ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠶᠢᠨ ᠲᠤᠰᠠᠳᠠ᠂ ︽ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠠᠨᠠᠯ︾ ︵ᠥᠪᠥᠷ ᠨᠠᠮ ᠲᠠᠷᠬᠠᠭᠠᠭᠰᠠᠨ ﹇2024﹈ 16 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ | ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠳᠣᠤᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠪᠠ ᠤᠯᠤᠰ ᠠᠴᠠ ᠠᠰᠳᠠᠭᠠᠨ | ᠲᠤᠭᠳᠠᠭᠠᠯ ᠲᠠᠢ ᠶᠢ ᠭᠠᠷᠭᠠᠪᠠᠯ᠂ ᠲᠠᠭᠠᠭᠠᠴᠢᠯᠠᠯᠳᠠ ᠵᠠᠷᠯᠠᠬᠤ ᠶᠠᠪᠤᠴᠠ ᠳᠤ ᠲᠠᠭᠠᠭᠠᠴᠢᠯᠠᠯᠳᠠ ᠬᠦᠯᠢᠶᠡᠭᠴᠢ ᠶᠢᠨ | ᠪᠠᠶᠢᠭ᠎ᠠ ᠭᠠᠵᠠᠷ᠂ ᠦᠮᠴᠢᠯᠠᠯ ᠤᠨ ᠭᠡᠯᠪᠡᠷᠢ᠂ ᠵᠤᠬᠢᠶᠠᠨ ᠪᠠᠶᠢᠭᠤᠯᠤᠯᠳᠠ ᠶᠢᠨ ᠭᠡᠯᠪᠡᠷᠢ ᠶᠢ ᠬᠢᠵᠠᠭᠠᠷᠯᠠᠨ ᠲᠤᠭᠳᠠᠭᠠᠵᠤ | ᠪᠤᠯᠬᠤ ᠦᠭᠡᠢ︔ ᠳᠠᠭᠠᠭᠠᠴᠢᠯᠠᠯᠲᠠ ᠵᠠᠷᠯᠠᠬᠤ ᠲᠦᠷᠦᠯ ᠵᠦᠢᠯ ᠤᠨ ᠪᠣᠳᠠᠲᠠᠢ ᠣᠨᠴᠠᠯᠢᠭ ᠪᠠ ᠬᠡᠷᠡᠭᠴᠡᠭᠡ ᠲᠠᠢ | ᠲᠣᠬᠢᠷᠠᠯᠴᠠᠬᠤ ᠦᠭᠡᠢ ᠪᠤᠶᠤ ᠭᠡᠷ᠎ᠡ ᠶᠢ ᠭᠦᠢᠴᠡᠳᠭᠡᠬᠦ ᠯᠦᠭᠡ ᠬᠤᠯᠪᠣᠭᠳᠠᠯ ᠦᠭᠡᠢ ᠬᠢᠷᠢ ᠭᠡᠮ᠂ ᠮᠡᠷᠭᠡᠵᠢᠯ᠂ | ᠬᠤᠳᠠᠯᠳᠤᠭᠠᠨ ᠤ ᠶᠠᠪᠤᠳᠠᠯ ᠤᠨ ᠨᠥᠬᠦᠴᠡᠯ ᠢ ᠲᠣᠭᠲᠠᠭᠠᠵᠤ ᠪᠣᠯᠬᠤ ᠦᠭᠡᠢ︔ ᠲᠤᠬᠠᠶᠢᠯᠠᠭᠰᠠᠨ ᠠᠵᠢᠯ ᠤᠨ | ᠴᠢᠳᠠᠪᠤᠷᠢ ᠲᠠᠢ ᠬᠠᠮᠢᠶ᠎ᠠ ᠦᠭᠡᠢ ᠬᠡᠪᠴᠢᠶ᠎ᠡ᠂ ᠪᠠᠶᠢᠭᠤᠯᠤᠭᠰᠠᠨ ᠣᠨ ᠵᠢᠯ᠂ ᠳᠠᠩᠰᠠᠯᠠᠭᠤᠯᠤᠭᠰᠠᠨ ᠬᠥᠷᠥᠩᠭᠡ ᠮᠥᠩᠭᠦ | ᠂ ᠪᠠᠩᠬᠢ ᠶᠢᠨ ᠢᠲᠡᠭᠡᠮᠵᠢ ᠣᠯᠭᠤᠭᠰᠠᠨ ᠭᠡᠷᠡᠴᠢ ᠪᠠ ᠲᠥᠷᠥᠯ ᠵᠦᠢᠯ ᠤᠨ ᠱᠠᠭᠠᠷᠳᠠᠯᠭ᠎ᠠ ᠠᠴᠠ ᠢᠯᠡᠳᠲᠡ ᠳᠠᠪᠠᠭᠰᠠᠨ | ᠵᠡᠷᠭᠡ ᠪᠠᠷᠢᠮᠵᠢᠶ᠎ᠠ ᠶᠢ ᠪᠠᠶᠢᠷᠢᠯᠠᠭᠤᠯᠬᠤ ᠪᠤᠶᠤ ᠬᠡᠯᠪᠡᠷᠢ ᠶᠢ ᠨᠢ ᠬᠤᠪᠢᠷᠠᠭᠤᠯᠣᠨ ᠳᠠᠭᠠᠭᠠᠴᠢᠯᠠᠯᠳᠠ ᠵᠠᠷᠯᠠᠭᠴᠢ ᠶᠢ | ᠬᠤᠷᠢᠭᠯᠠᠵᠦ ᠪᠣᠯᠬᠤ ᠦᠭᠡᠢ︔ ᠣᠨᠴᠠ ᠲᠣᠭᠲᠠᠭᠰᠠᠨ ᠵᠠᠰᠠᠭ ᠵᠠᠬᠢᠷᠭᠠᠨ ᠤ ᠣᠷᠣᠨ ᠪᠤᠶᠤ ᠣᠨᠴᠣᠭᠤᠶ | ᠲᠣᠭᠲᠠᠭᠠᠭᠰᠠᠨ ᠠᠵᠢᠯ ᠲᠥᠷᠥᠯ ᠤᠨ ᠠᠮᠵᠢᠯᠲᠠ ᠪᠦᠲᠦᠮᠵᠢ᠂ ᠱᠠᠩᠨᠠᠯ ᠤᠨ ᠵᠦᠢᠯ ᠢᠶᠠᠷ ᠬᠤᠪᠢ ᠨᠡᠮᠡᠬᠦ ᠨᠥᠬᠦᠴᠡᠯ | ᠪᠤᠶᠤ ᠳᠠᠭᠠᠭᠠᠴᠢᠯᠠᠯᠲᠠ ᠬᠦᠯᠢᠶᠡᠬᠦ ᠨᠥᠬᠦᠴᠡᠯ ᠪᠣᠯᠭᠠᠵᠤ ᠪᠣᠯᠬᠤ ᠦᠭᠡᠶ᠃ ︵ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠥᠪ︶ | ᠬᠤᠶᠠᠷ᠂ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ᠂ ᠮᠡᠳᠡᠭᠡ ᠵᠠᠩᠭᠢ ᠶᠢ | ᠬᠤᠪᠢᠷᠠᠭᠤᠯᠬᠤ᠂ ᠢᠲᠡᠭᠡᠮᠵᠢ ᠶᠢ ᠰᠡᠷᠭᠦᠭᠡᠬᠦ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠳᠦᠭᠦᠭᠡᠷᠦᠮᠵᠢ ᠶᠢ | ᠤᠭᠰᠠᠷᠠᠬᠤ ᠪᠠᠷ ᠮᠡᠳᠡᠭᠦᠯᠬᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠲᠥᠷᠥᠯ ᠵᠦᠢᠯ ᠤᠨ | ᠪᠠᠷᠢᠯᠭ᠎ᠠ ᠡᠬᠢᠯᠡᠬᠦ ᠵᠥᠪᠰᠢᠶᠡᠷᠡᠯ ᠤᠨ ᠦᠨᠡᠮᠯᠡᠯ ᠢ ᠬᠦᠢᠴᠡᠳᠭᠡᠬᠦ ᠵᠡᠷᠭᠡ ᠵᠦᠢᠯᠡᠰ ᠢ ᠰᠦᠯᠵᠢᠶᠡᠨ ᠳᠡᠭᠡᠷ᠎ᠡ | ᠲᠥᠪᠯᠡᠷᠡᠭᠦᠯᠦᠨ ᠬᠦᠢᠴᠡᠳᠭᠡᠬᠦ ᠶᠢ ᠠᠬᠢᠭᠤᠯᠤᠨ᠎ᠠ᠃ ᠬᠤᠭᠤᠯᠠᠨ ᠭᠡᠷ ᠡᠷᠭᠢᠯᠡᠬᠦ ᠶᠢ ᠨᠢᠭᠡ ᠯᠡ ᠶᠠᠪᠤᠳᠠᠯ ᠢᠶᠠᠷ | ᠬᠦᠢᠴᠡᠳᠭᠡᠬᠦ᠂ ᠲᠡᠭᠡᠭᠡᠪᠦᠷᠢ ᠶᠢᠨ ᠠᠵᠤ ᠠᠬᠤᠶᠢᠯᠠᠯ ᠡᠷᠬᠢᠯᠡᠬᠦ ᠶᠢ ᠨᠢᠭᠡ ᠯᠡ ᠶᠠᠪᠤᠳᠠᠯ ᠢᠶᠠᠷ ᠬᠦᠢᠴᠡᠳᠭᠡᠬᠦ᠂ ᠬᠡᠭᠡᠷ᠎ᠡ | ᠪᠠᠭᠤᠳᠠᠯᠯᠠᠬᠤ ᠭᠠᠵᠠᠷ ᠡᠷᠬᠢᠯᠡᠬᠦ ᠶᠢ ᠨᠢᠭᠡ ᠯᠡ ᠶᠠᠪᠤᠳᠠᠯ ᠢᠶᠠᠷ ᠬᠦᠢᠴᠡᠳᠭᠡᠬᠦ ᠵᠡᠷᠭᠡ ᠨᠢᠭᠡ ᠪᠦᠯᠦᠭ ᠳᠦᠪᠯᠡᠷᠡᠬᠦᠯᠦᠨ | ᠬᠦᠢᠴᠡᠳᠭᠡᠬᠦ ᠵᠦᠢᠯᠡᠰ ᠢ ᠭᠠᠷᠭᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ | ᠠᠵᠤ ᠠᠬᠤᠶᠢᠯᠠᠯ ᠳᠤ ᠬᠤᠯᠪᠣᠭᠳᠠᠭᠰᠠᠨ ᠨᠢᠭᠡ ᠲᠦᠷᠦᠯ ᠤᠨ ᠬᠡᠷᠡᠭ ᠶᠠᠪᠤᠳᠠᠯ ᠢ ᠨᠢᠭᠡ ᠦᠷᠳᠡᠭᠡ ᠪᠠᠷ ᠭᠦᠢᠴᠡᠳᠬᠡᠬᠦ︾ | ᠦᠢᠯᠡᠴᠢᠯᠡᠭᠡᠨ ᠤ ᠲᠤᠰᠬᠠᠢ ᠲᠣᠭᠤᠷᠢᠭ ᠢ ᠪᠠᠶᠢᠭᠤᠯᠤᠨ᠎ᠠ᠃ ︽ᠦᠢᠯᠡᠴᠢᠯᠡᠬᠡᠨ ᠤ ᠬᠠᠮᠢᠶᠠᠷᠤᠭᠴᠢ︾ ᠲᠤᠰᠬᠠᠶ | ᠣᠷᠣᠯᠠᠨ ᠬᠦᠢᠴᠡᠳᠬᠡᠭᠴᠢ ᠶᠢᠨ ᠲᠣᠭᠲᠠᠴᠠ ᠶᠢ ᠪᠠᠶᠢᠭᠤᠯᠤᠨ᠎ᠠ᠃ ᠵᠠᠭᠤᠴᠢ ᠦᠢᠯᠡᠴᠢᠯᠡᠭᠡ ᠶᠢ ᠥᠪᠡᠷ ᠲᠡᠭᠡᠨ | ᠰᠣᠩᠭᠤᠬᠤ ᠦᠢᠯᠡᠴᠢᠯᠡᠭᠡᠨ ᠤ ᠣᠷᠣᠨ ᠢ ᠪᠠᠶᠢᠭᠤᠯᠵᠤ᠂ ᠠᠵᠤ ᠠᠬᠤᠶᠢᠯᠠᠯ ᠳᠤ ᠭᠠᠶᠢᠯᠢ ᠶᠢᠨ ᠶᠠᠪᠤᠳᠠᠯ᠂ ᠮᠥᠩᠭᠦᠨ | ᠬᠦᠢᠯᠭᠡᠭᠡ᠂ ᠬᠠᠤᠯᠢ ᠴᠠᠭᠠᠵᠠ᠂ ᠴᠢᠳᠠᠪᠤᠷᠢᠲᠠᠨ᠂ ᠣᠯᠠᠨ ᠤᠯᠤᠰ ᠤᠨ ᠠᠷᠠᠯᠵᠢᠶ᠎ᠠ᠂ ᠤᠰᠤ᠂ ᠴᠠᠬᠢᠯᠭᠠᠨ᠂ ᠬᠡᠢ᠂ | ᠳᠤᠯᠠᠭᠠᠯᠠᠭ᠎ᠠ᠂ ᠢᠯᠴᠢ᠂ ᠢᠲᠡᠭᠡᠮᠵᠢ ᠵᠡᠷᠭᠡ ᠦᠢᠯᠡᠴᠢᠯᠡᠭᠡ ᠬᠠᠩᠭᠠᠨ᠎ᠠ᠃ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠶ | ᠶᠠᠷᠢᠯᠴᠠᠬᠤ ᠴᠢᠳᠠᠮᠵᠢ ᠶᠢ ᠲᠡᠭᠦᠯᠳᠡᠷᠵᠢᠭᠦᠯᠵᠦ᠂ 24 ᠴᠠᠭ ᠤᠨ ︽ᠪᠥᠬᠦ ᠶᠠᠪᠤᠴᠠ ᠳᠤ ᠬᠢᠨᠠᠯᠲᠠ ᠲᠠᠯᠪᠢᠬᠤ— ᠴᠠᠭ | ᠬᠢᠵᠠᠭᠠᠷᠯᠠᠨ ᠭᠦᠢᠴᠡᠳᠬᠡᠬᠦ— ᠲᠤᠰᠬᠠᠶ ᠬᠥᠮᠦᠨ ᠬᠠᠷᠢᠭᠤ ᠰᠤᠷᠪᠤᠯᠵᠢᠯᠠᠬᠤ︾ ᠪᠢᠳᠡᠬᠦᠮᠵᠢᠯᠡᠭᠰᠡᠨ | ᠬᠠᠮᠢᠶᠠᠷᠤᠯᠲᠠ ᠦᠢᠯᠡᠴᠢᠯᠡᠭᠡ ᠶᠢ ᠬᠠᠩᠭᠠᠨ᠎ᠠ᠃ ︵ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠣᠯᠳᠠ ᠶᠢᠨ ᠲᠣᠪᠴᠢᠶ᠎ᠠ︶ | ᠭᠤᠷᠪᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠠᠷᠠᠳ ᠠᠴᠠ | ᠡᠵᠡᠩᠨᠡᠭᠰᠡᠨ ᠵᠢᠵᠢᠭ ᠠᠵᠤ ᠠᠬᠤᠶᠢᠯᠠᠯ ᠳᠤ ᠠᠩᠬᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ᠂ ᠤᠷᠲᠤᠪᠲᠤᠷ ᠪᠠ | ᠤᠷᠲᠤ ᠬᠤᠭᠤᠴᠠᠭᠠᠨ ᠤ ᠵᠢᠭᠡᠯᠡᠯᠭᠡ ᠲᠠᠯᠪᠢᠬᠤ ᠡᠷᠴᠢᠮ ᠢ ᠨᠡᠮᠡᠭᠳᠡᠬᠦᠯᠦᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠠᠷᠠᠳ ᠠᠴᠠ ᠡᠵᠡᠩᠨᠡᠭᠰᠡᠨ ᠵᠢᠵᠢᠭ ᠠᠵᠤ ᠠᠬᠤᠶᠢᠯᠠᠯ ᠳᠤ ᠳᠠᠯᠪᠢᠬᠤ | ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠦᠢ | ᠪᠤᠰᠤ ᠵᠢᠭᠡᠯᠡᠯᠭᠡ ᠶᠢ ᠪᠠᠭᠳᠠᠭᠠᠬᠤ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ ᠳᠠᠩᠰᠠᠨ ᠵᠣᠭᠤᠰ ᠢᠶᠠᠷ ᠳᠠᠨᠵᠢᠯᠠᠵᠤ ᠪᠡᠯᠡ | ᠲᠣᠬᠢᠷᠠᠭᠤᠯᠭ᠎ᠠ ᠬᠢᠯᠭᠡᠬᠦ ᠪᠠᠷ ᠭᠤᠶᠤᠴᠢᠯᠠᠬᠤ ᠶᠢ ᠳᠡᠮᠵᠢᠵᠦ᠂ ᠤᠯᠤᠰ ᠤᠨ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠡ ᠪᠠ ᠲᠤᠮᠤ ᠬᠡᠯᠪᠡᠷᠢ ᠶᠢᠨ ᠠᠵᠤ ᠠᠬᠤᠶᠢᠯᠠᠯ ᠵᠡᠷᠭᠡ ᠵᠣᠭᠤᠰ ᠲᠤᠰᠢᠶᠠᠪᠠᠰᠤ ᠵᠣᠬᠢᠬᠤ ᠡᠲᠡᠭᠡᠳ ᠨᠢ ᠠᠪᠴᠠᠭ᠎ᠠ | ᠥᠭᠴᠡᠭᠡ ᠶᠢᠨ ᠬᠠᠷᠢᠴᠠᠭ᠎ᠠ ᠶᠢ ᠴᠠᠭ ᠲᠤᠬᠠᠢ ᠳᠤᠨᠢ ᠨᠣᠳᠠᠯᠠᠨᠠ᠃ ᠤᠴᠢᠷ ᠰᠢᠯᠲᠠᠭᠠᠨ ᠦᠭᠡᠢ ᠪᠠᠷ ᠲᠡᠪᠴᠢᠬᠦ ᠪᠤᠶᠤ | ᠤᠳᠠᠭᠠᠰᠢᠷᠠᠭᠤᠯᠵᠤ ᠪᠣᠯᠬᠤ ᠦᠭᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠪᠠᠷᠢᠯᠭ᠎ᠠ ᠪᠠᠷᠢᠬᠤ | ᠭᠡᠷ᠎ᠡ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ | ᠲᠥᠬᠦᠭᠡᠷᠦᠮᠵᠢ᠂ ᠭᠠᠵᠠᠷ ᠰᠢᠷᠣᠶ ᠡᠵᠡᠩᠨᠡᠬᠦ ᠡᠷᠬᠡ ᠵᠡᠷᠭᠡ ᠪᠠᠷ ᠢᠲᠡᠭᠡᠮᠵᠢ ᠨᠡᠮᠡᠭᠳᠡᠭᠦᠯᠬᠦ ᠠᠷᠭ᠎ᠠ ᠬᠡᠮᠵᠢᠶ᠎ᠡ ᠪᠠᠷ ᠪᠡᠯᠡ | ᠲᠣᠬᠢᠷᠠᠭᠤᠯᠭ᠎ᠠ ᠶᠢᠨ ᠵᠢᠭᠡᠯᠡᠯᠭᠡ ᠪᠣᠯᠭᠠᠬᠤ ᠶᠢ ᠳᠡᠮᠵᠢᠨ᠎ᠡ᠃ ︵ᠮᠥᠩᠭᠦᠨ ᠬᠦᠢᠯᠭᠡᠭᠡ ᠶᠢ ᠬᠢᠨᠠᠠ ᠬᠠᠮᠢᠶᠠᠷᠬᠤ | ᠬᠤᠪᠢᠶᠠᠷᠢ ᠲᠣᠪᠴᠢᠶ᠎ᠠ︶ | ᠳᠥᠷᠪᠡ᠂ ᠲᠣᠭᠠᠴᠢᠯᠠᠭᠰᠠᠨ ᠠᠵᠤ ᠠᠬᠤᠶ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠵᠡᠷᠭᠡ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠲᠤ ᠪᠠᠭᠲᠠᠭᠠᠮᠵᠢᠲᠠᠶ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯ ᠲᠥᠷᠥᠯ ᠤᠨ ᠰᠢᠨᠵᠢ ᠴᠢᠨᠠᠷ᠂ | ᠢᠲᠡᠭᠡᠮᠵᠢ ᠶᠢᠨ ᠪᠠᠶᠢᠳᠠᠯ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠠᠵᠤ ᠠᠬᠤᠶᠢᠯᠠᠯ ᠳᠤ 1 ᠠᠴᠠ 2 ᠵᠢᠯ ᠤᠨ ᠪᠤᠶᠢᠵᠢᠯᠲᠠ ᠶᠢ ︽ᠪᠠᠭᠳᠠᠭᠠᠬᠤ ᠬᠤᠭᠤᠴᠠᠭ᠎ᠠ︾ | ᠣᠯᠭᠤᠵᠤ᠂ ︽ᠪᠠᠭᠳᠠᠭᠠᠬᠤ ᠬᠤᠭᠤᠴᠠᠭ᠎ᠠ︾ ᠶᠢᠨ ᠳᠣᠲᠣᠷ᠎ᠠ ᠴᠢᠯᠦᠭᠡᠳᠡᠢ ᠬᠢᠨᠠᠠ ᠬᠠᠮᠢᠶᠠᠷᠬᠤ ᠠᠷᠭ᠎ᠠ ᠮᠠᠶ᠋ᠢᠭ ᠢᠶᠠᠷ | ᠭᠤᠣᠯ ᠪᠣᠯᠭᠠᠵᠤ᠂ ᠵᠠᠰᠠᠭ ᠵᠠᠬᠢᠷᠭᠠᠨ ᠤ ᠵᠢᠯᠣᠭᠤᠳᠤᠯᠭ᠎ᠠ ᠪᠠ ᠦᠢᠯᠡᠴᠢᠯᠡᠭᠡ ᠶᠢ ᠴᠢᠩᠭᠠᠳᠬᠠᠨ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠶ ᠶᠢ ᠭᠦᠢᠴᠡᠳ ᠦᠯᠡᠳᠡᠭᠡᠵᠦ᠂ ᠰᠢᠨ᠎ᠡ ᠶᠢ ᠡᠭᠦᠳᠬᠦ | ᠣᠷᠴᠢᠨ ᠨᠥᠬᠦᠴᠡᠯ ᠢ ᠪᠤᠢ ᠪᠣᠯᠭᠠᠨ᠎ᠠ᠃ ︵ᠠᠶᠢᠮᠠᠭ ᠤᠨ ᠵᠠᠬ᠎ᠠ ᠳᠡᠯᠭᠡᠭᠦᠷ ᠢ ᠬᠢᠨᠠᠠ ᠬᠠᠮᠢᠶᠠᠷᠬᠤ ᠲᠣᠪᠴᠢᠶ᠎ᠠ᠂ | ᠵᠠᠰᠠᠭ ᠤᠨ ᠶᠠᠪᠣᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠣᠯᠳᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ︶ | ᠲᠠᠪᠤ᠂ ᠲᠣᠭᠲᠠᠭᠠᠯ ᠳᠤ ᠨᠡᠶᠢᠴᠡᠬᠦ ᠠᠷᠠᠳ ᠠᠴᠠ ᠡᠵᠡᠩᠨᠡᠭᠰᠡᠨ ᠴᠢᠨᠠᠷ ᠰᠠᠶᠢᠲᠠᠶ ᠠᠵᠤ ᠠᠬᠤᠶᠢᠯᠠᠯ ᠤᠨ ︽ | ᠴᠠᠭᠠᠨ ᠨᠡᠷᠡᠰ ᠤᠨ ᠵᠢᠭᠰᠠᠭᠠᠯᠲᠠ︾ ᠶᠢ ᠪᠠᠶᠢᠭᠤᠯᠬᠤ ᠶᠢᠨ ᠬᠠᠮᠲᠤ ᠬᠥᠳᠡᠯᠦᠩᠭᠦᠶ ᠪᠠᠷ ᠰᠢᠨᠡᠳᠬᠡᠵᠦ᠂ ︽ᠴᠠᠭᠠᠨ | ᠨᠡᠷᠡᠰ ᠤᠨ ᠵᠢᠭᠰᠠᠭᠠᠯᠲᠠ︾ ᠶᠢᠨ ᠠᠵᠤ ᠠᠬᠤᠶᠢᠯᠠᠯ ᠪᠠ ᠢᠲᠡᠭᠡᠮᠵᠢ ᠪᠠᠷ ᠨᠡᠯᠢᠶᠡᠳ ᠰᠠᠶᠢᠨ᠂ ᠲᠦᠭᠰᠢᠭᠦᠷᠢ ᠪᠠᠷ | ᠨᠡᠯᠢᠶᠡᠳ ᠳᠣᠤᠷ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠶᠢ | ᠪᠠᠭᠠᠰᠬᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠤᠨ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠲᠦᠷᠭᠡᠨ | ᠭᠦᠢᠴᠡᠳᠬᠡᠵᠦ᠂ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠥᠬᠡᠶ︾ ᠪᠠᠶᠢᠬᠤ ᠶᠢ ᠦᠨᠡᠨᠬᠦ ᠪᠡᠶᠡᠯᠡᠭᠦᠯᠵᠦ᠂ | ᠠᠵᠤ ᠠᠬᠤᠶᠢᠯᠠᠯ ᠤᠨ ᠬᠥᠭᠵᠢᠯᠲᠡ ᠶᠢᠨ ᠳᠠᠷᠤᠭᠠᠰᠤ ᠶᠢ ᠬᠦᠩᠬᠡᠷᠡᠭᠦᠯᠦᠨᠡ᠃ ︽ᠶᠡᠷᠦᠩᠬᠡᠶᠢᠯᠡᠨ ᠨᠢᠭᠡ ᠯᠡ ᠤᠳᠠᠭ᠎ᠠ | ᠪᠠᠶᠢᠴᠠᠭᠠᠬᠤ︾ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠳᠠᠯᠢ ᠪᠠᠶᠢᠴᠠᠭᠠᠭᠳᠠᠬᠤ ᠡᠲᠡᠭᠡᠳ ᠢ | ᠳᠦᠪᠯᠡᠷᠡᠬᠦᠯᠦᠨ ᠪᠠᠶᠢᠴᠠᠭᠠᠬᠤ ᠪᠤᠶᠤ ᠬᠠᠮᠳᠣᠷᠠᠭᠤᠯᠣᠨ ᠪᠠᠶᠢᠴᠠᠭᠠᠵᠤ᠂ ᠪᠠᠶᠢᠴᠠᠭᠠᠭᠰᠠᠨ ᠦᠷ᠎ᠡ ᠳ᠋ᠦᠩ ᠢ ᠠᠶᠢᠮᠠᠭ | ᠬᠤᠰᠢᠭᠤ ︵ᠣᠷᠣᠨ︶ ᠬᠤᠶᠠᠷ ᠱᠠᠲᠤ ᠬᠠᠷᠢᠯᠴᠠᠨ ᠮᠡᠳᠡᠷᠡᠵᠦ ᠬᠠᠮᠳᠣ ᠪᠠᠷ ᠬᠤᠪᠢᠶᠠᠯᠴᠠᠵᠦ᠂ ︽ᠨᠢᠭᠡ ᠤᠳᠠᠭ᠎ᠠ ᠳᠤ | ᠣᠯᠠᠨ ᠵᠦᠢᠯ ᠢ ᠪᠠᠶᠢᠴᠠᠭᠠᠬᠤ︾᠂ ︽ᠱᠠᠭᠠᠷᠳᠠᠯᠭ᠎ᠠ ᠦᠭᠡᠢ ᠪᠣᠯ ᠨᠢᠭᠡ ᠵᠢᠯ ᠳᠤ ᠨᠢᠭᠡ ᠯᠡ ᠤᠳᠠᠭ᠎ᠠ ᠪᠠᠶᠢᠴᠠᠭᠠᠬᠤ︾ | ᠶᠢ ᠪᠡᠶᠡᠯᠡᠭᠦᠯᠦᠨ᠎ᠡ᠃ ︵ᠠᠶᠢᠮᠠᠭ ᠤᠨ ᠵᠠᠬᠢᠷᠭ᠎ᠠ ᠶᠢᠨ ᠠᠯᠪᠠᠨ ᠭᠡᠷ︶ | ᠵᠢᠷᠭᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ᠂ ᠭᠠᠯ | ᠤᠨᠲᠠᠷᠠᠭᠠᠬᠤ᠂ ᠬᠥᠳᠡᠯᠮᠦᠷᠢ ᠶᠢᠨ ᠪᠠᠲᠤᠯᠠᠭ᠎ᠠ ᠶᠢ ᠬᠢᠨᠠᠨ ᠪᠠᠶᠢᠴᠠᠭᠠᠬᠤ ᠵᠡᠷᠭᠡ ᠬᠦᠷᠢᠶᠡᠨ ᠳᠠᠬᠢ ᠵᠠᠰᠠᠭ ᠵᠠᠬᠢᠷᠭᠠᠨ ᠤ | ᠰᠢᠳᠭᠡᠯ ᠲᠣᠷᠭᠠᠭᠤᠯᠢ ᠶᠢ ᠬᠠᠰᠤᠵᠤ ᠬᠡᠯᠲᠦᠷᠢᠭᠦᠯᠦᠭᠰᠡᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠪᠣᠯᠪᠠᠴᠣ ᠬᠤᠤᠷ ᠬᠥᠨᠥᠭᠡᠯ | ᠨᠢ ᠬᠦᠩᠬᠡᠨ᠂ ᠴᠠᠭ ᠲᠤᠬᠠᠶ ᠳᠤᠨᠢ ᠵᠠᠯᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ | ᠥᠭᠬᠦ ᠥᠬᠡᠶ ᠪᠠᠶᠢᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠳᠤ ᠵᠢᠭᠠᠨ ᠵᠢᠯᠣᠭᠤᠳᠴᠤ | ᠰᠤᠷᠭᠠᠨ ᠬᠥᠮᠦᠵᠢᠭᠦᠯᠬᠦ ᠪᠠᠷ ᠲᠡᠷᠢᠭᠦᠨ ᠪᠣᠯᠭᠠᠵᠤ᠂ ᠢᠳᠬᠠᠨ ᠰᠤᠷᠭᠠᠬᠤ᠂ ᠵᠠᠰᠠᠭ ᠵᠠᠬᠢᠷᠭᠠᠨ ᠤ ᠰᠠᠨᠠᠭᠤᠯᠭ᠎ᠠ ᠥᠭᠬᠦ | ᠂ ᠵᠠᠰᠠᠭ ᠵᠠᠬᠢᠷᠭᠠᠨ ᠤ ᠵᠢᠯᠣᠭᠤᠳᠣᠯᠭ᠎ᠠ ᠬᠢᠬᠦ᠂ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ᠂ ᠵᠠᠰᠠᠭ ᠵᠠᠬᠢᠷᠭᠠᠨ ᠤ | ᠢᠳᠬᠠᠨ ᠴᠡᠭᠡᠷᠯᠡᠭᠦᠯᠬᠦ ᠵᠡᠷᠭᠡ ᠠᠮᠢᠳᠣᠯᠢᠭ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠡᠭᠦᠷᠭᠡ ᠪᠠᠨ ᠤᠬᠠᠮᠰᠠᠷ ᠠᠴᠠ ᠪᠠᠨ ᠬᠦᠢᠴᠡᠳᠭᠡᠵᠦ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠣᠨ᠂ ᠬᠤᠤᠷ ᠬᠥᠨᠥᠭᠡᠯ ᠢ ᠠᠷᠢᠯᠭᠠᠨ᠎ᠠ᠃ ︵ᠠᠶᠢᠮᠠᠭ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠢ ᠬᠢᠨᠠᠠ ᠬᠠᠮᠢᠶᠠᠷᠬᠤ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ᠳᠣᠯᠤᠭ᠎ᠠ᠂ ᠢᠲᠡᠭᠡᠮᠵᠢ ᠶᠢ ᠰᠡᠷᠭᠦᠭᠡᠬᠦ ᠴᠤᠪᠤᠷᠠᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠲᠤᠰᠢᠶᠠᠭᠰᠠᠨ ᠰᠡᠷᠭᠦᠭᠡᠬᠦ ᠨᠥᠬᠦᠴᠡᠯ ᠳᠤ ᠨᠡᠶᠢᠴᠡᠬᠦ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ | ᠢᠯᠡ ᠨᠡᠶᠢᠲᠡᠯᠡᠬᠦ ᠮᠡᠳᠡᠭᠡ ᠵᠠᠩᠭᠢ ᠶᠢ ᠰᠡᠷᠭᠦᠭᠡᠬᠦ ᠭᠤᠶᠤᠴᠢᠯᠠᠯ ᠢ 1 ᠠᠵᠢᠯᠯᠠᠬᠤ ᠡᠳᠦᠷ ᠤᠨ ᠳᠣᠲᠣᠷ᠎ᠠ ᠠᠶᠢᠮᠠᠭ ᠤᠨ | ᠱᠠᠲᠤᠨ ᠤ ᠠᠩᠬᠠᠨ ᠤ ᠬᠢᠨᠠᠯᠲᠠ ᠶᠢ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠢᠲᠡᠭᠡᠮᠵᠢ ᠶᠢᠨ ᠳᠦᠷᠢ ᠲᠥᠷᠬᠦ ᠶᠢ ᠰᠡᠷᠭᠦᠭᠡᠬᠦ ᠶᠢ ᠳᠡᠮᠵᠢᠨ᠎ᠡ᠃ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ | ᠮᠡᠳᠡᠭᠡ ᠵᠠᠩᠭᠢ ᠨᠢ ᠬᠠᠤᠯᠢ ᠪᠠᠷ ᠲᠣᠭᠲᠠᠭᠠᠭᠰᠠᠨ ᠪᠢᠳᠡᠬᠦᠮᠵᠢᠯᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠴᠠᠭ | ᠲᠤᠬᠠᠶ ᠳᠤᠨᠢ ᠪᠢᠳᠡᠬᠦᠮᠵᠢᠯᠡᠬᠦ ᠠᠷᠭ᠎ᠠ ᠬᠡᠮᠵᠢᠶ᠎ᠡ ᠠᠪᠤᠨ᠎ᠠ︔ ᠬᠠᠮᠢᠶ᠎ᠠ ᠪᠦᠬᠦᠢ ᠮᠡᠳᠡᠭᠡ ᠵᠠᠩᠭᠢ ᠨᠢ | ᠪᠢᠳᠡᠬᠦᠮᠵᠢᠯᠡᠭᠳᠡᠭᠰᠡᠨ ᠤ ᠳᠠᠷᠠᠭ᠎ᠠ᠂ ᠪᠡᠯᠡ ᠲᠣᠬᠢᠷᠠᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠵᠡᠷᠭᠡ ᠬᠡᠷᠡᠭᠴᠡᠭᠡ ᠲᠠᠢ ᠪᠣᠯ᠂ ᠠᠷᠠᠳ ᠤᠨ ᠰᠢᠭᠦᠬᠦ ᠬᠤᠷᠢᠶ᠎ᠠ ᠳᠤ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢᠶᠠᠨ | ᠭᠤᠶᠤᠴᠢᠯᠠᠨ ᠳᠡᠪᠰᠢᠬᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ | ᠰᠢᠨ᠎ᠡ ᠪᠠᠶᠢᠳᠠᠯ ᠲᠠᠢ ᠪᠣᠯᠭᠠᠬᠤ ᠶᠢ ᠬᠠᠤᠯᠢ ᠶᠣᠰᠣᠭᠠᠷ ᠪᠠᠲᠤᠯᠠᠵᠤ ᠪᠣᠯᠣᠨ᠎ᠠ᠃ ︵ᠠᠶᠢᠮᠠᠭ ᠤᠨ ᠠᠷᠠᠳ ᠤᠨ | ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠮᠥᠩᠭᠦᠨ ᠬᠦᠢᠯᠭᠡᠭᠡ ᠶᠢ ᠬᠢᠨᠠᠠ ᠬᠠᠮᠢᠶᠠᠷᠬᠤ ᠬᠤᠪᠢᠶᠠᠷᠢ ᠲᠣᠪᠴᠢᠶ᠎ᠠ᠂ | ᠳᠣᠮᠳᠠᠳᠣ ᠣᠯᠣᠰ ᠤᠨ ᠠᠷᠠᠳ ᠤᠨ ᠪᠠᠩᠬᠢ︶ | ᠨᠠᠢᠮᠠ᠂ ᠬᠠᠤᠯᠢ ᠶᠣᠰᠣᠭᠠᠷ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠨ᠂ ᠬᠠᠤᠯᠢ ᠶᠣᠰᠣᠭᠠᠷ ᠵᠠᠷᠯᠢᠭᠳᠠᠨ | ᠬᠠᠭᠠᠯᠭᠠᠬᠤ ᠴᠢᠬᠤᠯᠠ ᠲᠠᠢ ᠠᠵᠤ ᠠᠬᠤᠶᠢᠯᠠᠯ ᠢ ᠭᠠᠷᠭᠠᠪᠠᠯ᠂ ᠨᠥᠬᠦᠴᠡᠯ ᠢ ᠵᠦᠪᠰᠢᠶᠡᠷᠡᠭᠰᠡᠨ ᠪᠠᠶᠢᠳᠠᠯ ᠳᠤ ᠠᠵᠤ | ᠠᠬᠤᠶᠢᠯᠠᠯ ᠳᠤ ᠴᠢᠬᠤᠯᠠ ᠪᠦᠬᠦᠢ ᠭᠦᠢᠯᠭᠡᠭᠡᠨ ᠤ ᠪᠡᠯᠡ ᠮᠥᠩᠭᠦ ᠪᠠ ᠬᠠᠷᠢᠯᠴᠠᠭᠠᠨ ᠤ ᠳᠠᠩᠰᠠᠨ ᠡᠷᠦᠬᠡ ᠶᠢ | ᠤᠷᠢᠳᠴᠢᠯᠠᠨ ᠦᠯᠡᠳᠡᠭᠡᠵᠦ ᠪᠣᠯᠤᠨ᠎ᠠ᠃ ᠪᠠᠶᠢᠴᠠᠭᠠᠨ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ | ᠠᠮᠢᠳᠤᠯᠢᠭ ᠢᠶᠠᠷ ᠠᠪᠴᠤ᠂ ᠪᠠᠶᠢᠴᠠᠭᠠᠨ ᠪᠢᠲᠡᠭᠦᠮᠵᠢᠯᠡᠬᠦ ᠳᠤ ᠥᠯᠥ ᠲᠣᠬᠢᠷᠠᠬᠤ ᠡᠵᠡᠩᠨᠡᠯᠲᠡ ᠶᠢᠨ ᠴᠢᠨᠠᠷᠲᠠᠢ ᠡᠳ᠋ | ᠪᠣᠳᠠᠰ ᠢ ᠬᠠᠤᠯᠢ ᠴᠠᠭᠠᠵᠠ ᠶᠢᠨ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠪᠠᠳᠣᠯᠠᠭᠰᠠᠨ ᠪᠠᠶᠢᠳᠠᠯ ᠳᠤ | ᠬᠤᠯᠪᠣᠭᠳᠠᠯ ᠪᠦᠬᠦᠢ ᠲᠤᠬᠠᠢ ᠶᠢᠨ ᠬᠥᠮᠥᠨ ᠤ ᠦᠷᠭᠦᠯᠵᠢᠯᠡᠨ ᠵᠦᠢ ᠵᠣᠬᠢᠰᠲᠠᠢ ᠬᠡᠷᠡᠭᠯᠡᠬᠦ ᠶᠢ ᠵᠥᠪᠰᠢᠶᠡᠷᠡᠬᠦ ᠶᠢᠨ | ᠬᠠᠮᠲᠤ ᠴᠢᠬᠤᠯᠠ ᠪᠦᠬᠦᠢ ᠥᠷᠲᠡᠭ ᠢ ᠪᠠᠲᠤᠯᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠨ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠠᠪᠬᠤ ᠳᠠᠭᠠᠨ᠂ ᠬᠦᠢᠴᠡᠳᠭᠡᠬᠦ ᠪᠠᠶᠢᠭᠤᠯᠭ᠎ᠠ ᠲᠡᠭᠦᠨ ᠤ ᠡᠷᠬᠡ ᠲᠤᠰᠢᠶᠠᠯ ᠤᠨ | ᠬᠡᠪᠴᠢᠶᠡᠨ ᠳᠤ ᠪᠤᠰᠤᠳ ᠲᠤ ᠨᠠᠶᠢᠳᠠᠵᠤ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠡᠭᠦᠷᠭᠡ | ᠴᠢᠳᠠᠮᠵᠢ ᠶᠢ ᠨᠢ ᠲᠦᠷ ᠣᠷᠣᠯᠠᠨ ᠬᠡᠷᠡᠭᠵᠢᠭᠦᠯᠬᠦ ᠶᠢ ᠨᠢ ᠬᠠᠤᠯᠢ ᠶᠣᠰᠣᠭᠠᠷ ᠵᠥᠪᠰᠢᠶᠡᠷᠡᠵᠦ᠂ ᠠᠵᠤ ᠠᠬᠤᠶᠢᠯᠠᠯ ᠤᠨ | ᠬᠠᠮᠢᠶᠠᠷᠤᠯᠲᠠ ᠨᠢ ᠡᠮᠬᠢ ᠵᠢᠷᠤᠮ ᠦᠭᠡᠶ ᠪᠠᠶᠢᠳᠠᠯ ᠳᠤ ᠣᠷᠣᠬᠤ ᠠᠴᠠ ᠵᠠᠶᠢᠯᠠᠰᠬᠢᠬᠦ ᠬᠡᠷᠡᠭᠲᠡᠶ᠃ ︵ᠠᠶᠢᠮᠠᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ | ᠪᠠᠶᠢᠴᠠᠭᠠᠬᠤ ᠬᠤᠪᠢᠶᠠᠷᠢ ᠬᠤᠷᠢᠶ᠎ᠠ︶ | ᠶᠢᠰᠦ᠂ ᠳᠤᠮᠳᠠ ᠵᠢᠵᠢᠭ ᠠᠵᠤ ᠠᠬᠤᠶᠢᠯᠠᠯ ᠳᠤ ᠵᠣᠭᠤᠰ ᠥᠭᠬᠦ ᠶᠢ ᠲᠡᠪᠴᠢᠭᠰᠡᠨ ᠪᠤᠶᠤ ᠬᠤᠶᠢᠰᠢᠯᠠᠭᠤᠯᠤᠭᠰᠠᠨ | ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠳᠤ ᠠᠯᠪᠠᠨ ᠶᠠᠪᠤᠳᠠᠯ ᠤᠨ ᠬᠡᠷᠡᠭᠯᠡᠭᠡ᠂ ᠠᠯᠪᠠᠨ ᠬᠡᠷᠡᠭᠯᠡᠭᠡᠨ ᠤ ᠭᠡᠷ | ᠪᠠᠶᠢᠰᠢᠩ᠂ ᠵᠠᠷᠤᠳᠠᠯ ᠢ ᠲᠣᠬᠢᠷᠠᠭᠤᠯᠬᠤ ᠵᠡᠷᠭᠡ ᠲᠠᠯ᠎ᠠ ᠪᠠᠷ ᠴᠢᠬᠤᠯᠠ ᠪᠦᠬᠦᠢ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ | ᠂ ᠪᠦᠬᠦ ᠠᠶᠢᠮᠠᠭ ᠤᠨ ︽ᠵᠥᠷᠢᠯᠳᠦᠭᠡᠨ ᠦᠭᠡᠢ︾ ᠥᠷᠢᠲᠦᠭᠰᠡᠨ ᠵᠣᠭᠤᠰ ᠢ ᠰᠢᠢᠳᠪᠦᠷᠢᠯᠡᠬᠦ ᠶᠢ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠳᠤ ᠵᠣᠭᠤᠰ ᠥᠭᠬᠦ ᠶᠠᠪᠣᠴᠠ ᠳᠠᠬᠢ | ᠵᠠᠭᠠᠯᠳᠤᠯᠭ᠎ᠠ ᠶᠢ ᠭᠦᠢᠴᠡᠳᠬᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠳᠤᠮᠳᠠ ᠵᠢᠵᠢᠭ ᠠᠵᠤ | ᠠᠬᠤᠶᠢᠯᠠᠯ ᠤᠨ ᠳᠠᠩᠰᠠᠨ ᠤ ᠵᠣᠭᠤᠰ ᠢ ᠬᠤᠭᠤᠴᠠᠭ᠎ᠠ ᠥᠩᠭᠡᠷᠡᠲᠡᠯ᠎ᠡ ᠦᠭᠭᠦᠭᠡᠳᠦᠢ ᠪᠠᠶᠢᠳᠠᠯ ᠢ ᠢᠯᠡᠴᠢᠯᠡᠬᠦ ᠪᠠ | ᠢᠲᠡᠭᠡᠮᠵᠢ ᠳᠤ ᠬᠢᠨᠠᠯᠲᠠ ᠲᠠᠯᠪᠢᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠥᠷᠢᠲᠦᠵᠦ ᠪᠠᠶᠢᠭ᠎ᠠ ᠲᠠᠩᠰᠠᠨ | ᠵᠣᠭᠤᠰ ᠢ ᠢᠯᠭᠠᠷᠠᠭᠤᠯᠤᠨ ᠳᠢᠭᠯᠡᠬᠦ ᠶᠢ ᠬᠢᠨᠠᠨ ᠪᠤᠳᠤᠬᠤ᠂ ᠰᠢᠮᠳᠠᠭᠤᠯᠤᠨ ᠪᠠᠶᠢᠴᠠᠭᠠᠬᠤ᠂ ᠳᠣᠭᠤᠷᠢᠨ ᠪᠠᠶᠢᠴᠠᠭᠠᠬᠤ | ᠵᠡᠷᠭᠡ ᠲᠦᠷᠢᠮ ᠢ ᠪᠠᠶᠢᠩᠭᠤ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠡᠯᠡ ᠮᠥᠩᠭᠦ ᠶᠢ ᠬᠢᠨᠠᠠ ᠬᠠᠮᠢᠶᠠᠷᠬᠤ ᠶᠢ | ᠴᠢᠩᠳᠠᠯᠠᠵᠤ᠂ ᠰᠢᠨ᠎ᠡ ᠪᠠᠷ ᠥᠷᠢᠲᠦᠬᠦ ᠦᠵᠡᠭᠳᠡᠯ ᠭᠠᠷᠬᠤ ᠠᠴᠠ ᠵᠠᠶᠢᠯᠠᠰᠬᠢᠨ᠎ᠡ᠃ ︵ᠠᠶᠢᠮᠠᠭ ᠤᠨ ᠨᠠᠮ ᠤᠨ | ᠬᠤᠷᠢᠶ᠎ᠠ ᠶᠢᠨ ᠳᠣᠭᠤᠷᠢᠨ ᠪᠠᠶᠢᠴᠠᠭᠠᠬᠤ ᠠᠯᠪᠠᠨ ᠭᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠢᠨᠠᠨ | ᠪᠣᠳᠣᠬᠤ ᠲᠣᠪᠴᠢᠶ᠎ᠠ︶ | ᠠᠷᠪᠠ᠂ ᠰᠢᠨᠵᠢᠯᠡᠬᠦ ᠤᠬᠠᠭᠠᠨ ᠮᠡᠷᠭᠡᠵᠢᠯ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢᠨ ᠵᠠᠶᠢᠯᠠᠰᠢ ᠦᠭᠡᠢ | ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ | ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠳᠠᠬᠢ ᠵᠠᠷᠤᠯᠭ᠎ᠠ ᠶᠢᠨ ᠡᠵᠡᠯᠡᠬᠦ ᠬᠤᠪᠢ ᠶᠢᠨ | ᠵᠢᠩ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠨ ᠳᠠᠭᠠᠭᠠᠵᠤ | ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠦᠭᠵᠢᠬᠦᠯᠬᠦ ᠲᠤᠰᠬᠠᠶ ᠪᠡᠯᠡ ᠮᠥᠩᠭᠦ ᠶᠢ ᠴᠢᠷᠮᠠᠶᠢᠨ ᠣᠯᠵᠤ᠂ ᠪᠦᠬᠦ | ᠠᠶᠢᠮᠠᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠵᠢ ᠪᠦᠷᠢᠳᠦᠬᠦᠯᠦᠭᠰᠡᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠳᠤ | ᠣᠷᠣᠯᠠᠨ ᠪᠠᠷᠢᠮᠲᠠ ᠥᠭᠬᠦ ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠴᠢᠷᠮᠠᠶᠢᠨ ᠣᠯᠵᠤ᠂ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ | ᠦᠢᠯᠡᠰ ᠢ ᠬᠥᠭᠵᠢᠭᠦᠯᠬᠦ ᠶᠢ ᠳᠡᠮᠵᠢᠨ᠎ᠡ᠃ ᠶᠡᠷᠦᠩᠬᠡᠶ ᠬᠡᠯᠲᠡᠰ ᠤᠨ ᠠᠵᠤ ᠠᠬᠤᠶ ᠶᠢ ᠬᠥᠭᠵᠢᠭᠦᠯᠬᠦ ᠪᠤᠶᠤ ᠶᠡᠷᠦᠩᠬᠡᠶ | ᠬᠡᠯᠲᠡᠰ ᠤᠨ ᠪᠠᠶᠢᠭᠤᠯᠤᠮᠵᠢ ᠶᠢᠨ ᠱᠠᠭᠠᠷᠳᠠᠯᠭ᠎ᠠ ᠳᠤ ᠨᠡᠶᠢᠴᠡᠬᠦ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ | ᠠᠬᠤᠶᠢᠯᠠᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠶᠢ ᠠᠪᠴᠤ ᠳᠡᠮᠵᠢᠯᠭᠡ ᠦᠵᠡᠭᠦᠯᠤᠨ᠎ᠠ᠃ ︵ | ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ︶ | ᠠᠷᠪᠠᠨ ᠨᠢᠭᠡ᠂ ᠠᠶᠢᠮᠠᠭ ᠬᠤᠰᠢᠭᠤ ︵ᠣᠷᠣᠨ︶ ᠬᠤᠶᠠᠷ ᠱᠠᠲᠤᠨ ᠤ ᠠᠷᠠᠳ ᠠᠴᠠ ᠡᠵᠡᠩᠨᠡᠭᠰᠡᠨ | ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠯᠴᠠᠵᠤ ᠳᠡᠳᠡᠨ ᠳᠤ ᠦᠢᠯᠡᠴᠢᠯᠡᠬᠦ ᠨᠡᠷᠡᠰ ᠢ ᠲᠣᠭᠲᠠᠭᠠᠵᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠤᠳᠤᠷᠢᠳᠬᠤ ᠺᠠᠳ᠋ᠷ | ᠳᠠᠭᠠᠭᠠᠴᠢᠯᠠᠨ ᠬᠠᠷᠢᠯᠴᠠᠵᠦ ᠦᠢᠯᠡᠴᠢᠯᠡᠨ᠎ᠡ᠃ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠪᠠ | ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠰᠠᠶᠢᠰᠢᠶᠠᠨ | ᠬᠥᠬᠢᠭᠦᠯᠵᠦ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠪᠠ ᠳᠠᠭᠠᠭᠤᠯᠤᠭᠴᠢ ᠠᠵᠤ ᠠᠬᠤᠶᠢᠯᠠᠯ ᠤᠨ ᠬᠢᠷᠢ | ᠬᠡᠮ ᠢ ᠮᠠᠭᠠᠳᠯᠠᠨ ᠲᠣᠭᠲᠠᠭᠠᠬᠤ ᠪᠠ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠵᠡᠷᠭᠡ ᠲᠠᠯ᠎ᠠ ᠪᠠᠷ ᠬᠢ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠨᠥᠬᠦᠴᠡᠯ ᠳᠤ ᠨᠡᠶᠢᠴᠡᠬᠦ ᠠᠷᠠᠳ ᠠᠴᠠ ᠡᠵᠡᠩᠨᠡᠭᠰᠡᠨ ᠰᠢᠯᠢᠳᠡᠭ | ᠠᠵᠤ ᠠᠬᠤᠶᠢᠯᠠᠯᠲᠠᠨ ᠢ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠵᠢᠱᠢᠭᠳᠡᠭᠰᠡᠳ ᠪᠠ ᠣᠯᠠᠨ ᠲᠦᠮᠡᠨ ᠤ ᠪᠦᠯᠬᠦᠮ | ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠪᠰᠤᠷᠭᠠᠭᠰᠠᠨ ᠺᠠᠳ᠋ᠷ᠂ ᠵᠠᠰᠠᠭ ᠤᠨ ᠣᠷᠳᠣᠨ ᠤ ᠵᠥᠪᠯᠡᠭᠴᠢ ᠪᠠᠷ | ᠲᠠᠨᠢᠯᠴᠠᠭᠤᠯᠤᠨ᠎ᠠ᠃ ᠬᠥᠳᠡᠯᠮᠦᠷᠢ ᠶᠢᠨ ᠵᠢᠱᠢᠶᠡᠴᠢ᠂ ︽ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ︾᠂ | ︽ᠲᠠᠪᠤᠨ ᠰᠠᠷ᠎ᠠ ᠶᠢᠨ ᠳᠥᠷᠪᠡᠨ ᠤ ᠱᠠᠩᠨᠠᠯ︾᠂ ︽ᠭᠤᠷᠪᠠ ᠨᠠᠢᠮᠠ ᠶᠢᠨ ᠤᠯᠠᠭᠠᠨ ᠲᠤᠭᠴᠢ︾ ᠶᠢ | ᠰᠢᠯᠭᠠᠷᠠᠭᠤᠯᠬᠤ ᠳᠤ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠲᠠᠨ ᠢ ᠤᠷᠢᠳᠠᠪᠠᠷ ᠳᠠᠨᠢᠯᠴᠠᠭᠤᠯᠣᠨᠠ᠃ | ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠲᠠᠳ ᠢ ᠲᠣᠬᠤᠨᠢᠭᠤᠯᠬᠤ ᠠᠵᠢᠯᠯᠠᠭ᠎ᠠ ᠶᠢ ᠴᠠᠭ ᠳᠣᠬᠠᠢ | ᠳᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠦᠷᠨᠢᠬᠦᠯᠦᠨ᠎ᠡ᠃ ︵ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ | ᠠᠬᠤᠶ ᠶᠢ ᠬᠦᠭᠵᠢᠬᠦᠯᠬᠦ ᠪᠠ ᠦᠢᠯᠡᠴᠢᠯᠡᠬᠦ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ | ᠬᠤᠷᠢᠶ᠎ᠠ᠂ ᠠᠵᠢᠯᠴᠢᠨ ᠤ ᠡᠪᠯᠡᠯ︶ | ᠠᠷᠪᠠᠨ ᠬᠤᠶᠠᠷ᠂ ᠭᠠᠳᠠᠨ᠎ᠠ ᠣᠷᠣᠨ ᠤ ᠡᠷᠦᠬᠡ ᠠᠮᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ | ᠦᠷ᠎ᠡ ᠬᠡᠦᠬᠡᠳ ᠨᠢ ᠲᠤᠰ ᠭᠠᠵᠠᠷ ᠤᠨ ᠡᠷᠦᠬᠡ ᠠᠮᠠ ᠲᠠᠢ ᠰᠤᠷᠤᠭᠴᠢᠳ ᠲᠠᠢ ᠠᠳᠠᠯᠢ ᠬᠠᠷᠠᠭᠠᠯᠵᠠᠯ ᠬᠦᠷᠲᠡᠨ᠎ᠡ᠃ | ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠲᠠᠨ ᠤ ᠦᠷ᠎ᠡ ᠬᠡᠦᠬᠡᠳ ᠰᠤᠷᠤᠯᠴᠠᠬᠤ ᠪᠠᠷ ᠭᠤᠶᠤᠴᠢᠯᠠᠭᠰᠠᠨ | ᠪᠤᠶᠤ ᠮᠠᠨ ᠤ ᠠᠶᠢᠮᠠᠭ ᠤᠨ ᠠᠯᠪᠠᠨ ᠠᠴᠠ ᠡᠷᠬᠢᠯᠡᠭᠰᠡᠨ ᠪᠤᠶᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ᠂ | ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠵᠢᠬᠦ ᠪᠠᠷ ᠭᠤᠶᠣᠴᠢᠯᠠᠭᠰᠠᠨ ᠪᠣᠯ | ᠣᠶᠢᠷ᠎ᠠ ᠬᠠᠪᠢ ᠳᠤᠨᠢ ᠳᠥᠭᠦᠮ ᠪᠠᠶᠢᠬᠤ ᠶᠢ ᠬᠠᠷᠠᠭᠠᠯᠵᠠᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠶᠢᠭᠠᠳ | ᠰᠤᠷᠭᠠᠭᠤᠯᠢ ᠳᠤ ᠣᠷᠣᠭᠤᠯᠣᠨ᠎ᠠ᠃ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠳᠠᠨ ᠠᠶᠢᠮᠠᠭ ᠤᠨ | ᠳᠣᠲᠣᠷᠠᠬᠢ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠬᠦ ᠳᠤ ᠲᠤᠰᠬᠠᠶ ᠠᠵᠢᠯᠳᠠᠨ ᠬᠥᠲᠥᠯᠦᠨ | ᠵᠢᠯᠣᠭᠤᠳᠬᠤ ᠪᠠ ᠪᠥᠬᠦ ᠶᠠᠪᠤᠴᠠ ᠳᠤ ᠪᠠᠷ᠎ᠠ ᠪᠣᠯᠵᠣ ᠡᠮᠨᠡᠭᠦᠯᠬᠦ ᠵᠡᠷᠭᠡ ᠲᠥᠬᠦᠮ ᠬᠠᠷᠠᠭᠠᠯᠵᠠᠯ ᠪᠠ ᠦᠢᠯᠡᠴᠢᠯᠡᠭᠡ | ᠬᠦᠷᠳᠡᠵᠦ᠂ ᠠᠶᠢᠮᠠᠭ ᠤᠨ ᠭᠠᠳᠠᠨᠠᠬᠢ ᠬᠤᠷᠰᠢᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠨ ᠦᠵᠡᠭᠦᠯᠬᠦ ᠳᠤ | ᠰᠠᠭᠠᠳ ᠥᠬᠡᠶ ᠪᠠᠶᠢᠬᠤ ᠬᠠᠷᠠᠭᠠᠯᠵᠠᠯ ᠢ ᠭᠥᠷᠳᠡᠨ᠎ᠠ᠃ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯᠲᠠᠳ | ᠠᠶᠢᠮᠠᠭ ᠤᠨ ᠳᠣᠲᠣᠷᠠᠬᠢ ᠨᠢᠰᠬᠡᠯ ᠤᠨ ᠪᠠᠭᠤᠳᠠᠯ ᠳᠤ ᠬᠦᠨᠳᠦᠲᠦ ᠵᠣᠴᠢᠨ ᠤ ᠨᠡᠪᠲᠡᠷᠡᠬᠦ ᠵᠠᠮ ᠤᠨ ᠠᠮᠤᠷ | ᠲᠦᠪᠰᠢᠨ ᠤ ᠪᠠᠶᠢᠴᠠᠭᠠᠯᠲᠠ ᠶᠢ ᠦᠩᠭᠡᠷᠡᠬᠦᠯᠵᠦ ᠨᠢᠰᠬᠡᠯ ᠳᠤ ᠭᠠᠷᠬᠤ ᠪᠤᠶᠤ ᠬᠦᠷᠦᠭᠰᠡᠨ ᠤ ᠳᠠᠷᠠᠭ᠎ᠠ ᠨᠢᠰᠬᠡᠯ ᠤᠨ | ᠪᠠᠭᠤᠳᠠᠯ ᠠᠴᠠ ᠰᠢᠭᠤᠳ ᠭᠠᠷᠬᠤ ᠬᠠᠷᠠᠭᠠᠯᠵᠠᠯ ᠢ ᠬᠦᠷᠲᠡᠨ᠎ᠡ᠃ ᠬᠠᠮᠳᠣ ᠶᠠᠪᠣᠭᠰᠠᠳ ᠨᠢ ᠠᠳᠠᠯᠢᠬᠠᠨ ᠬᠠᠷᠠᠭᠠᠯᠵᠠᠯ | ᠬᠦᠷᠳᠡᠨ᠎ᠡ᠃ ︵ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢ ᠬᠦᠭᠵᠢᠬᠦᠯᠬᠦ ᠪᠠ ᠦᠢᠯᠡᠴᠢᠯᠡᠬᠦ | ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ︶ | ᠠᠷᠪᠠᠨ ᠭᠤᠷᠪᠠ᠂ ᠣᠯᠠᠨ ᠨᠡᠶᠢᠲᠡ ᠶᠢᠨ ᠰᠣᠶᠣᠯ᠂ ᠪᠡᠶ᠎ᠡ ᠶᠢᠨ ᠲᠠᠮᠢᠷ ᠤᠨ ᠣᠷᠳᠣᠨ ᠢ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠦᠨ᠎ᠡ ᠳᠦᠯᠦᠪᠦᠷᠢ ᠦᠭᠡᠶ ᠪᠠᠷ ᠨᠡᠭᠡᠭᠡᠬᠦ ᠶᠢ | ᠳᠡᠮᠵᠢᠨ᠎ᠡ᠃ ᠠᠶᠢᠮᠠᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠣᠶᠣᠯ᠂ ᠪᠡᠶ᠎ᠡ ᠶᠢᠨ | ᠲᠠᠮᠢᠷ ᠤᠨ ᠣᠷᠳᠣᠨ ᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠰᠦᠢᠳᠬᠡᠯ | ᠪᠠᠭ᠎ᠠ ᠬᠤᠷᠢᠶᠠᠵᠤ ᠨᠡᠭᠡᠭᠡᠬᠦ ᠶᠢ ᠳᠡᠮᠵᠢᠨ᠎ᠡ᠃ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠪᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠲᠠᠢ ᠢᠳᠡᠪᠬᠢᠳᠡᠢ ᠬᠠᠷᠢᠯᠴᠠᠵᠦ ᠨᠦᠬᠦᠷᠯᠡᠯ ᠤᠨ ᠠᠵᠢᠯᠯᠠᠭ᠎ᠠ ᠦᠷᠨᠢᠬᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠯᠠᠭᠤ ᠠᠵᠢᠯᠳᠠᠳ ᠢ ᠬᠠᠪᠰᠤᠷᠤᠨ ᠨᠦᠬᠦᠷᠰᠡᠭ ᠲᠠᠪᠴᠠᠩ | ᠪᠠᠶᠢᠭᠤᠯᠵᠦ ᠦᠭᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠢᠭᠠᠨ ᠵᠢᠯᠣᠭᠤᠳᠴᠤ ᠪᠠᠶᠢᠭᠠᠳ | ᠬᠠᠮᠳᠣ ᠶᠢᠨ ᠠᠮᠠᠷᠠᠬᠤ ᠡᠳᠦᠷ᠂ ᠰᠢᠨ᠎ᠡ ᠣᠷᠣᠭᠯᠠᠭᠰᠠᠨ ᠳᠤ ᠨᠦᠬᠦᠪᠦᠷᠢ ᠦᠭᠭᠦ᠂ ᠭᠡᠷ ᠡᠷᠦᠬᠡ ᠲᠥᠪᠬᠢᠨᠡᠭᠦᠯᠬᠦ | ᠵᠠᠷᠤᠳᠠᠯ᠂ ᠰᠢᠨ᠎ᠡ ᠣᠷᠣᠭᠯᠠᠭᠰᠠᠳ ᠲᠤ ᠳᠦᠷ ᠴᠠᠭ ᠤᠨ ᠭᠡᠷ ᠪᠠᠶᠢᠰᠢᠩ ᠬᠠᠩᠭᠠᠬᠤ ᠵᠡᠷᠭᠡ ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠯᠠᠭᠤ ᠠᠵᠢᠯᠲᠠᠨ | ᠠᠵᠢᠯᠴᠢᠨ ᠤ ᠤᠷᠤᠭᠯᠠᠬᠤ ᠠᠰᠠᠭᠤᠳᠠᠯ ᠢ ᠰᠢᠢᠳᠪᠦᠷᠢᠯᠡᠨ᠎ᠡ᠃ ︵ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ | ᠠᠬᠤᠶ ᠶᠢ ᠬᠦᠭᠵᠢᠬᠦᠯᠬᠦ ᠪᠠ ᠦᠢᠯᠡᠴᠢᠯᠡᠬᠦ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ︶ | ᠠᠷᠪᠠᠨ ᠳᠥᠷᠪᠡ᠂ ᠨᠥᠬᠦᠴᠡᠯ ᠳᠤ ᠨᠡᠶᠢᠴᠡᠬᠦ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠲᠣᠭᠲᠠᠭᠠᠯ ᠶᠣᠰᠣᠭᠠᠷ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠯ ᠤᠨ ᠨᠥᠬᠦᠪᠥᠷᠢ ᠣᠯᠭᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠵᠠᠰᠠᠭ ᠤᠨ ᠣᠷᠳᠣᠨ ᠤ ᠴᠢᠳᠠᠪᠤᠷᠢᠲᠠᠨ | ᠣᠷᠣᠭᠤᠯᠤᠨ ᠠᠪᠴᠢᠷᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠯᠡᠬᠦ ᠬᠡᠪᠴᠢᠶᠡᠨ ᠳᠤ ᠣᠷᠣᠭᠤᠯᠵᠤ | ᠂ ᠰᠢᠨᠵᠢᠯᠡᠬᠦ ᠤᠬᠠᠭᠠᠨ ᠤ ᠰᠤᠳᠤᠯᠭᠠᠨ ᠢ ᠳᠡᠮᠵᠢᠬᠦ᠂ ᠬᠠᠷᠠᠭᠠᠯᠵᠠᠯ ᠢ ᠪᠠᠳᠣᠯᠠᠬᠤ᠂ ᠴᠢᠳᠠᠪᠤᠷᠢᠲᠠᠨ ᠤ ᠰᠢᠯᠵᠢᠯᠲᠡ | ᠵᠡᠷᠭᠡ ᠲᠠᠯ᠎ᠠ ᠪᠠᠷ ᠠᠳᠠᠯᠢ ᠬᠠᠷᠠᠭᠠᠯᠵᠠᠯ ᠬᠦᠷᠳᠡᠭᠡᠨ᠎ᠡ᠃ ᠠᠵᠤ ᠠᠬᠤᠶᠢᠯᠠᠯ ᠤᠨ ᠭᠠᠳᠠᠨ᠎ᠠ ᠠᠴᠠ ᠠᠵᠢᠯ ᠠᠴᠠ ᠪᠠᠨ | ᠠᠮᠠᠷᠠᠭᠰᠠᠨ ᠲᠤᠰᠬᠠᠶ ᠮᠡᠷᠭᠡᠵᠢᠯᠲᠡᠨ ᠢ ᠤᠷᠢᠵᠤ ᠪᠠᠴᠢᠮ ᠬᠡᠷᠡᠭᠰᠡᠬᠦ ᠠᠵᠤ ᠦᠢᠯᠡᠰ ᠤᠨ ᠰᠡᠳᠦᠪ ᠤᠨ ᠰᠣᠳᠣᠯᠭᠠᠨ | ᠥᠷᠨᠢᠭᠦᠯᠬᠦ ᠶᠢ ᠳᠡᠮᠵᠢᠨ᠎ᠠ᠃ ᠠᠷᠠᠳ ᠠᠴᠠ ᠡᠵᠡᠩᠨᠡᠭᠰᠡᠨ ᠰᠢᠯᠢᠳᠡᠭ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠮᠡᠷᠭᠡᠵᠢᠯ ᠤᠨ ᠴᠣᠯᠠ ᠶᠢ ᠱᠠᠳᠤ ᠳᠠᠷᠠᠭᠠᠯᠠᠨ ᠭᠤᠶᠤᠴᠢᠯᠠᠨ ᠮᠡᠳᠡᠭᠦᠯᠬᠦ᠂ ᠥᠭᠦᠯᠡᠯ ᠵᠡᠷᠭᠡ ᠳᠤ | ᠬᠢᠵᠠᠭᠠᠷᠯᠠᠭᠳᠠᠬᠤ ᠦᠭᠡᠢ᠂ ᠳᠤᠮᠳᠠ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠰᠢᠭᠤᠳ ᠭᠤᠶᠤᠴᠢᠯᠠᠨ | ᠮᠡᠳᠡᠭᠦᠯᠵᠦ ᠪᠣᠯᠣᠨ᠎ᠠ᠃ ᠮᠡᠷᠭᠡᠵᠢᠯ ᠤᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠬᠡᠪᠴᠢᠶ᠎ᠡ ᠠᠴᠠ ᠳᠡᠭᠡᠭᠰᠢᠬᠢ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤᠰᠠᠭᠠᠷ ᠪᠤᠶᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠺᠣᠮᠢᠰ ᠢ | ᠬᠠᠮᠲᠤᠷᠠᠨ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ | ᠦᠷᠨᠢᠭᠦᠯᠬᠦ ᠶᠢ ᠵᠥᠪᠰᠢᠶᠡᠷᠡᠨ᠎ᠡ᠃ ︵ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ︶ | ᠠᠷᠪᠠᠨ ᠲᠠᠪᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠭᠰᠡᠨ ᠪᠠᠶᠢᠳᠠᠯ ᠢ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠰᠢᠯᠭᠠᠨ ᠬᠢᠨᠠᠬᠤ ᠴᠢᠬᠤᠯᠠ ᠠᠭᠤᠯᠭ᠎ᠠ | ᠪᠣᠯᠭᠠᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ | ᠣᠷᠣᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠠᠶᠢᠮᠠᠭ ᠤᠨ | ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠵᠣᠬᠢᠴᠠᠭᠤᠯᠬᠤ ᠲᠠᠪᠴᠠᠩ ᠳᠤ ᠳᠡᠪᠰᠢᠬᠦᠯᠦᠨ ᠰᠢᠢᠳᠪᠦᠷᠢᠯᠡᠬᠦ ᠶᠢ | ᠠᠬᠢᠭᠤᠯᠤᠨ᠎ᠠ᠃ ︵ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨᠵᠠᠰᠠᠭ ᠤᠨ ᠶᠠᠪᠣᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠣᠯᠳᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ |