ᠠᠯᠠᠱᠠ᠄ ︽ᠰᠢᠨ᠎ᠡ︾ ᠶᠢ ᠬᠦᠴᠦᠯᠡᠵᠦ ᠠᠵᠤ ᠦᠢᠯᠡᠳᠪᠦᠷᠢ ᠶᠢ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2024/9/3
    ᠮᠠᠨ ᠤ ᠠᠶᠢᠮᠠᠭ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠴᠠᠬᠢᠯᠭᠠᠨ ᠤ ᠳᠠᠪᠠᠭᠤᠯᠢᠭ ᠢ ᠳᠣᠪᠤᠶᠢᠯᠭᠠᠨ᠂ ᠲᠤᠯᠭᠠᠭᠤᠷᠢ ᠠᠵᠤ ᠦᠢᠯᠡᠰ ᠤᠨ ᠲᠠᠰ ᠳᠡᠪᠰᠢᠬᠦ᠂ ᠭᠤᠤᠯᠯᠠᠬᠤ ᠠᠵᠤ ᠦᠢᠯᠡᠰ ᠤᠨ ᠲᠠᠰ ᠳᠡᠪᠰᠢᠬᠦ ᠶᠢ ᠶᠡᠭᠡ ᠪᠠᠷ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠡᠷᠬᠢᠯᠲᠠ ᠳᠤ ᠲᠣᠬᠢᠷᠠᠭᠤᠯᠤᠯᠲᠠ ᠬᠢᠬᠦ ᠶᠢ ᠴᠢᠩᠭᠠᠳᠬᠠᠭᠰᠠᠨ ᠢᠶᠠᠷ᠂ ᠠᠯᠢ ᠣᠯᠠᠨ ᠰᠢᠨ᠎ᠡ ᠦᠢᠯᠡᠳᠬᠦ ᠦᠢᠯᠡᠰ᠂ ᠰᠢᠨ᠎ᠡ ᠠᠵᠤ ᠦᠢᠯᠡᠰ ᠲᠠᠰᠤᠷᠠᠯᠲᠠ ᠥᠬᠡᠶ ᠴᠣᠯᠭᠤᠷᠠᠨ ᠭᠠᠷᠴᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃    ᠠᠯᠠᠱᠠ ᠠᠶᠢᠮᠠᠭ ᠤᠨ ᠷᠧᠨ ᠾᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠠᠵᠢᠯᠲᠠᠨ ᠶᠠᠭ ᠰᠤᠪᠤᠷᠭᠠᠨ ᠲᠦᠩᠰᠡ ᠶᠢ ᠱᠠᠯᠠᠪᠳᠠᠨ ᠦᠢᠯᠡᠳᠴᠦ ᠪᠠᠶᠢᠯ᠎ᠠ᠂ ᠲᠣᠰ ᠺᠣᠮᠫᠠᠨᠢ ᠪᠣᠯ ᠰᠢᠨ᠎ᠡ ᠡᠨᠧᠷᠭᠢ ᠶᠢᠨ ᠠᠵᠢᠯ ᠲᠥᠷᠥᠯ ᠤᠨ ᠰᠢᠨ᠎ᠡ ᠪᠠᠷ ᠮᠠᠨᠳᠤᠭᠰᠠᠨ ᠰᠢᠨᠵᠢᠯᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠦᠢᠯᠡᠳᠬᠦ ᠠᠵᠤ ᠠᠬᠤᠶᠢᠯᠠᠯ ᠪᠣᠯᠤᠨ᠎ᠠ᠂ ᠭᠤᠤᠯᠳᠠᠯᠭ᠎ᠠ ᠲᠠᠢ ᠡᠵᠡᠩᠨᠡᠬᠦ ᠠᠵᠢᠯ ᠲᠦᠷᠦᠯ ᠨᠢ ᠰᠠᠯᠬᠢᠨ ᠬᠦᠴᠦᠨ ᠤ ᠴᠠᠬᠢᠯᠭᠠᠨ ᠤ ᠰᠤᠪᠤᠷᠭᠠᠨ ᠲᠦᠩᠰᠡ᠂ ᠰᠠᠯᠬᠢᠨ ᠬᠦᠴᠦᠨ ᠤ ᠮᠠᠰᠢᠨ ᠤ ᠰᠡᠯᠪᠢᠭ ᠲᠣᠨᠤᠭ ᠵᠢᠴᠢ ᠬᠡᠷᠡᠯ ᠢᠯᠴᠢ ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ᠂ ᠠᠵᠢᠯᠯᠠᠭᠤᠯᠬᠤ ᠪᠠ ᠬᠠᠮᠠᠭᠠᠯᠠᠬᠤ ᠬᠢᠭᠡᠳ ᠪᠤᠬᠢᠷᠳᠤᠯ ᠦᠬᠡᠢ ᠴᠠᠬᠢᠯᠭᠠᠨ ᠥᠷᠲᠡᠭᠡᠨ ᠤ ᠪᠥᠲᠥᠭᠡᠨ ᠪᠠᠶᠢᠭᠤᠯᠤᠯᠲᠠ ᠵᠡᠷᠭᠡ ᠶᠢ ᠪᠠᠭᠲᠠᠭᠠᠵᠤ᠂ ᠪᠠᠷᠠᠭᠤᠨ ᠬᠤᠶᠢᠲᠤ ᠣᠷᠣᠨ ᠤ ᠬᠠᠮᠤᠭ ᠤᠨ ᠬᠡᠪᠴᠢᠶᠡᠵᠢᠭᠰᠡᠨ᠂ ᠬᠠᠮᠤᠭ ᠤᠨ ᠲᠡᠷᠢᠭᠦᠨ ᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠤᠪᠤᠷᠭᠠᠨ ᠵᠢᠶᠠᠰᠠ ᠶᠢᠨ ᠲᠤᠰᠬᠠᠶ ᠦᠢᠯᠡᠳᠬᠦ ᠠᠵᠤ ᠠᠬᠤᠶᠢᠯᠠᠯ ᠪᠠᠶᠢᠵᠤ᠂ ᠦᠢᠯᠡᠳᠬᠦᠨ ᠨᠢ ᠥᠪᠥᠷ ᠮᠣᠩᠭᠤᠯ᠂ ᠨᠢᠩᠰᠢᠶᠠ᠂ ᠭᠠᠨᠰᠦ᠂ ᠰᠢᠨᠵᠢᠶᠠᠩ ᠵᠡᠷᠭᠡ ᠣᠷᠣᠨ ᠪᠦᠰᠡ ᠶᠢ ᠬᠠᠮᠤᠷᠴᠠᠶ᠃ ᠡᠨᠡ ᠵᠢᠯ᠂ ᠮᠠᠨ ᠤ ᠠᠶᠢᠮᠠᠭ ᠰᠠᠯᠬᠢᠨ ᠬᠦᠴᠦᠨ ᠤ ᠴᠠᠬᠢᠯᠭᠠᠨ᠂ ᠬᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠬᠤ ᠶᠢᠨ ᠬᠠᠮᠲᠤ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠤᠯᠪᠣᠭᠳᠠᠯ ᠪᠥᠬᠦᠶ ᠠᠵᠤ ᠦᠢᠯᠡᠰ ᠢ ᠬᠥᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠭᠠᠪᠠ᠃    ᠣᠶᠢᠷ᠎ᠠ ᠶᠢᠨ ᠵᠢᠯ ᠳᠤ᠂ ᠮᠠᠨ ᠤ ᠠᠶᠢᠮᠠᠭ ᠪᠦᠲᠦᠴᠡ ᠳᠤ ᠲᠣᠬᠢᠷᠠᠭᠤᠯᠤᠯᠲᠠ ᠬᠢᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠣᠯᠭᠠᠪᠠ᠃ ᠥᠪᠥᠷ ᠮᠣᠩᠭᠤᠯ ᠤᠨ ᠴᠢᠩ ᠬᠤᠸᠠ ᠪᠦᠯᠦᠭᠯᠡᠯ ᠤᠨ ᠴᠢᠩ ᠬᠤᠸᠠ ᠨᠡᠭᠦᠷᠡᠰᠦ ᠬᠢᠮᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 2*100 ᠲᠦᠮᠡᠨ ᠲᠣᠨ ᠬᠡᠦᠷᠰᠢᠭᠦᠯᠬᠦ 4.3 ᠮᠧᠲᠷ ᠤᠨ ᠬᠡᠤᠷᠰᠢᠭᠦᠯᠬᠦ ᠵᠤᠤᠬ᠎ᠠ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠮᠠᠰᠢᠨ ᠲᠥᠬᠦᠭᠡᠷᠦᠮᠵᠢ ᠶᠢ ᠳᠡᠭᠡᠳᠦ ᠬᠤᠷᠳᠤᠴᠠ ᠪᠠᠷ ᠠᠵᠢᠯᠯᠠᠭᠤᠯᠵᠤ᠂ ᠲᠥᠷᠥᠯ ᠵᠦᠢᠯ ᠨᠢ ᠨᠢᠭᠡᠨᠲᠡ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠪᠠ᠃ ᠥᠪᠥᠷ ᠮᠣᠩᠭᠤᠯ ᠤᠨ ᠴᠢᠩ ᠬᠤᠸᠠ ᠪᠦᠯᠦᠭᠯᠡᠯ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠠᠵᠤ ᠦᠢᠯᠡᠰ ᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠳᠡᠮᠵᠢᠨ ᠵᠢᠯ ᠳᠤ 20 ᠲᠤᠨ ᠤ ᠭᠠᠷᠤᠯᠳᠠ ᠲᠠᠢ ᠥᠨᠳᠥᠷ ᠬᠠᠯᠠᠭᠤᠨ ᠨᠡᠭᠦᠷᠡᠰᠦᠨ ᠤ ᠬᠡᠤᠷᠡᠰᠦ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠪᠠ᠃ ᠡᠨᠡ ᠨᠢ ᠲᠣᠰ ᠺᠣᠮᠫᠠᠨᠢ ᠶᠢᠨ ᠰᠠᠭᠤᠷᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠠᠴᠠ ᠨᠠᠷᠢᠯᠢᠭ ᠬᠢᠮᠢ ᠶᠢᠨ ᠠᠵᠤ ᠦᠢᠯᠡᠳᠪᠦᠷᠢ ᠳᠠᠶᠢᠰᠢ ᠬᠡᠯᠪᠡᠷᠢ ᠪᠠᠨ ᠬᠤᠪᠢᠷᠠᠭᠤᠯᠤᠭᠰᠠᠨ ᠪᠠᠰᠠ ᠨᠢᠭᠡᠨ ᠰᠢᠨ᠎ᠡ ᠡᠭᠦᠳᠦᠯᠲᠡ ᠶᠢ ᠬᠠᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ︽ᠬᠥᠭᠰᠢᠨ ᠮᠣᠳᠣᠨ ᠠᠴᠠ ᠨᠠᠬᠢᠶᠠᠯᠠᠬᠤ︾ ᠶᠢ ᠪᠡᠶᠡᠯᠡᠭᠦᠯᠪᠡ᠃    ᠥᠪᠥᠷ ᠮᠣᠩᠭᠤᠯ ᠤᠨ ᠱᠧᠩ ᠱᠢ ᠬᠢᠮᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠠᠵᠢᠯᠴᠢᠳ ᠶᠠᠭ ᠰᠢᠨ᠎ᠡ ᠲᠥᠬᠦᠭᠡᠷᠦᠮᠵᠢ ᠶᠢᠨ ᠠᠵᠢᠯᠯᠠᠬᠤ ᠠᠴᠠ ᠡᠮᠦᠨᠡᠬᠢ ᠪᠠᠶᠢᠴᠠᠭᠠᠯᠲᠠ ᠶᠢ ᠬᠢᠵᠦ ᠪᠠᠶᠢᠪᠠ᠃ ᠣᠶᠢᠯᠠᠭᠠᠭᠰᠠᠨ ᠢᠶᠠᠷ᠂ ᠲᠣᠰ ᠺᠣᠮᠫᠠᠨᠢ ᠭᠤᠤᠯᠳᠠᠭᠤ ᠳᠦᠷᠰᠦ ᠪᠦᠲᠦᠭᠡᠬᠦ ᠡᠳ᠋ ᠤᠨ ᠰᠢᠷᠢᠰ ᠵᠠᠪᠰᠠᠷ ᠤᠨ ᠴᠣᠭᠴᠠ ᠶᠢ ᠤᠶᠢᠯᠡᠳᠪᠦᠷᠢᠯᠡᠵᠤ᠂ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠢᠶᠣᠨ ᠪᠤᠰᠤ ᠳᠦᠷᠰᠦ ᠪᠦᠲᠦᠭᠡᠬᠦ ᠡᠳ᠋ ᠢ ᠤᠯᠤᠰ ᠲᠠᠭᠠᠨ ᠦᠢᠯᠡᠳᠪᠦᠷᠢᠯᠡᠬᠦ ᠳᠤ ᠴᠢᠬᠤᠯᠠ ᠵᠠᠪᠰᠠᠷ ᠤᠨ ᠴᠣᠭᠴᠠ ᠶᠢᠨ ᠢᠷᠡᠯᠲᠡ ᠬᠠᠩᠭᠠᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠬᠤᠭᠤᠰᠣᠨ ᠢ ᠨᠥᠬᠦᠪᠥᠷᠢᠯᠡᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠪᠰᠠᠷ ᠤᠨ ᠴᠣᠭᠴᠠ ᠶᠢ ᠤᠯᠤᠰ ᠲᠠᠭᠠᠨ ᠦᠢᠯᠡᠳᠪᠦᠷᠢᠯᠡᠬᠦ ᠳᠤ ᠢᠳᠡᠪᠬᠢᠲᠡᠶ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠦᠭᠰᠡᠨ ᠪᠠᠶᠢᠨ᠎ᠠ᠃    ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠠᠬᠢᠭᠤᠯᠤᠯ ᠠᠴᠠ ᠰᠠᠯᠵᠤ ᠴᠢᠳᠠᠬᠤ ᠦᠭᠡᠶ ᠶᠤᠮ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠬᠢᠵᠦ ᠣᠷᠣᠨ ᠪᠦᠰᠡ ᠶᠢᠨ ᠠᠵᠤ ᠠᠬᠤᠶ ᠶᠢᠨ ᠳᠠᠪᠠᠯᠭᠠᠨ ᠢ ᠰᠦᠷᠦᠨ ᠤᠷᠤᠭᠰᠢᠯᠠᠬᠤ ᠶᠢ ᠠᠬᠢᠭᠤᠯᠬᠤ ᠶᠢᠨ ᠲᠥᠯᠥᠭᠡ᠂ ᠪᠥᠬᠦ ᠠᠶᠢᠮᠠᠭ ᠤᠨ ᠡᠯ᠎ᠡ ᠰᠠᠯᠠᠭ᠎ᠠ ᠮᠥᠴᠢᠷ ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠤ ᠠᠬᠤᠶᠢᠯᠠᠯ ᠪᠠ ᠲᠥᠷᠥᠯ ᠵᠦᠢᠯ ᠳᠤ ︽ᠠᠰᠠᠷᠠᠭᠴᠢ ᠮᠠᠶ᠋ᠢᠭ᠂ ᠮᠥᠷᠳᠡᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃    ᠡᠨᠡ ᠵᠢᠯ᠂ ᠪᠦᠬᠦ ᠠᠶᠢᠮᠠᠭ ᠲᠤ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠷᠥᠯ ᠤᠨ ᠭᠤᠣᠯᠳᠠᠯᠭ᠎ᠠ ᠲᠠᠢ ᠲᠥᠷᠥᠯ ᠵᠦᠢᠯ 59 ᠶᠢ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ 22 ᠲᠦᠷᠦᠯ ᠵᠦᠢᠯ ᠢ ᠦᠷᠭᠦᠯᠵᠢᠯᠡᠨ ᠪᠠᠶᠢᠭᠤᠯᠵᠤ᠂ 37 ᠶᠢ ᠨᠢ ᠰᠢᠨ᠎ᠡ ᠪᠠᠷ ᠪᠠᠶᠢᠭᠤᠯᠤᠨ᠂ ᠶᠡᠷᠦᠩᠬᠡᠢ ᠪᠡᠯᠡ ᠣᠷᠣᠭᠤᠯᠤᠯᠲᠠ 1561 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 160 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠪᠦᠬᠦ ᠠᠶᠢᠮᠠᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ᠂ ᠪᠡᠯᠡ ᠣᠷᠣᠭᠤᠯᠤᠯᠲᠠ ᠶᠢᠨ ᠲᠤᠭ᠎ᠠ ᠶᠢᠨ ︽ᠬᠤᠣᠰ ᠨᠡᠮᠡᠭᠳᠡᠯ︾  ᠢ ᠪᠡᠶᠡᠯᠡᠭᠦᠯᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号