ᠮᠠᠨ ᠤ ᠤᠷᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ ᠪᠤᠢ
ᠨᠡᠶᠢᠲᠡᠯᠡᠭᠰᠡᠨ ᠴᠠᠭ᠄
2024/9/3
    ᠤᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠮᠡᠳᠡᠭᠳᠡᠯ︾ ︵ᠲᠤᠤᠷ᠎ᠠ ︽ᠮᠡᠳᠡᠭᠳᠡᠯ︾ ᠭᠡᠵᠤ ᠲᠦᠬᠦᠮᠴᠢᠯᠡᠨ᠎ᠠ︶ ᠢ ᠳᠠᠷᠤᠮᠠᠯᠯᠠᠨ ᠲᠠᠷᠬᠠᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠬᠠᠤ ᠳᠤᠮᠳᠠᠬᠢ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠨᠳᠤᠰᠤᠨ ᠴᠢᠨᠠᠷᠲᠠᠶ᠂ ᠤᠷᠢᠳᠠᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠢᠯ ᠤᠨ ᠴᠠᠭ ᠠᠭᠤᠷ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠤᠨ᠎ᠠ ᠭᠡᠵᠤ ᠲᠤᠳᠤᠷᠬᠠᠶᠢᠯᠠᠪᠠ᠃    ︽ᠮᠡᠳᠡᠭᠳᠡᠯ︾ ᠳᠤ᠂ ᠮᠠᠨ ᠤ ᠤᠷᠤᠨ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠦᠲᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠤᠨ᠎ᠠ᠃ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠣᠰᠣᠭᠠᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠵᠦ᠂ ᠪᠤᠰᠤᠳ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ ᠪᠣᠯᠬᠤ ᠦᠭᠡᠶ︔ ᠳᠡᠭᠡᠳᠦ ᠲᠠᠰ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ︽ᠳᠠᠭᠤᠳᠠᠬᠤ︾ ᠲᠣᠭᠲᠠᠴᠠ ᠶᠢ ᠴᠢᠩᠭᠠᠷᠠᠭᠤᠯᠤᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠳᠡᠭᠡᠳᠦ ᠲᠠᠰ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ︽ᠳᠠᠭᠤᠳᠠᠬᠤ︾ ᠦᠢᠯᠡᠴᠢᠯᠡᠭᠡᠨ ᠤ ᠪᠠᠷᠢᠮᠵᠢᠶ᠎ᠠ ᠪᠣᠯᠤᠨ ᠠᠵᠢᠯ ᠤᠨ ᠳᠡᠰ ᠳᠠᠷᠠᠭᠠᠯᠠᠯ ᠶᠣᠰᠣᠭᠠᠷ ᠭᠠᠮᠰᠢᠭ ᠢ ᠰᠡᠷᠭᠡᠶᠢᠯᠡᠬᠦ ᠪᠠᠶᠢᠷᠢᠯᠠᠭᠤᠯᠤᠯᠲᠠ ᠶᠢᠨ ᠠᠵᠢᠯ ᠢ ᠴᠠᠭ ᠲᠤᠬᠠᠶ ᠳᠤᠨᠢ ᠰᠠᠶᠢᠲᠤᠷ ᠬᠢᠨ᠎ᠠ︔ ᠴᠠᠭ ᠠᠭᠤᠷ ᠤᠨ ᠰᠠᠯᠠᠭ᠎ᠠ ᠮᠥᠴᠢᠷ ᠠᠴᠠ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠨᠥᠯᠥᠭᠡᠯᠡᠭᠳᠡᠭᠰᠡᠨ ᠭᠠᠵᠠᠷ ᠣᠷᠣᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠱᠠᠲᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠨ᠎ᠠ︔ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠢᠴᠢᠶᠡᠯ ᠵᠣᠭᠰᠣᠬᠤ᠂ ᠠᠵᠢᠯ ᠵᠣᠭᠰᠣᠬᠤ᠂ ᠲᠡᠭᠡᠭᠡᠪᠦᠷᠢ ᠵᠣᠭᠰᠣᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠵᠡᠷᠭᠡ ᠳᠡᠰ᠂ ᠨᠥᠯᠥᠭᠡᠯᠡᠬᠦ ᠣᠷᠣᠨ ᠪᠦᠰᠡ ᠶᠢ ᠦᠨᠳᠦᠰᠦᠯᠡᠨ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠢᠬᠤᠯᠠ ᠲᠠᠢ ᠦᠶ᠎ᠡ ᠳᠤ ᠬᠢᠴᠢᠶᠡᠯ ᠵᠣᠭᠰᠣᠬᠤ᠂ ᠠᠵᠢᠯ ᠵᠣᠭᠰᠣᠬᠤ᠂ ᠲᠡᠭᠡᠭᠡᠪᠦᠷᠢ ᠵᠣᠭᠰᠣᠬᠤ ᠠᠷᠭ᠎ᠠ ᠬᠡᠮᠵᠢᠶ᠎ᠡ ᠶᠢ ᠡᠷᠡᠰ ᠰᠢᠭᠤᠷᠬᠠᠢ ᠠᠪᠤᠨ᠎ᠠ︔ ᠶᠡᠭᠡ ᠰᠢᠷᠦᠭᠦᠨ ᠪᠣᠷᠣᠭᠠᠨ᠂ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ ᠭᠡᠵᠤ ᠳᠤᠷᠠᠳᠪᠠ᠃    ︽ᠮᠡᠳᠡᠭᠳᠡᠯ︾ ᠳᠤ᠂ ᠡᠯ᠎ᠡ ᠭᠠᠵᠠᠷ ᠣᠷᠣᠨ ᠤ ᠬᠢᠨ ︽ᠨᠠᠮ ᠤᠨ ᠬᠤᠷᠢᠶ᠎ᠠ ᠤᠳᠤᠷᠢᠳᠤᠨ᠂ ᠵᠠᠰᠠᠭ ᠤᠨ ᠣᠷᠳᠣᠨ ᠭᠤᠣᠯᠯᠠᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠨᠡᠶᠢᠭᠡᠮ ᠲᠠᠶᠠᠭᠠᠷ ᠢᠶᠠᠨ ᠣᠷᠣᠯᠴᠠᠬᠤ︾ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠴᠠ ᠶᠢ ᠪᠦᠷᠢᠨᠰᠢᠭᠦᠯᠬᠦ ᠭᠡᠷᠡᠭᠳᠡᠢ︔ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠳᠡᠮᠵᠢᠬᠦ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠦᠷᠦ ᠶᠢᠨ ᠪᠤᠳᠤᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠬᠤ ᠭᠡᠷᠡᠭᠳᠡᠢ︔ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠨ ᠰᠤᠳᠤᠯᠵᠤ᠂ ᠬᠠᠮᠲᠤ ᠳᠤᠨᠢ ᠬᠢᠨᠠᠯᠲᠠ ᠲᠠᠯᠪᠢᠬᠤ ᠭᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号