠤᠢ ᠬᠥᠮᠥᠨ ᠣᠷᠣᠯᠴᠠᠵᠣ᠂ 7 ᠲᠡᠷᠬᠡ ᠮᠠᠰᠢᠨ ᠢ ᠬᠥᠳᠡᠯᠭᠡᠵᠦ᠂ ᠨᠡᠶᠢᠲᠡ 25 ᠲᠣᠨ ᠰᠢᠬᠠᠮ ᠴᠢᠯᠠᠭᠤ ᠶᠢ ᠴᠡᠪᠡᠷᠯᠡᠨ᠂ ᠡᠷᠡᠭᠦᠯ ᠬᠠᠮᠠᠭᠠᠯᠠᠯ  ᠤᠨ ᠪᠠᠶᠢᠳᠠᠯ  ᠢ ᠢᠯᠡᠳᠲᠡ ᠰᠠᠶᠢᠵᠢᠷᠠᠭᠤᠯᠵᠤ᠂ ᠣᠷᠴᠢᠨ ᠳᠣᠭᠤᠷᠢᠨ  ᠤ ᠳᠦᠷᠰᠦ ᠪᠠᠶᠢᠳᠠᠯ  ᠢ ᠴᠡᠪᠡᠷ ᠰᠠᠶᠢᠬᠠᠨ ᠪᠣᠯᠭᠠᠵᠡᠢ᠃    ᠠᠯᠠᠱᠠ ᠵᠡᠭᠦᠨ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠲᠢᠩ ᠲᠢᠩ᠄ ︽ᠳᠠᠭᠠᠭᠠᠴᠢᠯᠠᠨ ᠬᠠᠷᠢᠯᠴᠠᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠣᠣᠷ ᠰᠦᠯᠵᠢᠶᠡᠨ ᠤ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠵᠡᠢ᠃ ᠪᠢᠳᠡ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠦᠷᠨᠢᠬᠦᠯᠣᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠳᠤ ᠬᠤᠪᠢ ᠨᠡᠮᠡᠷᠢ ᠪᠠᠨ ᠦᠵᠡᠬᠦᠯᠵᠣ ᠶᠠᠪᠣᠨ᠎ᠠ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号